| ᠠᠮᠢ ᠠᠬᠤᠢ ᠶᠢ ᠤᠷᠢᠳᠠᠪᠠᠷ ᠪᠤᠳᠤᠯᠬᠢᠯᠠᠨ ᠂ ᠪᠣᠬᠢᠷᠲᠤᠯ ᠦᠭᠡᠢ ᠬᠥᠭᠵᠢᠭᠦᠯᠦᠨ᠎ᠡ ᠃ ᠤᠤᠯ ᠠᠴᠠ ᠪᠠᠨ ᠴᠡᠴᠡᠭ ᠵᠢᠮᠢᠰᠳᠤ ᠨᠤᠲᠤᠭ ᠬᠡᠮᠡᠬᠦ ᠰᠠᠶᠢᠬᠠᠨ | ᠨᠡᠷᠡᠶᠢᠳᠤᠯ ᠲᠠᠢ ᠪᠠᠶᠢᠬᠰᠠᠨ ᠵᠡᠭᠦᠨᠭᠠᠷ ᠬᠤᠰᠢᠭᠤ ᠨᠢ ᠢᠮᠠᠬᠤ ᠳᠡᠳᠤᠢ ᠡᠪᠡᠰᠦ ᠤᠷᠭᠤᠬᠤ ᠦᠭᠡᠢ ᠬᠠᠶᠢᠷ ᠴᠢᠯᠠᠭᠤᠯᠢᠭ ᠭᠠᠵᠠᠷ ᠳᠡᠭᠡᠷ᠎ᠡ ᠤᠪ ᠤᠯᠠᠭᠠᠨ ᠲᠣᠮᠣ | ᠠᠯᠮᠤᠷᠠᠳ ᠰᠠᠭᠤᠯᠭᠠᠨ ᠂ ᠠᠭᠤᠯᠠ ᠬᠦᠳᠡᠭᠡ ᠪᠠᠷ ᠳᠦᠭᠦᠷᠦᠭᠰᠡᠨ ᠬᠦᠢᠯᠡᠰᠦᠨ ᠮᠣᠳᠣ ᠂ ᠬᠠᠢ ᠬᠤᠩ ᠵᠢᠮᠢᠰ ᠵᠡᠷᠭᠡ ᠨᠢ ᠵᠢᠮᠢᠰ ᠤᠨ ᠤᠢ ᠶᠢᠨ ᠠᠵᠤ ᠦᠢᠯᠡᠰ ᠢ | ᠥᠷᠨᠢᠭᠦᠨ ᠬᠥᠭᠵᠢᠯᠳᠡ ᠲᠠᠢ ᠪᠤᠯᠭᠠᠵᠠᠢ ᠃ ᠡᠨᠡ ᠨᠢ ᠴᠢᠴᠠᠷᠭᠠᠨ᠎ᠠ ᠵᠢᠨᠵᠢᠵᠢᠭᠬᠡᠨ ᠵᠢᠮᠢᠰ ᠨᠢ ᠴᠦ ᠪᠠᠶᠠᠵᠢᠯ ᠤᠨ ᠠᠯᠲᠠᠨ ᠵᠢᠮᠢᠰ ᠪᠣᠯᠣᠨ ᠬᠤᠪᠢᠷᠠᠵᠤ ᠂ ᠬᠥᠬᠡᠮᠳᠦᠭ | ᠨᠣᠭᠤᠭᠠᠨ ᠠᠭᠤᠯᠠ ᠤᠰᠤ ᠪᠣᠯ ᠠᠯᠳ᠋ᠨ ᠮᠦᠩᠬᠦᠨ ᠠᠭᠤᠯᠠ ᠮᠦᠨ ᠭᠡᠬᠦ ᠨᠣᠭᠤᠭᠠᠨ ᠥᠩᠭᠡ ᠶᠢᠨ ᠭᠠᠶᠢᠬᠠᠮᠰᠢᠭ ᠢ ᠦᠷᠭᠦᠯᠵᠢᠯᠡᠨ ᠪᠢᠴᠢᠭᠯᠡᠵᠦ ᠪᠠᠶᠢᠭ᠎ᠠ ᠶᠠᠪᠤᠳᠠᠯ | ᠪᠤᠰᠤ ᠤᠤ ᠃ | ᠥᠪᠥᠷ ᠮᠣᠩᠭᠤᠯ ᠤᠨ ᠬᠦᠸᠧ ᠵᠢᠢ ᠬᠤᠸᠠ ᠢᠳᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ ᠂ | ᠮᠥᠬᠦᠯᠢᠭ ᠮᠦᠬᠦᠯᠢᠭ ᠠᠯᠳᠠᠨ ᠰᠢᠷᠭᠠᠯ ᠴᠢᠴᠠᠷᠭᠠᠨ᠎ᠠ ᠶᠢᠨ ᠵᠢᠮᠢᠰ ᠢ ᠤᠬᠢᠶᠠᠨ ᠴᠡᠪᠡᠷᠯᠡᠬᠦ ᠂ ᠰᠢᠬᠠᠬᠤ ᠂ ᠥᠨᠳᠥᠷ ᠳᠤᠯᠠᠭᠠᠨ ᠢᠶᠠᠷ ᠪᠠᠺᠲ᠋ᠧᠷᠢ ᠤᠰᠠᠳᠬᠠᠬᠤ ᠵᠡᠷᠭᠡ | ᠤᠯᠠᠨ ᠵᠦᠢᠯ ᠤᠨ ᠨᠠᠷᠢᠨ ᠪᠤᠳᠤᠯᠢᠶᠠᠨᠲᠠᠢ ᠤᠷᠠᠯᠠᠯ ᠤᠨ ᠶᠠᠪᠤᠴᠠ ᠪᠠᠷ ᠲᠠᠮᠵᠢᠭᠤᠯᠤᠨ ᠡᠴᠦᠰ ᠲᠡᠭᠡᠨ ᠤᠯᠠᠨ ᠳᠤ ᠮᠡᠳᠡᠷᠡᠭᠳᠡᠭᠰᠡᠨ ᠰᠦᠯᠵᠢᠶᠡᠨ ᠤ ᠪᠦᠲᠦᠭᠡᠭᠳᠡᠬᠦᠨ | ᠪᠤᠯᠬᠤ ᠴᠢᠴᠠᠷᠭᠠᠨ᠎ᠠ ᠶᠢᠨ ᠤᠮᠳᠠᠭᠠᠨ ᠪᠣᠯᠳᠠᠭ ᠪᠠᠶᠢᠨ᠎ᠠ᠃ 2021 ᠣᠨ ᠤ 3 ᠰᠠᠷ᠎ᠠ ᠳᠤ ᠂ ᠥᠪᠥᠷ ᠮᠣᠩᠭᠤᠯ ᠤᠨ ᠬᠦᠸᠧ ᠵᠢᠢ ᠬᠤᠸᠠ ᠢᠳᠡᠭᠡᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ 2.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ | ᠵᠡᠭᠦᠨᠭᠠᠷ ᠠᠵᠤ ᠦᠢᠯᠡᠰ ᠤᠨ ᠬᠦᠷᠢᠶᠡᠯᠡᠩ ᠳᠤ ᠬᠦᠸᠧ ᠵᠢᠢ ᠬᠤᠸᠠ ᠶᠢᠨ ᠲᠥᠷᠥᠯ ᠵᠦᠢᠯ ᠢ ᠡᠬᠢᠯᠡᠨ ᠪᠦᠳᠤᠭᠡᠨ ᠪᠠᠶᠢᠭᠤᠯᠵᠤ ᠂ ᠴᠢᠴᠠᠷᠭᠠᠨ᠎ᠠ ᠶᠢᠨ ᠵᠢᠮᠢᠰ ᠂ ᠡᠸᠤ | ᠯᠢ ᠵᠢᠮᠢᠰ ᠵᠢᠴᠢ ᠣᠷᠣᠨ ᠨᠤᠲᠤᠭ ᠤᠨ ᠵᠢᠮᠢᠰ ᠤᠨ ᠲᠥᠷᠥᠯ ᠤᠨ ᠲᠠᠷᠢᠮᠠᠯ ᠪᠠ ᠴᠣᠯ ᠵᠢᠮᠢᠰ ᠤᠨ ᠰᠢᠭᠦᠰᠦ ᠶᠢᠨ ᠤᠮᠳᠠᠭᠠᠨ ᠢ ᠡᠳ᠋ᠰᠢᠭᠦᠯᠬᠦ ᠠᠵᠢᠯ ᠢ ᠥᠷᠨᠢᠭᠦᠯᠪᠡ ᠃ | ᠭᠤᠷᠪᠠᠨ ᠵᠢᠯ ᠤᠨ ᠳᠠᠷᠠᠭ᠎ᠠ ᠂ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠤᠷᠤᠭᠰᠢᠲᠠᠢ ᠪᠠᠷ ᠠᠰᠢᠭᠯᠠᠯᠲᠠ ᠳᠤ ᠣᠷᠣᠵᠤ ᠂ ᠳᠦᠷᠦᠬᠦᠦ ᠪᠦᠯᠦᠭᠵᠠᠬᠠ | ᠳᠡᠯᠭᠡᠭᠦᠷ ᠲᠤ ᠭᠠᠷᠤᠭᠰᠠᠨ ᠴᠢᠴᠠᠷᠭᠠᠨ᠎ᠠ ᠶᠢᠨ ᠰᠢᠭᠦᠰᠦ ᠨᠢ ᠥᠷᠭᠡᠨ ᠣᠯᠠᠨ ᠬᠡᠷᠡᠭᠯᠡᠭᠴᠢᠳ ᠤᠨ ᠳᠤᠷ᠎ᠠ ᠪᠠᠬ᠎ᠠ ᠶᠢ ᠲᠠᠲᠠᠭᠰᠠᠨ ᠪᠦᠳᠤᠭᠡᠭᠳᠡᠬᠦᠨ ᠪᠤᠯᠵᠠᠢ ᠃ | | | | ᠵᠢᠷᠤᠭ ᠄ ᠥᠪᠥᠷ ᠮᠣᠩᠭᠤᠯ ᠤᠨ ᠭᠦᠸᠧ ᠵᠢᠢ ᠬᠤᠸᠠ ᠢᠳᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠴᠢᠴᠠᠷᠭᠠᠨ᠎ᠠ ᠶᠢᠨ | ᠤᠮᠳᠠᠭᠠᠨ ᠤ ᠤᠶᠢᠯᠡᠳᠪᠤᠷᠢᠯᠡᠯ ᠤᠨ ᠱᠤᠭᠤᠮ ᠪᠤᠯᠤᠨ᠎ᠠ ᠃ ᠸᠠᠩ ᠯᠢ ᠮᠠᠨ ᠰᠡᠭᠦᠳᠡᠷᠯᠡᠪᠡ | | ︽ ᠴᠢᠴᠠᠷᠭᠠᠨ᠎ᠠ ᠪᠣᠯ ᠳᠡᠯᠡᠬᠡᠢ ᠶᠢᠨ ᠪᠥᠮᠪᠥᠷᠴᠡᠭ ᠳᠡᠭᠡᠷᠡᠬᠢ ᠬᠠᠮᠤᠭ ᠤᠨ ᠡᠷᠲᠡᠨ ᠤ ᠮᠣᠳᠣᠨ ᠤ ᠲᠥᠷᠥᠯ ᠤᠨ ᠨᠢᠭᠡ ᠪᠤᠯᠤᠨ᠎ᠠ ᠂ VC ᠶᠢᠨ ᠸᠠᠩ ᠬᠡᠮᠡᠭᠳᠡᠳᠡᠭ ᠂ | ᠮᠠᠨ ᠤ ᠴᠢᠴᠠᠷᠭᠠᠨ᠎ᠠ ᠶᠢᠨ ᠤᠮᠳᠠᠭᠠᠨ ᠡᠨᠡ ᠵᠢᠯ ᠤᠨ 4 ᠰᠠᠷ᠎ᠠ ᠳᠤ ᠵᠠᠬ᠎ᠠ ᠳᠡᠯᠭᠡᠭᠦᠷ ᠲᠤ ᠭᠠᠷᠤᠭᠰᠠᠨ ᠠᠴᠠ ᠨᠠᠭᠠᠰᠢ ᠂ ᠥᠷᠭᠡᠨ ᠣᠯᠠᠨ ᠬᠡᠷᠡᠭᠯᠡᠭᠴᠢᠳ ᠤᠨ ᠳᠤᠷ᠎ᠠ | ᠰᠣᠨᠢᠷᠬᠠᠯ ᠢ ᠶᠡᠬᠡᠳᠡ ᠲᠠᠲᠠᠵᠤ ᠂ ᠣᠳᠣᠬᠠᠨ ᠳᠤ ᠭᠤᠣᠯᠳᠠᠭᠤ ᠣᠷᠳᠣᠰ ᠣᠷᠣᠨ ᠳᠤ ᠪᠣᠷᠣᠯᠠᠭᠤᠯᠤᠭᠳᠠᠵᠤ ᠪᠣᠶ ᠂ ᠲᠠᠷᠠᠭᠠᠴᠢ ᠶᠢᠨ ᠠᠯᠬᠤᠮ ᠳᠤ ᠪᠣᠷᠤᠯᠠᠭᠤᠯᠭ᠎ᠠ ᠶᠢᠨ | ᠪᠠᠶᠢᠳᠠᠯ ᠢᠶᠠᠨ ᠦᠨᠳᠦᠰᠦᠯᠡᠨ ᠵᠠᠬ᠎ᠠ ᠳᠡᠯᠭᠡᠭᠦᠷ ᠢᠶᠠᠨ ᠠᠯᠬᠤᠮ ᠠᠯᠬᠤᠮ ᠢᠶᠠᠷ ᠥᠷᠭᠡᠳᠬᠡᠵᠦ ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠡᠷᠭᠡ | ᠪᠣᠷᠤᠯᠠᠭᠤᠯᠭ᠎ᠠ ᠶᠢᠨ ᠵᠠᠭᠪᠤᠷ ᠢᠶᠠᠷ ᠳᠠᠮᠵᠢᠭᠤᠯᠤᠨ ᠪᠥᠬᠦ ᠤᠯᠤᠰ ᠤᠨ ᠵᠠᠬ᠎ᠠ ᠳᠡᠯᠭᠡᠭᠦᠷ ᠲᠤ ᠣᠷᠣᠬᠤ ᠪᠣᠯᠣᠨ᠎ᠠ ︾ ᠭᠡᠵᠦ ᠥᠪᠥᠷ ᠮᠣᠩᠭᠤᠯ ᠤᠨ ᠭᠦᠸᠧ ᠵᠢᠢ ᠬᠤᠸᠠ | ᠢᠳᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠳᠡᠳ᠋ ᠶᠡᠷᠦᠩᠬᠡᠢ ᠳᠠᠭᠠᠭᠠᠮᠠᠯ ᠵᠠᠩ ᠵᠢᠶᠠᠨ ᠮᠢᠩ ᠶᠠᠷᠢᠨ᠎ᠠ᠃ | ᠣᠶᠢᠯᠠᠭᠠᠭᠰᠠᠨ ᠢᠶᠠᠷ ᠂ ᠴᠢᠴᠠᠷᠭᠠᠨ᠎ᠠ ᠨᠢ 2 ᠳ᠋ᠦᠩᠰᠢᠭᠤᠷ ᠭᠠᠷᠤᠢ ᠵᠢᠯ ᠤᠨ ᠲᠡᠦᠬᠡ ᠲᠠᠢ ᠪᠠᠶᠢᠵᠤ ᠂ ᠳᠡᠯᠡᠬᠡᠢ ᠶᠢᠨ ᠪᠥᠮᠪᠥᠷᠴᠡᠭ ᠤᠨ ︽ ᠠᠮᠢᠳᠤ ᠴᠢᠯᠠᠭᠤᠵᠢᠮᠠᠯ ︾ | ᠭᠡᠮᠡᠭᠳᠡᠵᠤ ᠂ ᠲᠡᠭᠦᠨ ᠤ ᠦᠷ᠎ᠡ ᠵᠢᠮᠢᠰ ᠤᠨ ᠳᠣᠲᠣᠷ᠎ᠠ ᠣᠯᠠᠨ ᠵᠦᠢᠯ ᠤᠨ ᠸᠢᠲ᠋ᠠᠮᠢᠨ ᠂ ᠥᠭᠡᠬᠦᠨ ᠬᠦᠴᠢᠯ ᠵᠡᠷᠭᠡ ᠢᠳᠡᠪᠬᠢ ᠪᠣᠳᠠᠰ ᠪᠠ ᠬᠥᠮᠥᠨ ᠤ ᠪᠡᠶ᠎ᠡ ᠳᠤ | ᠬᠡᠷᠡᠭᠴᠡᠭᠡ ᠲᠠᠢ ᠡᠯ᠎ᠡ ᠵᠦᠢᠯ ᠤᠨ ᠰᠢᠪᠲᠦᠷᠲᠦ ᠬᠦᠴᠢᠯ ᠠᠭᠤᠯᠤᠭᠳᠠᠵᠤ ᠂ ᠲᠤᠶᠢᠯ ᠤᠨ ᠥᠨᠳᠥᠷ ᠰᠢᠮ᠎ᠡ ᠲᠡᠵᠢᠭᠡᠯ ᠤᠨ ᠦᠨ᠎ᠡ ᠥᠷᠲᠡᠭ ᠪᠠ ᠡᠮ ᠳᠤ ᠬᠡᠷᠡᠭᠯᠡᠭᠳᠡᠬᠦ | ᠦᠨ᠎ᠡ ᠥᠷᠲᠡᠭ ᠲᠠᠢ ᠪᠠᠶᠢᠳᠠᠭ ᠃ ᠲᠡᠭᠦᠨ ᠤ ᠮᠣᠳᠣᠨ ᠤ ᠦᠨᠳᠦᠰᠦ ᠵᠢᠨᠰᠢᠰᠲ᠋ᠧᠮ ᠨᠢ ᠬᠥᠭᠵᠢᠵᠦ ᠂ ᠠᠽᠣᠲ ᠪᠣᠷᠳᠣᠭᠤᠷ ᠤᠨ ᠬᠥᠷᠥᠰᠥ ᠶᠢ | ᠲᠣᠭᠲᠠᠪᠤᠷᠢᠵᠢᠭᠤᠯᠵᠤ ᠴᠢᠳᠠᠬᠤ ᠮᠥᠷᠲᠡᠭᠡᠨ ᠬᠠᠬᠢᠷ ᠬᠦᠢᠲᠡᠨ ᠪᠠ ᠭᠠᠩ ᠬᠠᠭᠰᠠᠷᠠᠭᠠᠨ ᠳᠤ ᠲᠡᠰᠪᠦᠷᠢᠲᠡᠢ ᠵᠡᠷᠭᠡ ᠳᠠᠪᠠᠭᠤᠯᠢᠭ ᠲᠠᠯ᠎ᠠ ᠲᠠᠢ ᠪᠠᠶᠢᠵᠤ ᠂ ᠰᠠᠯᠬᠢᠨ ᠢ | ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ ᠂ ᠬᠥᠷᠥᠰᠥ ᠰᠢᠷᠣᠢ ᠶᠢᠨ ᠢᠳᠡᠭᠳᠡᠯ ᠢ ᠪᠠᠭᠠᠰᠬᠠᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ ᠪᠠᠶᠢᠳᠠᠭ ᠃ | ᠵᠡᠭᠦᠨᠭᠠᠷ ᠬᠤᠰᠢᠭᠤᠨ ᠤ ᠣᠨᠴᠠᠭᠠᠶ ᠭᠠᠵᠠᠷ ᠵᠦᠢ ᠶᠢᠨ ᠣᠷᠴᠢᠨ ᠲᠣᠭᠤᠷᠢᠨ ᠪᠠ ᠠᠭᠤᠷ ᠠᠮᠢᠰᠬᠤᠯ ᠤᠨ ᠨᠥᠬᠦᠴᠡᠯ ᠨᠢ ᠣᠷᠳᠣ ᠤᠳᠠᠭᠠᠨ ᠬᠤᠭᠤᠴᠠᠭᠠᠨ ᠳᠤ | ᠴᠢᠴᠠᠷᠭᠠᠨᠠᠲ᠋ᠠᠷᠢᠭᠰᠠᠨ ᠲᠡᠦᠬᠡ ᠲᠠᠢ ᠪᠥᠭᠡᠳ ᠥᠩᠭᠡᠷᠡᠭᠰᠡᠨ ᠳᠤ ᠡᠨᠡ ᠬᠦ ᠨᠤᠲᠤᠭ ᠳᠡᠪᠢᠰᠬᠡᠷ ᠳᠡᠭᠡᠷᠡᠬᠢ ᠴᠢᠴᠠᠷᠭᠠᠨ᠎ᠠ ᠶᠢᠨ ᠭᠤᠣᠯ ᠦᠢᠯᠡᠳᠦᠯ ᠨᠢ ᠵᠥᠪᠬᠡᠨ | ᠰᠠᠯᠬᠢᠨ ᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ ᠲᠡᠳᠦᠢ ᠯᠠ ᠪᠠᠶᠢᠵᠠᠢ ᠃ ᠥᠪᠥᠷ ᠮᠣᠩᠭᠤᠯ ᠤᠨ ᠭᠦᠸᠧ ᠵᠢᠢ ᠬᠤᠸᠠ ᠢᠳᠡᠭᠡᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ ᠬᠤᠳᠠᠯᠳᠤᠭᠠᠨ ᠤ ᠠᠵᠠ ᠲᠣᠬᠢᠶᠠᠯ ᠢ ᠠᠮᠵᠢᠵᠤ ᠂ ᠴᠢᠴᠠᠷᠭᠠᠨ᠎ᠠ ᠶᠢᠨ ᠠᠮᠢ ᠠᠬᠤᠢ ᠶᠢᠨ ᠦᠷᠳᠡᠭ ᠪᠣᠯᠣᠨ ᠠᠵᠤ ᠠᠬᠤᠢ ᠶᠢᠨ | ᠦᠷᠳᠡᠭ ᠤᠨ ᠲᠣᠭᠤᠷᠢᠨ ᠳᠤ ᠶᠡᠭᠡ ᠬᠦᠴᠦ ᠣᠷᠣᠭᠤᠯᠤᠭᠰᠠᠨ ᠪᠠᠶᠢᠨ᠎ᠠ᠃ | ︽ ᠣᠳᠣᠬᠠᠨ ᠳᠤ ᠵᠢᠯ ᠳᠤ 13000 ᠲᠣᠨ ᠴᠢᠴᠠᠷᠭᠠᠨ᠎ᠠ ᠶᠢᠨ ᠵᠢᠮᠢᠰ ᠤᠨ ᠡᠭᠡᠳᠡᠩ ᠦᠢᠯᠡᠳᠪᠦᠷᠢᠯᠡᠬᠦ ᠦᠢᠯᠡᠳᠪᠦᠷᠢᠯᠡᠯ ᠤᠨ ᠱᠤᠭᠤᠮ ᠢ ᠨᠢᠭᠡᠨᠲᠡ ᠪᠠᠶᠢᠭᠤᠯᠵᠤ | ᠳᠠᠭᠤᠰᠬᠠᠭᠠᠳ ᠂ ᠴᠢᠴᠠᠷᠭᠠᠨ᠎ᠠ ᠶᠢᠨ ᠲᠣᠰᠣ ᠂ ᠴᠢᠴᠠᠷᠭᠠᠨ᠎ᠠ ᠶᠢᠨ ᠭᠤᠶᠣᠯᠠᠯ ᠤᠨ ᠡᠳ᠋ ᠂ ᠴᠢᠴᠠᠷᠭᠠᠨ᠎ᠠ ᠶᠢᠨ ᠼᠤᠤ ᠂ ᠴᠢᠴᠠᠷᠭᠠᠨ᠎ᠠ ᠶᠢᠨ ᠴᠠᠢ ᠵᠡᠷᠭᠡ ᠰᠢᠷᠢᠰ | ᠦᠢᠯᠡᠳᠬᠦᠨ ᠢ ᠰᠤᠳᠤᠯᠤᠨ ᠦᠢᠯᠡᠳᠪᠦᠷᠢᠯᠡᠬᠦ ᠪᠠᠷ ᠪᠡᠯᠡᠳᠬᠡᠵᠦ ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ ᠤᠷᠲᠤᠳᠬᠠᠵᠤ ᠂ ᠴᠢᠴᠠᠷᠭᠠᠨ᠎ᠠ ᠶᠢᠨ ᠠᠵᠤ | ᠠᠬᠤᠢ ᠶᠢᠨ ᠥᠷᠲᠡᠭ ᠪᠠ ᠠᠮᠢ ᠠᠬᠤᠢ ᠶᠢᠨ ᠥᠷᠲᠡᠭ ᠢ ᠬᠠᠮᠤᠭ ᠶᠡᠭᠡ ᠪᠠᠷ ᠪᠠᠳᠠᠷᠠᠭᠤᠯᠤᠨ᠎ᠠ ︾ ᠭᠡᠵᠦ ᠵᠠᠩ ᠵᠢᠶᠠᠨ ᠮᠢᠩ ᠢᠯᠡᠷᠭᠡᠶᠢᠯᠡᠨ᠎ᠠ ᠃ | | ᠵᠢᠷᠤᠭ ᠄ ᠥᠪᠥᠷ ᠮᠣᠩᠭᠤᠯ ᠤᠨ ᠭᠦᠸᠧ ᠵᠢᠢ ᠬᠤᠸᠠ ᠢᠳᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠭᠰᠡᠨ ᠤᠯᠠᠨ | ᠳᠤ ᠮᠡᠳᠡᠷᠡᠭᠳᠡᠭᠰᠡᠨ ᠰᠦᠯᠵᠢᠶᠡᠨ ᠤ ᠪᠦᠲᠦᠭᠡᠭᠳᠡᠬᠦᠨ ᠴᠢᠴᠠᠷᠭᠠᠨ᠎ᠠ ᠶᠢᠨ ᠤᠮᠳᠠᠭᠠᠨ ᠨᠢ ᠬᠡᠷᠡᠭᠯᠡᠭᠴᠢᠳ ᠤᠨ ᠳᠤᠷ᠎ᠠ ᠪᠠᠬ᠎ᠠ ᠶᠢ ᠶᠡᠬᠡᠳᠡ ᠲᠠᠲᠠᠵᠤ ᠪᠣᠶ ᠃ ᠸᠠᠩ ᠯᠢ | ᠮᠠᠨ ᠰᠡᠭᠦᠳᠡᠷᠯᠡᠪᠡ | ᠴᠢᠴᠠᠷᠭᠠᠨ᠎ᠠ ᠠᠴᠠ ᠭᠠᠳᠠᠨ᠎ᠠ ᠂ ᠥᠪᠥᠷ ᠮᠣᠩᠭᠤᠯ ᠤᠨ ᠬᠦᠸᠧ ᠵᠢᠢ ᠬᠤᠸᠠ ᠢᠳᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠠᠰᠠ | ᠵᠡᠭᠦᠨᠭᠠᠷ ᠬᠤᠰᠢᠭᠤᠨ ᠳᠤ ᠡᠯᠪᠡᠭ ᠭᠠᠷᠤᠯᠲᠠ ᠲᠠᠢ ᠬᠦᠢᠯᠡᠰᠦ ᠂ ᠠᠯᠮᠤᠷᠠᠳ ᠂ ᠬᠠᠢ ᠬᠤᠩ ᠵᠢᠮᠢᠰ ᠵᠡᠷᠭᠡ ᠵᠢᠮᠢᠰ ᠤᠨ ᠵᠦᠢᠯ ᠤᠨ ᠲᠣᠭᠤᠷᠢᠨ ᠳᠤ ᠡᠯ᠎ᠡ ᠲᠥᠷᠥᠯ ᠤᠨ | ᠵᠢᠮᠢᠰ ᠤᠨ ᠰᠢᠭᠦᠰᠦ ᠶᠢᠨ ᠤᠮᠳᠠᠭᠠᠨ ᠢ ᠦᠢᠯᠡᠳᠪᠦᠷᠢᠯᠡᠬᠦ ᠪᠠᠷ ᠲᠥᠯᠥᠪᠯᠡᠵᠦ ᠪᠣᠶ ᠃ ᠤᠳᠤᠬᠠᠨ ᠳᠤ ︽ ᠺᠣᠮᠫᠠᠨᠢ + ᠲᠠᠷᠢᠶᠠᠴᠢᠨ ᠡᠷᠦᠬᠡ + ᠬᠤᠷᠰᠢᠶᠠᠵᠢᠯ ︾ ᠤᠨ | ᠠᠷᠭ᠎ᠠ ᠮᠠᠶ᠋ᠢᠭ ᠢᠶᠠᠷ ᠳᠠᠮᠵᠢᠭᠤᠯᠤᠨ ᠂ ᠰᠢᠤᠸᠠᠢ ᠵᠢᠶᠠ ᠸᠠᠨ ᠪᠠᠯᠭᠠᠰᠤᠨ ᠤ ᠬᠤᠩ ᠲᠠᠢ ᠽᠢ ᠲᠣᠰᠬᠤᠨ ᠂ ᠱᠠᠬᠳᠠᠷ ᠪᠠᠯᠭᠠᠰᠤᠨ ᠤ ᠹᠦ᠋ ᠯᠦ ᠲᠣᠰᠬᠤᠨ ᠤ ᠲᠣᠰᠬᠤᠨ ᠤ | ᠬᠠᠮᠲᠤ ᠶᠢᠨ ᠠᠵᠤ ᠠᠬᠤᠢ ᠲᠠᠢ ᠬᠠᠮᠲᠤᠷᠠᠯᠴᠠᠵᠤ ᠂ 8000 ᠮᠦ ᠭᠦᠢᠯᠡᠰᠦᠨ ᠮᠣᠳᠣᠨ ᠤ ᠰᠠᠭᠤᠷᠢᠨ ᠭᠠᠵᠠᠷ ᠢ ᠠᠷᠠᠴᠢᠯᠠᠨ ᠪᠣᠶᠢᠵᠢᠭᠤᠯᠵᠤ ᠂ 1000 ᠮᠦ | ᠵᠢᠮᠢᠰ ᠤᠨ ᠮᠣᠳᠣ ᠳᠠᠷᠢᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ ᠪᠠᠶᠢᠨ᠎ᠠ ᠃ ᠡᠭᠦᠨ ᠤ ᠬᠠᠮᠲᠤ ᠵᠡᠭᠦᠨᠭᠠᠷ ᠬᠤᠰᠢᠭᠤᠨ ᠤ ᠨᠡᠭᠦᠷᠡᠰᠦᠨ ᠠᠭᠤᠷᠬᠠᠢ ᠶᠢᠨ | ᠳᠠᠬᠢᠨ ᠬᠠᠭᠠᠯᠪᠤᠷᠢᠯᠠᠯᠲᠠ ᠶᠢᠨ ᠣᠷᠣᠨ ᠢ ᠠᠰᠢᠭᠯᠠᠵᠤ ᠂ 500 ᠮᠦ ᠴᠢᠴᠠᠷᠭᠠᠨ᠎ᠠ ᠶᠢᠨ ᠲᠦᠭᠦᠬᠡᠢ ᠮᠠᠲ᠋ᠧᠷᠢᠶᠠᠯ ᠤᠨ ᠰᠠᠭᠤᠷᠢᠨ ᠭᠠᠵᠠᠷ ᠢ ᠪᠠᠶᠢᠭᠤᠯᠪᠠ ᠃ | ︽ᠳᠠᠷᠠᠭᠠᠴᠢ ᠶᠢᠨ ᠠᠯᠬᠤᠮ ᠳᠤ ᠨᠤᠸᠠᠨ ᠱᠦᠢ ᠰᠢᠶᠠᠩ ᠤᠨ ᠬᠠᠶᠢᠷ ᠴᠢᠯᠠᠭᠤᠯᠢᠭ ᠭᠠᠵᠠᠷ ᠳᠡᠭᠡᠷ᠎ᠠ ᠤᠷᠭᠤᠭᠰᠠᠨ ᠠᠯᠮᠤᠷᠠᠳ ᠢ ᠠᠰᠢᠭᠯᠠᠵᠤ ᠂ ᠠᠯᠮᠤᠷᠠᠳ ᠤᠨ | ᠰᠢᠭᠦᠰᠦ ᠂ ᠬᠦᠢᠯᠡᠰᠦᠨ ᠰᠢᠭᠦᠰᠦ ᠂ ᠬᠠᠢ ᠬᠤᠩ ᠵᠢᠮᠢᠰ ᠤᠨ ᠰᠢᠭᠦᠰᠦ ᠵᠡᠷᠭᠡ ᠪᠦᠲᠦᠭᠡᠭᠳᠡᠬᠦᠨ ᠢ ᠦᠢᠯᠡᠳᠪᠦᠷᠢᠯᠡᠬᠦ ᠪᠠᠷ ᠪᠡᠯᠡᠳᠬᠡᠵᠦ ᠪᠤᠢ᠂ ᠣᠳᠣᠬᠠᠨ ᠳᠤ ᠪᠠᠰᠠ | ᠰᠤᠳᠤᠯᠭᠠᠨ ᠤ ᠠᠵᠢᠯ ᠢᠶᠠᠨ ᠱᠠᠯᠠᠪᠳᠠᠨ ᠬᠢᠵᠦ ᠪᠠᠶᠢᠨ᠎ᠠ᠂ ᠲᠦᠷᠦᠯ ᠵᠦᠢᠯ ᠢ ᠪᠦᠬᠦᠨ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠵᠢᠯ ᠳᠤ 1000 ᠲᠦᠮᠡᠨ | ᠲᠥᠭᠦᠷᠢᠭ ᠤᠨ ᠠᠰᠢᠭ ᠭᠠᠶᠢᠯᠢ ᠶᠢ ᠡᠭᠦᠳᠴᠦ ᠂ 180 ᠠᠵᠢᠯ ᠤᠨ ᠪᠠᠶᠢᠷᠢ ᠬᠠᠩᠭᠠᠵᠤ ᠂ 1850 ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ | ᠨᠡᠮᠡᠭᠳᠡᠭᠦᠯᠬᠦ ᠪᠣᠯᠣᠨ᠎ᠠ︾ ᠭᠡᠵᠦ ᠵᠠᠩ ᠵᠢᠶᠠᠨ ᠮᠢᠩ ᠶᠠᠷᠢᠨ᠎ᠠ᠃ | ᠠᠭᠤᠯᠠᠨ ᠵᠢᠮᠢᠰ ᠨᠢ ᠬᠠᠲᠤᠨ ᠭᠤᠣᠯ ᠤᠨ ᠳᠤᠬᠤᠢ ᠶᠢᠨ ᠨᠤᠮᠢᠨ ᠨᠣᠭᠤᠭᠠᠨ ᠬᠤᠪᠢᠷᠠᠯᠲᠠ ᠶᠢ ᠭᠡᠷᠡᠴᠢᠯᠡᠨ᠎ᠡ᠃ ᠣᠯᠠᠨ ᠵᠢᠯ ᠤᠨ ᠲᠤᠷᠰᠢ ᠂ ᠵᠡᠭᠦᠨᠭᠠᠷ ᠬᠤᠰᠢᠭᠤ | ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠤᠭᠰᠠᠨ ᠤ ᠬᠠᠮᠲᠤ ᠂ | ᠠᠮᠢ ᠠᠬᠤᠢ ᠶᠢ ᠭᠤᠶᠣᠵᠢᠭᠤᠯᠬᠤ ᠂ ᠠᠵᠤ ᠦᠢᠯᠡᠰ ᠢ ᠬᠥᠭᠵᠢᠭᠦᠯᠬᠦ ᠂ ᠠᠷᠠᠳ ᠢᠷᠭᠡᠳ ᠢ ᠪᠠᠶᠠᠵᠢᠭᠤᠯᠬᠤ ᠪᠠᠷ ᠬᠠᠷᠠᠯᠲᠠ ᠪᠣᠯᠭᠠᠬᠤ ᠶᠢ ᠪᠠᠷᠢᠮᠲᠠᠯᠠᠵᠤ ᠂ ᠥᠪᠥᠷ | ᠮᠣᠩᠭᠤᠯ ᠤᠨ ᠭᠤᠤ ᠶᠤᠸᠠᠨ ᠬᠦᠢᠯᠡᠰᠦᠨ ᠴᠥᠮ᠎ᠡ ᠶᠢᠨ ᠤᠮᠳᠠᠭᠠᠨ ᠤ ᠬᠢᠵᠠᠭᠠᠷᠲᠤ ᠺᠣᠮᠫᠠᠨᠢ ᠵᠡᠷᠭᠡ ᠨᠢᠭᠡ ᠪᠦᠯᠦᠭ ᠲᠠᠷᠢᠶᠠᠯᠠᠩ ᠮᠠᠯ ᠠᠵᠤ ᠠᠬᠤᠢ ᠶᠢᠨ | ᠳᠠᠭᠠᠭᠤᠯᠤᠭᠴᠢ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠳᠡᠮᠵᠢᠵᠤ ᠂ ᠠᠭᠤᠯᠠᠨ ᠬᠦᠢᠯᠡᠰᠦ ᠂ ᠴᠢᠴᠠᠷᠭᠠᠨ᠎ᠠ᠂ ᠠᠯᠮᠤᠷᠠᠳ ᠢᠶᠠᠷ ᠭᠤᠣᠯ ᠪᠣᠯᠭᠠᠭᠰᠠᠨ᠂ | ᠪᠣᠬᠢᠷᠲᠤᠯ ᠦᠭᠡᠢ᠂ ᠣᠷᠭᠠᠨᠢᠭ ᠦᠢᠯᠡᠳᠪᠦᠷᠢᠯᠡᠯ ᠢᠶᠠᠷ ᠬᠠᠷᠠᠯᠲᠠ ᠪᠣᠯᠭᠠᠭᠰᠠᠨ ᠣᠨᠴᠠᠯᠢᠭᠲᠤ ᠵᠢᠮᠢᠰ ᠤᠨ ᠤᠢ ᠶᠢᠨ ᠠᠵᠤ ᠦᠢᠯᠡᠰ ᠤᠨ ᠪᠠᠶᠢᠷᠢᠰᠢᠯ ᠢ ᠠᠩᠬ᠎ᠠ | ᠠᠯᠬᠤᠮ ᠪᠦᠷᠢᠯᠳᠦᠭᠦᠯᠪᠡ᠃ 2023 ᠣᠨ ᠤ ᠡᠴᠦᠰ ᠪᠣᠯᠲᠠᠯ᠎ᠠ ᠂ ᠪᠥᠬᠦ ᠬᠤᠰᠢᠭᠤᠨ ᠤ ᠴᠢᠴᠠᠷᠭᠠᠨ᠎ᠠ 93 ᠲᠦᠮᠡᠨ ᠮᠦ ᠂ ᠬᠦᠢᠯᠡᠰᠦ 90 ᠲᠦᠮᠡᠨ ᠮᠦ ᠂ | ᠠᠯᠮᠤᠷᠠᠳ 3 ᠲᠦᠮᠡ ᠭᠠᠷᠤᠢ ᠮᠦ ᠂ ᠠᠯᠢᠮ᠎ᠠ ᠂ ᠲᠤᠭᠤᠷ ᠂ ᠤᠯᠠᠭᠠᠨ ᠭᠦᠢᠯᠡᠰᠦ ᠂ ᠴᠢᠪᠠᠭ᠎ᠠ ᠵᠡᠷᠭᠡ 3 ᠲᠦᠮᠡ ᠭᠠᠷᠤᠢ ᠮᠦ ᠪᠠᠶᠢᠨ᠎ᠠ ᠃ ᠡᠨᠡᠬᠦ ᠨᠤᠲᠤᠭ ᠳᠡᠪᠢᠰᠬᠡᠷ | ᠳᠡᠭᠡᠷ᠎ᠡ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠵᠤ ᠂ ᠠᠮᠢ ᠠᠬᠤᠢ ᠰᠠᠶᠢᠵᠢᠷᠠᠭᠰᠠᠨ᠂ ᠦᠢᠯᠡᠳᠪᠦᠷᠢᠯᠡᠯ ᠬᠥᠭᠵᠢᠭᠰᠡᠨ᠂ ᠠᠮᠢᠳᠤᠷᠠᠯ | ᠴᠢᠨᠡᠭᠡᠯᠢᠭᠵᠢᠭᠰᠡᠨ᠂ ᠤᠯᠠᠨ ᠲᠠᠯ᠎ᠠ ᠪᠠᠷ ᠬᠠᠮᠲᠤᠪᠠᠷ ᠠᠰᠢᠭ ᠭᠥᠷᠳᠡᠭᠰᠡᠨ ᠭᠠᠶᠢᠬᠠᠮᠰᠢᠭᠲᠤ ᠦᠯᠢᠭᠡᠷ ᠢ ᠪᠢᠴᠢᠭᠯᠡᠨ᠎ᠠ᠃ | | | |