ᠣᠶᠢᠷ᠎ᠠ ᠳᠤ ᠂ 2024 ᠣᠨ ᠤ ᠬᠠᠲᠤᠨ ᠭᠤᠣᠯ ᠤᠨ ᠵᠡᠭᠦᠨᠭᠠᠷ ᠬᠤᠰᠢᠭᠤᠨ ᠤ ᠬᠡᠰᠡᠭ ᠤᠨ ᠵᠢᠭᠠᠰᠤᠨ ᠠᠵᠤ ᠠᠬᠤᠢ ᠶᠢᠨ ᠡᠬᠢ ᠪᠠᠶᠠᠯᠢᠭ ᠢ ᠦᠷᠡᠵᠢᠭᠦᠯᠦᠨ | ᠠᠮᠢ ᠦᠯᠤ ᠬᠤᠷᠤᠭᠠᠬᠤ ᠠᠵᠢᠯᠯᠠᠭ᠎ᠠ ᠵᠡᠭᠦᠨᠭᠠᠷ ᠬᠤᠰᠢᠭᠤᠨ ᠤ ᠳ᠋ᠠ ᠯᠦ ᠪᠠᠯᠭᠠᠰᠤᠨ ᠤ ᠰᠢᠶᠣᠣ ᠲᠠᠨ ᠽᠢ ᠲᠣᠰᠬᠤᠨ ᠳᠤ ᠶᠠᠪᠤᠭᠳᠠᠪᠠ ᠃ ᠲᠣᠰ ᠤᠳᠠᠭᠠᠨ ᠤ ᠠᠮᠢ | ᠦᠯᠤ ᠬᠤᠷᠤᠭᠠᠬᠤ ᠠᠵᠢᠯᠯᠠᠭ᠎ᠠ ᠳᠤ ᠠᠯᠠᠭᠠᠨ᠎ᠠ ᠰᠣᠭᠤᠰᠤ ᠂ ᠳᠠᠬᠤ ᠵᠢᠭᠠᠰᠤ ᠂ ᠬᠠᠲᠤᠨ ᠭᠤᠣᠯ ᠤᠨ ᠮᠥᠷᠭᠦ ᠵᠢᠭᠠᠰᠤ ᠵᠡᠷᠭᠡ ᠶᠢᠨ ᠵᠢᠷᠠᠭᠠᠬᠠᠢ ᠶᠢ ᠨᠡᠶᠢᠲᠡ 1224 | ᠺᠢᠯᠣᠭ᠍ᠷᠠᠮ ᠲᠠᠯᠪᠢᠵᠤ ᠂ ᠪᠠᠷᠤᠭ 281.5 ᠲᠦᠮᠡᠨ ᠵᠢᠷᠠᠭᠠᠬᠠᠢ ᠪᠠᠶᠢᠵᠤ ᠂ ᠡᠭᠦᠨ ᠳᠤ ᠠᠯᠠᠭᠠᠨ᠎ᠠ ᠰᠣᠭᠤᠰᠤ 100 ᠲᠦᠮᠡᠨ ᠵᠢᠷᠠᠭᠠᠬᠠᠢ ᠂ ᠳᠠᠬᠤ ᠵᠢᠭᠠᠰᠤᠨ ᠤ | ᠲᠥᠷᠥᠯ 155 ᠲᠦᠮᠡᠨ ᠵᠢᠷᠠᠭᠠᠬᠠᠢ ᠂ ᠬᠠᠲᠤᠨ ᠭᠤᠣᠯ ᠤᠨ ᠮᠥᠷᠭᠦ ᠵᠢᠭᠠᠰᠤᠨ ᠤ ᠲᠥᠷᠥᠯ 26.5 ᠲᠦᠮᠡᠨ ᠵᠢᠷᠠᠭᠠᠬᠠᠢ ᠪᠤᠢ ᠃ | | | ᠵᠢᠷᠤᠭ ᠄ ᠲᠤᠬᠠᠢ ᠶᠢᠨ ᠲᠠᠯᠠᠪᠠᠶ ᠶᠢᠨ ᠣᠯᠠᠨ ᠲᠦᠮᠡᠨ ᠵᠢᠷᠠᠭᠠᠬᠠᠢ ᠶᠢ ᠠᠪᠴᠤ ᠭᠤᠤᠯ ᠤᠨ ᠤᠰᠤᠨ ᠳᠤ ᠲᠠᠯᠪᠢᠵᠤ ᠪᠠᠶᠢᠭ᠎ᠠ ᠨᠢ ᠃ ᠵᠠᠩ ᠰᠢᠶᠠᠨ ᠯᠢ | ᠰᠡᠭᠦᠳᠡᠷᠯᠡᠪᠡ | | ᠠᠵᠢᠯᠯᠠᠭ᠎ᠠ ᠶᠢᠨ ᠠᠬᠤᠢ ᠲᠠᠯᠠᠪᠠᠢ ᠳᠤ ᠂ ᠬᠤᠶᠠᠷ ᠱᠤᠩᠬᠤᠯ ᠣᠩᠭᠤᠴᠠ ᠮᠣᠷᠳᠠᠬᠤ ᠪᠠᠷ ᠪᠡᠯᠡᠬᠡᠨ ᠪᠠᠶᠢᠵᠤ ᠂ ᠵᠢᠷᠠᠭᠠᠬᠠᠢ ᠶᠢ ᠳᠦᠭᠦᠷᠡᠩ ᠳᠡᠭᠡᠭᠡᠪᠤᠷᠢᠯᠡᠭᠰᠡᠨ | ᠬᠤᠶᠠᠷ ᠲᠣᠮᠣ ᠬᠡᠯᠪᠡᠷᠢ ᠶᠢᠨ ᠠᠴᠢᠶᠠᠨ ᠤ ᠮᠠᠰᠢᠨ ᠲᠡᠷᠭᠡ ᠵᠡᠷᠭᠡᠴᠡᠨ ᠵᠢᠭᠰᠠᠵᠤ ᠂ ᠨᠢᠭᠡ ᠨᠢᠭᠡ ᠬᠠᠶᠢᠷᠴᠠᠭ ᠵᠢᠷᠠᠭᠠᠬᠠᠢ ᠶᠢ ᠲᠡᠷᠢ ᠲᠡᠭᠰᠢ ᠲᠠᠯᠪᠢᠨ ᠂ ᠲᠤᠬᠠᠢ ᠶᠢᠨ | ᠲᠠᠯᠠᠪᠠᠢ ᠳᠤ ᠠᠮᠢ ᠦᠯᠤ ᠬᠤᠷᠤᠭᠠᠬᠤ ᠠᠵᠢᠯᠯᠠᠭ᠎ᠠ ᠳᠤ ᠣᠷᠣᠯᠴᠠᠭᠰᠠᠨ ᠤᠯᠠᠨ ᠲᠦᠮᠡᠨ ᠬᠦᠴᠦ ᠪᠠᠨ ᠬᠠᠮᠲᠤᠳᠬᠠᠵᠤ ᠂ ᠨᠢᠭᠡ ᠨᠢᠭᠡ ᠤᠭᠤᠲᠠ ᠵᠢᠷᠠᠭᠠᠬᠠᠢ | ᠶᠢ︽ᠭᠤᠯᠭᠤᠭᠤᠷ ᠱᠠᠲᠤ︾ ᠪᠠᠷ ᠬᠠᠳᠤᠨ ᠭᠤᠣᠯ ᠳᠤ ᠳᠠᠯᠪᠢᠨ ᠣᠷᠣᠭᠤᠯᠵᠤ ᠂ ᠪᠤᠳᠠ ᠪᠤᠳᠠ ᠤᠰᠤᠨ ᠴᠡᠴᠡᠭ ᠤᠳ ᠦᠰᠦᠷᠴᠦ ᠂ ᠵᠢᠭᠠᠰᠤ ᠭᠤᠣᠯ ᠤᠨ ᠤᠰᠤᠨ ᠳᠤ | ᠴᠢᠯᠦᠭᠡᠳᠡᠢ ᠨᠠᠭᠠᠳᠤᠨ ᠂ ︽ᠵᠢᠭᠠᠰᠤ ᠤᠰᠤ ᠬᠠᠷᠢᠯᠴᠠᠨ ᠳᠣᠲᠣᠨᠣᠴᠢᠯᠠᠭᠰᠠᠨ︾ᠭᠤᠶᠤ ᠰᠠᠶᠢᠬᠠᠨ ᠵᠢᠷᠤᠭ ᠢ ᠵᠢᠷᠤᠬᠯᠠᠨ᠎ᠠ᠃ | | ︽ ᠪᠢ ᠵᠢᠯ ᠪᠤᠯᠭᠠᠨ ᠢᠷᠡᠵᠦ ᠠᠮᠢ ᠦᠯᠤ ᠬᠤᠷᠤᠭᠠᠬᠤ ᠠᠵᠢᠯᠯᠠᠭ᠎ᠠ ᠳᠤ ᠣᠷᠣᠯᠴᠠᠳᠠᠭ ᠂ ᠬᠠᠲᠤᠨ ᠭᠤᠣᠯ ᠳᠤ ᠵᠢᠷᠠᠭᠠᠬᠠᠢ ᠲᠠᠯᠪᠢᠬᠤ ᠨᠢ ᠡᠵᠢ ᠭᠤᠣᠯ ᠤᠨ | ᠠᠮᠢ ᠠᠬᠤᠢ ᠶᠢᠨ ᠬᠠᠮᠠᠭᠠᠯᠠᠯᠲᠠ ᠳᠤ ᠮᠠᠰᠢ ᠶᠡᠭᠡ ᠠᠴᠢ ᠬᠤᠯᠪᠣᠭᠳᠠᠯ ᠲᠠᠢ ᠶᠤᠮ ︾ ᠭᠡᠵᠦ ᠠᠮᠢ ᠦᠯᠤ ᠬᠤᠷᠤᠭᠠᠬᠤ ᠠᠵᠢᠯᠯᠠᠭ᠎ᠠ ᠳᠤ ᠣᠷᠣᠯᠴᠠᠭᠰᠠᠨ ᠭᠤᠤ ᠵᠢᠶᠠ | ᠴᠢ ᠶᠠᠷᠢᠨ᠎ᠠ᠃ | ︽ ᠠᠷᠪᠠᠨ ᠬᠡᠳᠦᠨ ᠵᠢᠯ ᠤᠨ ᠲᠤᠷᠰᠢ ᠂ ᠪᠢᠳᠡ ᠵᠢᠯ ᠪᠦᠷᠢ ᠦᠷᠡᠵᠢᠭᠦᠯᠦᠨ ᠠᠮᠢ ᠦᠯᠤ ᠬᠤᠷᠤᠭᠠᠬᠤ ᠠᠵᠢᠯᠯᠠᠭ᠎ᠠ ᠥᠷᠨᠢᠭᠦᠯᠵᠦ ᠂ ᠦᠷᠡᠵᠢᠭᠦᠯᠦᠨ ᠠᠮᠢ ᠦᠯᠤ | ᠬᠤᠷᠤᠭᠠᠬᠤ ᠪᠠᠷ ᠳᠡᠮᠵᠢᠨ ᠬᠠᠲᠤᠨ ᠭᠤᠣᠯ ᠤᠨ ᠵᠢᠭᠠᠰᠤᠨ ᠠᠵᠤ ᠠᠬᠤᠢ ᠶᠢᠨ ᠡᠬᠢ ᠪᠠᠶᠠᠯᠢᠭ ᠢ ᠪᠦᠲᠦᠮᠵᠢᠲᠡᠶ ᠪᠠᠷ ᠰᠡᠷᠭᠦᠭᠡᠵᠦ ᠴᠢᠳᠠᠭᠰᠠᠨ ᠪᠥᠭᠡᠳ ᠡᠶᠢᠮᠦᠷᠬᠦ | ᠠᠵᠢᠯᠯᠠᠭ᠎ᠠ ᠪᠠᠷ ᠳᠡᠮᠵᠢᠨ ᠂ ᠣᠯᠠᠨ ᠢᠶᠠᠷ ᠢᠶᠠᠨ ᠡᠵᠢ ᠭᠤᠣᠯ ᠢᠶᠠᠨ ᠬᠠᠮᠲᠤ ᠪᠠᠷ ᠬᠠᠮᠠᠭᠠᠯᠠᠵᠤ ᠂ ᠲᠡᠭᠦᠨ ᠤ ᠭᠤᠶᠣ ᠰᠠᠶᠢᠬᠠᠨ ᠦᠵᠡᠮᠵᠢ ᠶᠢ ᠬᠠᠮᠠᠭᠠᠯᠠᠬᠤ ᠶᠢ ᠬᠦᠰᠡᠵᠦ | ᠪᠠᠶᠢᠨ᠎ᠠ ︾ ᠭᠡᠵᠦ ᠵᠡᠭᠦᠨᠭᠠᠷ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠤᠰᠤᠨ ᠭᠠᠷᠤᠯᠲᠠ ᠶᠢᠨ | ᠮᠡᠷᠭᠡᠵᠢᠯ ᠤᠨ ᠲᠠᠰᠤᠭ ᠤᠨ ᠡᠷᠬᠢᠯᠡᠭᠴᠢ ᠯᠢ ᠭᠠᠩ ᠶᠠᠷᠢᠨ᠎ᠠ᠃ | | | ᠣᠶᠢᠷ᠎ᠠ ᠶᠢᠨ ᠵᠢᠯ ᠤᠳ ᠲᠤ ᠂ ᠵᠡᠭᠦᠨᠭᠠᠷ ᠬᠤᠰᠢᠭᠤ ᠵᠢᠭᠠᠰᠤᠨ ᠠᠵᠤ ᠠᠬᠤᠢ ᠶᠢᠨ ᠡᠬᠢ ᠪᠠᠶᠠᠯᠢᠭ ᠢ ᠰᠡᠷᠭᠦᠭᠡᠬᠦ ᠪᠠ ᠠᠮᠢ ᠠᠬᠤᠢ ᠣᠷᠴᠢᠨ ᠲᠣᠭᠤᠷᠢᠨ ᠢ | ᠬᠠᠮᠠᠭᠠᠯᠠᠬᠤ ᠠᠯᠢ ᠣᠯᠠᠨ ᠠᠷᠭ᠎ᠠ ᠬᠡᠮᠵᠢᠶ᠎ᠡ ᠠᠪᠴᠤ ᠂ ᠵᠢᠭᠠᠰᠤᠨ ᠤ ᠲᠥᠷᠥᠯ ᠤᠨ ᠣᠷᠣᠰᠢᠨ ᠠᠮᠢᠳᠤᠷᠠᠬᠤ ᠣᠷᠣᠨ ᠵᠠᠢ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ ᠂ | ᠵᠢᠭᠠᠰᠤᠨ ᠤ ᠲᠥᠷᠥᠯ ᠤᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠵᠤ ᠴᠢᠳᠠᠬᠰᠠᠨ ᠢᠶᠠᠷ ᠂ ᠪᠥᠬᠦ ᠬᠤᠰᠢᠭᠤᠨ ᠤ ᠵᠢᠭᠠᠰᠤᠨ ᠠᠵᠤ ᠠᠬᠤᠢ ᠶᠢᠨ | ᠡᠬᠢ ᠪᠠᠶᠠᠯᠢᠭ ᠢ ᠬᠠᠮᠠᠭᠠᠯᠠᠬᠤ ᠠᠵᠢᠯ ᠳᠤ ᠦᠷᠭᠦᠯᠵᠢᠯᠡᠨ ᠡᠷᠡᠭᠦᠯ ᠢᠶᠠᠷ ᠬᠥᠭᠵᠢᠬᠦ ᠪᠠᠶᠢᠳᠠᠯ ᠢᠯᠡᠷᠡᠵᠡᠢ ᠃ ᠤᠳᠤᠬᠠᠨ ᠪᠣᠯᠲᠠᠯ᠎ᠠ ᠂ ᠬᠠᠲᠤᠨ ᠭᠤᠣᠯ ᠤᠨ ᠣᠷᠳᠣᠰ ᠤᠨ | ᠬᠡᠰᠡᠭ ᠤᠨ ᠬᠠᠲᠤᠨ ᠭᠤᠣᠯ ᠤᠨ ᠴᠤᠯᠪᠤᠷᠲᠤ ᠤᠯᠤᠰ ᠤᠨ ᠲᠠᠰ ᠤᠨ ᠤᠰᠤᠨ ᠭᠠᠷᠤᠯᠲᠠ ᠶᠢᠨ ᠡᠭᠦᠯᠳᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢᠨ ᠣᠷᠣᠨ ᠤ | ᠶᠡᠷᠦᠩᠬᠡᠢ ᠲᠠᠯᠠᠪᠠᠶ ᠨᠢ 31466 ᠾᠧᠺᠲ᠋ᠠᠷ ᠲᠤ ᠬᠦᠷᠴᠡᠢ ᠃ ᠵᠡᠭᠦᠨᠭᠠᠷ ᠬᠤᠰᠢᠭᠤᠨ ᠤ ᠬᠢᠨ ᠬᠥᠬᠡᠮᠳᠦᠭ ᠨᠣᠭᠤᠭᠠᠨ ᠠᠭᠤᠯᠠ ᠤᠰᠤᠨ ᠤ ᠰᠠᠬᠢᠨ ᠬᠠᠮᠠᠭᠠᠯᠠᠭᠴᠢ | ᠪᠠ ᠬᠠᠮᠠᠭᠠᠯᠠᠭᠴᠢ ᠪᠣᠯᠵᠤ ᠂ ᠵᠢᠭᠠᠰᠤᠨ ᠠᠵᠤ ᠠᠬᠤᠢ ᠶᠢᠨ ᠡᠬᠢ ᠪᠠᠶᠠᠯᠢᠭ ᠢ ᠠᠷᠠᠴᠢᠯᠠᠨ ᠬᠠᠮᠠᠭᠠᠯᠠᠬᠤ ᠠᠵᠢᠯ ᠤᠨ ᠰᠢᠨ᠎ᠡ ᠳᠡᠭᠲᠡᠷ ᠲᠤ ᠭᠠᠷᠬᠤ ᠳᠤ ᠬᠦᠴᠦ | ᠨᠡᠮᠡᠷᠢᠯᠡᠵᠦ ᠂ ᠵᠢᠭᠠᠰᠤᠨ ᠠᠵᠤ ᠠᠬᠤᠢ ᠶᠢᠨ ᠰᠢᠨ᠎ᠡ ᠳᠠᠪᠠᠯᠲᠠ ᠶᠢ ᠪᠡᠶᠡᠯᠡᠭᠦᠯᠦᠨ᠎ᠡ᠃ | ᠦᠷᠡᠵᠢᠭᠦᠯᠦᠨ ᠠᠮᠢ ᠦᠯᠤ ᠬᠤᠷᠤᠭᠠᠬᠤ ᠠᠵᠢᠯᠯᠠᠭ᠎ᠠ ᠳᠠᠭᠤᠰᠤᠭᠰᠠᠨ ᠤ ᠳᠠᠷᠠᠭ᠎ᠠ ᠂ ᠬᠤᠯᠪᠣᠭᠳᠠᠯ ᠪᠦᠬᠦᠢ ᠬᠥᠮᠥᠰ ᠪᠠᠰᠠ ᠱᠤᠩᠬᠤᠯ ᠣᠩᠭᠤᠴᠠᠨ ᠳᠤ | ᠰᠠᠭᠤᠵᠤ ᠲᠣᠭᠤᠷᠢᠨ ᠬᠠᠮᠠᠭᠠᠯᠠᠵᠤ ᠲᠣᠭᠤᠷᠢᠨ ᠪᠠᠶᠢᠴᠠᠭᠠᠬᠤ ᠠᠵᠢᠯ ᠥᠷᠨᠢᠭᠦᠯᠪᠡ ᠃ | | | | |