| ᠲᠦᠷᠦᠭᠦᠬᠡᠨ ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ︾ ︵ ᠳᠣᠷᠣᠭᠰᠢ ︽ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ︾ ᠭᠡᠵᠦ | ᠳᠥᠭᠦᠮᠴᠢᠯᠡᠨ᠎ᠡ ︶ ᠢ ᠳᠠᠷᠤᠮᠠᠯᠯᠠᠨ ᠲᠠᠷᠬᠠᠭᠠᠪᠠ ᠃ | ︽ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠂ ᠵᠥᠪ ᠣᠨᠣᠪᠴᠢᠲᠠᠢ ᠂ ᠪᠦᠭᠦ ᠲᠠᠯ᠎ᠠ ᠪᠠᠷ ᠲᠤᠭᠤᠰᠢᠯᠠᠭᠤᠯᠵᠤ ᠂ ᠴᠢᠨᠠᠷ | ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ ᠂ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ︽ ᠴᠤᠭᠯᠠᠭᠤᠯᠬᠤ ᠣᠷᠣᠭᠤᠯᠬᠤ ᠬᠠᠮᠢᠶᠠᠷᠬᠤ ᠪᠤᠴᠠᠭᠠᠬᠤ ︾ | ᠪᠦᠭᠦ ᠬᠡᠯᠬᠢᠶ᠎ᠡ ᠶᠢᠨ ᠲᠣᠭᠤᠷᠢᠨ ᠳᠤ ᠂ ᠲᠦᠷᠦ ᠶᠢᠨ ᠪᠣᠳᠣᠯᠭ᠎ᠠ ᠶᠢᠨ ᠣᠷᠴᠢᠨ ᠨᠥᠬᠦᠴᠡᠯ ᠪᠣᠯᠣᠨ ᠬᠠᠮᠢᠶᠠᠷᠤᠯᠲᠠ ᠶᠢᠨ ᠳᠦᠷᠢᠮ ᠢ ᠤᠯᠠᠮ ᠲᠡᠭᠦᠯᠳᠡᠷᠵᠢᠭᠦᠯᠵᠦ ᠂ | ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠪᠤᠵᠠᠭᠠᠶᠢᠷᠠᠨ ᠬᠦᠴᠦᠷᠬᠡᠭᠵᠢᠬᠦ ᠶᠢ ᠢᠳᠡᠪᠬᠢᠲᠡᠢ ᠳᠡᠮᠵᠢᠵᠦ ᠂ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ ᠂ ᠵᠠᠬ᠎ᠠ ᠳᠡᠯᠭᠡᠭᠦᠷᠴᠢᠯᠡᠭᠰᠡᠨ | ᠬᠠᠤᠯᠢᠵᠢᠭᠰᠠᠨ ᠵᠠᠷᠴᠢᠮ ᠶᠣᠰᠣᠭᠠᠷ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠲᠣᠭᠲᠠᠭᠤᠨ ᠪᠠᠶᠢᠬᠤ ᠶᠢ ᠬᠥᠲᠥᠯᠥᠨ ᠵᠢᠯᠤᠭᠤᠳᠬᠤ ᠪᠠ ᠭᠤᠣᠯᠳᠠᠯᠭ᠎ᠠ ᠲᠠᠢ | ᠬᠦᠷᠢᠶᠡᠨ ᠳᠠᠬᠢ ᠣᠷᠣᠭᠤᠯᠤᠯᠲᠠ ᠶᠢ ᠨᠡᠮᠡᠭᠳᠡᠭᠦᠯᠵᠦ ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ ᠂ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠭᠡᠯᠪᠡᠷᠢ ᠶᠢᠨ ᠠᠵᠤ ᠠᠬᠤᠶᠢᠯᠠᠯ ᠤᠨ ᠪᠤᠶᠢᠵᠢᠯᠲᠠ ᠶᠢ ᠠᠬᠢᠭᠤᠯᠵᠤ ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ | ᠬᠦᠴᠦᠨ ᠢ ᠪᠤᠶᠢᠵᠢᠭᠤᠯᠤᠨ ᠬᠥᠭᠵᠢᠭᠦᠯᠬᠦ ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ | ᠪᠡᠶᠡᠯᠡᠭᠦᠯᠬᠦ ᠂ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠰᠢᠨ᠎ᠡ ᠳᠠᠪᠠᠭᠤᠯᠢᠭ ᠢ ᠪᠤᠢ ᠪᠤᠯᠭᠠᠬᠤ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ ᠃ | ︽ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ︾ ᠳᠤ 5 ᠲᠠᠯ᠎ᠠ ᠶᠢᠨ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ ᠃ ᠨᠢᠭᠡ ᠳᠤ ᠂ ᠣᠯᠠᠨ | ᠡᠰᠢᠵᠢᠭᠰᠡᠨ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠭᠤᠣᠯ ᠴᠣᠭᠴᠠ ᠶᠢ ᠪᠤᠶᠢᠵᠢᠭᠤᠯᠤᠨ᠎ᠠ ᠃ ᠴᠢᠨᠠᠷ ᠰᠠᠶᠢᠲᠠᠢ ᠦᠢᠯᠡᠰ ᠪᠣᠰᠬᠠᠬᠤ ᠪᠡᠯᠡ | ᠣᠷᠣᠭᠤᠯᠤᠯᠲᠠ ᠶᠢᠨ ᠪᠠᠶᠢᠭᠤᠯᠤᠮᠵᠢ ᠶᠢ ᠲᠦᠷᠭᠡᠳᠬᠡᠨ ᠪᠤᠶᠢᠵᠢᠭᠤᠯᠵᠤ ᠂ ᠲᠤᠰᠬᠠᠢ ᠮᠡᠷᠭᠡᠵᠢᠯ ᠤᠨ ᠴᠢᠨᠠᠷᠲᠠᠢ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ | ᠪᠠᠶᠢᠭᠤᠯᠤᠮᠵᠢ ᠶᠢᠨ ᠬᠥᠭᠵᠢᠯᠲᠡ ᠶᠢ ᠳᠡᠮᠵᠢᠵᠦ ᠂ ᠵᠠᠰᠠᠭ ᠤᠨ ᠣᠷᠳᠣᠨ ᠠᠴᠠ ᠪᠡᠯᠡ ᠭᠠᠷᠭᠠᠭᠰᠠᠨ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠰᠠᠭᠤᠷᠢ | ᠮᠥᠩᠭᠦ ᠶᠢᠨ ᠦᠢᠯᠡᠳᠦᠯ ᠢ ᠪᠠᠳᠠᠷᠠᠭᠤᠯᠤᠨ ᠂ ᠤᠯᠤᠰ ᠤᠨ ᠡᠳ᠋ ᠬᠥᠷᠥᠩᠭᠡ ᠶᠢᠨ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠳᠦᠷᠢᠮ ᠢ | ᠨᠠᠶᠢᠳᠠᠪᠤᠷᠢᠵᠢᠭᠤᠯᠤᠨ ᠲᠡᠭᠦᠯᠳᠡᠷᠵᠢᠭᠦᠯᠦᠨ᠎ᠡ ᠃ ᠬᠤᠶᠠᠷ ᠲᠤ ᠂ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠪᠡᠯᠡ ᠮᠥᠩᠭᠦ ᠶᠢᠨ ᠢᠷᠡᠯᠲᠡ ᠶᠢ ᠣᠯᠠᠨ ᠠᠷᠭ᠎ᠠ | ᠵᠠᠮ ᠢᠶᠠᠷ ᠥᠷᠭᠡᠳᠬᠡᠨ᠎ᠡ ᠃ ᠪᠡᠯᠡ ᠮᠥᠩᠭᠦ ᠶᠢ ᠣᠷᠳᠣ ᠬᠤᠭᠤᠴᠠᠭ᠎ᠠ ᠪᠠᠷ ᠦᠢᠯᠡᠰ ᠪᠣᠰᠬᠠᠬᠤ ᠪᠡᠯᠡ ᠣᠷᠣᠭᠤᠯᠤᠯᠲᠠ ᠳᠤ ᠣᠷᠣᠭᠤᠯᠬᠤ ᠶᠢ ᠵᠣᠷᠢᠭᠵᠢᠭᠤᠯᠵᠤ ᠂ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠦᠢᠯᠡᠰ ᠪᠣᠰᠬᠠᠬᠤ ᠪᠡᠯᠡ ᠣᠷᠣᠭᠤᠯᠤᠯᠲᠠ ᠳᠠᠬᠢ ᠣᠷᠣᠭᠤᠯᠤᠯᠲᠠ ᠪᠠᠨ ᠨᠡᠮᠡᠭᠳᠡᠭᠦᠯᠬᠦ ᠶᠢ ᠳᠡᠮᠵᠢᠵᠦ ᠂ | ᠮᠥᠩᠭᠦᠨ ᠭᠦᠢᠯᠭᠡᠭᠡᠨ ᠤ ᠡᠳ᠋ ᠬᠥᠷᠥᠩᠭᠡ ᠶᠢᠨ ᠪᠡᠯᠡ ᠣᠷᠣᠭᠤᠯᠤᠯᠲᠠ ᠶᠢᠨ ᠺᠤᠮᠫᠠᠨᠢ ᠶᠢᠨ ᠰᠢᠭᠤᠳ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ | ᠲᠤᠷᠰᠢᠯᠲᠠ ᠶᠢᠨ ᠴᠡᠭ ᠤᠨ ᠬᠡᠪᠴᠢᠶ᠎ᠡ ᠶᠢ ᠥᠷᠭᠡᠳᠬᠡᠨ ᠂ ᠦᠢᠯᠡᠰ ᠪᠣᠰᠬᠠᠬᠤ ᠪᠡᠯᠡ ᠤᠷᠤᠭᠤᠯᠤᠯᠲᠠ ᠶᠢᠨ ᠰᠠᠭᠤᠷᠢ ᠮᠥᠩᠭᠦ ᠶᠢᠨ ᠦᠢᠯᠡᠳᠬᠦᠨ ᠤ ᠲᠦᠷᠦᠯ ᠵᠦᠢᠯ ᠢ | ᠪᠠᠶᠠᠯᠢᠭᠵᠢᠭᠤᠯᠤᠨ᠎ᠠ ᠃ ᠭᠤᠷᠪᠠ ᠳᠤ ᠂ ᠦᠢᠯᠡᠰ ᠪᠣᠰᠬᠠᠬᠤ ᠪᠡᠯᠡ ᠣᠷᠣᠭᠤᠯᠤᠯᠲᠠ ᠶᠢ ᠵᠠᠰᠠᠭ ᠤᠨ ᠣᠷᠳᠣᠨ ᠬᠥᠲᠥᠯᠥᠨ ᠵᠢᠯᠤᠭᠤᠳᠬᠤ ᠪᠠ ᠵᠦᠷᠢᠶᠡᠴᠢᠯᠡᠭᠰᠡᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ ᠃ ᠦᠢᠯᠡᠰ ᠪᠣᠰᠬᠠᠬᠤ ᠪᠡᠯᠡ ᠣᠷᠣᠭᠤᠯᠤᠯᠲᠠ ᠬᠢᠭᠡᠳ ᠰᠢᠨ᠎ᠡ ᠶᠢ ᠡᠭᠦᠳᠦᠨ ᠦᠢᠯᠡᠰ ᠪᠣᠰᠬᠠᠬᠤ ᠲᠥᠷᠥᠯ ᠵᠦᠢᠯ ᠢ | ᠵᠣᠯᠭᠠᠭᠤᠯᠬᠤ ᠲᠣᠭᠲᠠᠴᠠ ᠶᠢ ᠪᠠᠶᠢᠭᠤᠯᠵᠤ ᠂ ᠲᠤᠰᠬᠠᠢ ᠠᠰᠢᠭ ᠤᠨ ᠠᠵᠤ ᠦᠢᠯᠡᠰᠵᠢᠯᠲᠡ ᠪᠠᠷ ᠳᠤᠮᠳᠠ ᠪᠠᠭ᠎ᠠ ᠠᠵᠤ ᠠᠬᠤᠶᠢᠯᠠᠯ ᠤᠨ ᠪᠤᠶᠢᠵᠢᠯᠲᠠ ᠶᠢ ᠠᠬᠢᠭᠤᠯᠬᠤ | ᠲᠥᠯᠥᠪᠯᠡᠭᠡ ᠶᠢ ᠬᠡᠷᠡᠭᠵᠢᠭᠦᠯᠦᠨ ᠂ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠠᠵᠤ ᠠᠬᠤᠶᠢᠯᠠᠯ ᠤᠨ ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠤᠨ ᠨᠠᠷᠢᠯᠢᠭᠵᠢᠭᠤᠯᠵᠤ ᠂ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠣᠨᠴᠠᠯᠢᠭ ᠲᠤ | ᠨᠡᠶᠢᠴᠡᠭᠰᠡᠨ ᠵᠦᠷᠢᠶᠡᠴᠢᠯᠡᠭᠰᠡᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ ᠂ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠭᠠᠳᠠᠭᠠᠳᠤ ᠨᠡᠭᠡᠭᠡᠯᠲᠡ ᠶᠢ ᠡᠮᠬᠢ | ᠵᠢᠷᠤᠮ ᠲᠠᠢ ᠥᠷᠭᠡᠳᠬᠡᠨ᠎ᠡ ᠃ ᠳᠥᠷᠪᠡ ᠳᠤ ᠂ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠤᠬᠤᠷᠢᠨ ᠭᠠᠷᠬᠤ ᠲᠣᠭᠲᠠᠴᠠ ᠶᠢ ᠪᠦᠷᠢᠨᠰᠢᠭᠦᠯᠦᠨ᠎ᠡ ᠃ ᠦᠢᠯᠡᠰ | ᠪᠣᠰᠬᠠᠬᠤ ᠪᠡᠯᠡ ᠣᠷᠣᠭᠤᠯᠤᠯᠲᠠ ᠶᠢᠨ ᠤᠬᠤᠷᠢᠨ ᠭᠠᠷᠬᠤ ᠠᠷᠭ᠎ᠠ ᠵᠠᠮ ᠢ ᠥᠷᠭᠡᠳᠬᠡᠵᠦ ᠂ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ | ᠤᠬᠤᠷᠢᠨ ᠭᠠᠷᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ᠎ᠡ ᠃ ᠲᠠᠪᠤ ᠳᠤ ᠂ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠵᠠᠬ᠎ᠠ ᠳᠡᠯᠭᠡᠭᠦᠷ ᠤᠨ ᠣᠷᠴᠢᠨ | ᠨᠥᠬᠦᠴᠡᠯ ᠢ ᠰᠢᠯᠢᠳᠡᠭᠵᠢᠭᠦᠯᠦᠨ᠎ᠡ ᠃ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠠᠵᠢᠯ ᠲᠥᠷᠥᠯ ᠤᠨ ᠬᠥᠭᠵᠢᠯᠲᠡ ᠶᠢᠨ ᠣᠷᠴᠢᠨ ᠲᠣᠭᠤᠷᠢᠨ ᠢ | ᠰᠢᠯᠢᠳᠡᠭᠵᠢᠭᠦᠯᠵᠦ ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠰᠠᠶᠢᠨ ᠰᠠᠶᠢᠬᠠᠨ ᠮᠥᠩᠭᠦᠨ ᠭᠦᠢᠯᠭᠡᠭᠡᠨ ᠤ ᠠᠮᠢ ᠠᠬᠤᠢ ᠶᠢ | ᠪᠤᠢ ᠪᠣᠯᠭᠠᠨ᠎ᠠ ᠃ | ︽ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ︾ ᠳᠤ ᠂ ᠡᠯ᠎ᠡ ᠭᠠᠵᠠᠷ ᠣᠷᠣᠨ ᠂ ᠡᠯ᠎ᠡ ᠰᠠᠯᠠᠭ᠎ᠠ ᠮᠥᠴᠢᠷ ᠤᠨ ᠬᠢᠨ ᠨᠠᠷᠢᠨ ᠨᠢᠮᠪᠠᠢ ᠵᠣᠬᠢᠶᠠᠨ ᠪᠠᠶᠢᠭᠤᠯᠤᠨ | ᠬᠡᠷᠡᠭᠵᠢᠭᠦᠯᠵᠦ ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠦᠨ ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ ᠂ ᠦᠢᠯᠡᠰ ᠪᠣᠰᠬᠠᠬᠤ | ᠪᠡᠯᠡ ᠣᠷᠣᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠨᠠᠷᠢᠯᠢᠭᠵᠢᠭᠤᠯᠬᠤ ᠶᠢ | ᠬᠠᠮᠲᠤ ᠪᠠᠷ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ ᠃ | | |