ᠸᠠᠩ ᠭᠦᠸᠧ ᠴᠢᠤᠸᠠᠨ ᠬᠤᠭ ᠨᠣᠪᠰᠢ ᠶᠢ ᠰᠢᠢᠳᠪᠦᠷᠢᠯᠡᠵᠦ ᠠᠰᠢᠭᠯᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/25
   6 ᠰᠠᠷ᠎ᠠ ᠶᠢᠨ 20 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ  ᠤ ᠳᠠᠷᠤᠭ᠎ᠠ ᠸᠠᠩ ᠭᠦᠸᠧ ᠴᠢᠤᠸᠠᠨ ᠤᠷᠢᠳ ᠬᠤᠵᠢᠳ ᠨᠤᠸᠠᠨ ᠱᠦᠢ ᠰᠢᠶᠠᠩ ᠂ ᠰᠢᠤᠸᠠᠢ ᠵᠢᠶᠠ ᠸᠠᠨ ᠪᠠᠯᠭᠠᠰᠤ ᠂ ᠱᠠᠬᠳᠠᠷ ᠪᠠᠯᠭᠠᠰᠤᠨ ᠳᠤ ᠬᠦᠷᠴᠦ ᠬᠤᠭ ᠨᠣᠪᠰᠢ ᠶᠢ ᠰᠢᠢᠳᠪᠦᠷᠢᠯᠡᠵᠦ ᠠᠰᠢᠭᠯᠠᠬᠤ ᠠᠵᠢᠯ ᠢ ᠪᠠᠶᠢᠴᠠᠭᠠᠨ ᠰᠤᠳᠤᠯᠪᠠ ᠃
 今日4(1).jpg
   ᠵᠢᠷᠤᠭ ᠄ 6 ᠰᠠᠷ᠎ᠠ  ᠶᠢᠨ 20 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ  ᠤ ᠳᠠᠷᠤᠭ᠎ᠠ ᠸᠠᠩ ᠭᠦᠸᠧ ᠴᠢᠤᠸᠠᠨ ᠰᠢᠤᠸᠠᠢ ᠵᠢᠶᠠ ᠸᠠᠨ ᠪᠠᠯᠭᠠᠰᠤᠨ ᠤ ᠬᠤᠭ ᠨᠣᠪᠰᠢ  ᠶᠢ ᠰᠢᠢᠳᠪᠦᠷᠢᠯᠡᠬᠦ ᠭᠠᠵᠠᠷ ᠲᠤ ᠤᠷᠠᠯᠠᠯ ᠤᠨ ᠶᠠᠪᠤᠴᠠ ᠂ ᠠᠵᠢᠯᠯᠠᠭᠠᠨ ᠤ ᠵᠠᠭᠪᠤᠷ ᠪᠣᠯᠣᠨ ᠮᠡᠷᠭᠡᠵᠢᠯ ᠤᠨ ᠰᠢᠨ᠎ᠡ  ᠶᠢ ᠡᠭᠦᠳᠬᠦ ᠵᠡᠷᠭᠡ ᠠᠵᠢᠯ ᠤᠨ ᠪᠠᠶᠢᠳᠠᠯ  ᠢ ᠨᠠᠷᠢᠨ ᠣᠶᠢᠯᠠᠭᠠᠪᠠ ᠃ ᠼᠤᠤ ᠸᠧᠨ  ᠶᠢᠨ ᠰᠡᠭᠦᠳᠡᠷᠯᠡᠪᠡ   ᠸᠠᠩ ᠭᠦᠸᠧ ᠴᠢᠤᠸᠠᠨ ᠡᠯ᠎ᠡ ᠰᠢᠢᠳᠪᠦᠷᠢᠯᠡᠬᠦ ᠴᠡᠭ ᠤᠨ ᠬᠤᠭ ᠨᠣᠪᠰᠢ ᠶᠢ ᠰᠢᠢᠳᠪᠦᠷᠢᠯᠡᠭᠰᠡᠨ ᠪᠠᠶᠢᠳᠠᠯ ᠢ ᠪᠤᠳᠠᠳᠤ ᠭᠠᠵᠠᠷ  ᠲᠤᠨᠢ ᠪᠠᠶᠢᠴᠠᠭᠠᠨ ᠦᠵᠡᠵᠦ ᠂ ᠤᠷᠠᠯᠠᠯ ᠤᠨ ᠶᠠᠪᠤᠴᠠ ᠂ ᠠᠵᠢᠯᠯᠠᠭᠠᠨ ᠤ ᠵᠠᠭᠪᠤᠷ ᠪᠠ ᠮᠡᠷᠭᠡᠵᠢᠯ ᠤᠨ ᠰᠢᠨ᠎ᠡ ᠶᠢ ᠡᠭᠦᠳᠦᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠪᠠ ᠃ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠂ ᠪᠦᠬᠦ ᠬᠡᠯᠬᠢᠶ᠎ᠡ ᠪᠠᠷ ᠬᠢᠨᠠᠨ ᠬᠠᠮᠢᠶᠠᠷᠬᠤ ᠂ ᠡᠷᠬᠢᠯᠳᠦᠬᠦᠯᠤᠨ ᠠᠰᠢᠭᠯᠠᠬᠤ ᠵᠡᠷᠭᠡ ᠲᠠᠯ᠎ᠠ ᠪᠠᠷ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠭᠰᠡᠨ ᠪᠥᠭᠡᠳ ᠬᠤᠭ ᠨᠣᠪᠰᠢ ᠶᠢᠨ ᠬᠠᠮᠢᠶᠠᠷᠤᠯᠲᠠ ᠶᠢᠨ ᠠᠷᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠂ ᠲᠥᠬᠦᠭᠡᠷᠦᠮᠵᠢ ᠶᠢ ᠰᠢᠯᠢᠳᠡᠭᠵᠢᠭᠦᠯᠬᠦ ᠪᠠ ᠰᠢᠢᠳᠪᠦᠷᠢᠯᠡᠬᠦ ᠴᠡᠭ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠂ ᠣᠷᠴᠢᠨ ᠳᠤᠭᠤᠷᠢᠨ  ᠤ ᠬᠠᠮᠠᠭᠠᠯᠠᠯᠲᠠ‌‍ᠳᠥ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠶᠢ ᠴᠢᠩᠭᠠᠳᠬᠠᠬᠤ ᠂ ᠡᠬᠢ ᠪᠠᠶᠠᠯᠢᠭᠵᠢᠭᠤᠯᠤᠨ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠵᠡᠷᠭᠡ ᠠᠵᠢᠯ ᠳᠤ ᠲᠣᠳᠣᠷᠬᠠᠢ ᠱᠠᠭᠠᠷᠳᠠᠯᠭ᠎ᠠ ᠳᠤᠷᠠᠳᠪᠠ᠃ ᠡᠭᠦᠨ ᠤ ᠬᠠᠮᠲᠤ ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ  ᠬᠢᠨ ᠶᠡᠷᠦᠩᠬᠡᠢ ᠱᠦᠵᠢ ᠰᠢ ᠶᠢᠨ ᠫᠢᠩ  ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠬᠤᠯᠪᠣᠭᠳᠠᠯ ᠪᠦᠬᠦᠢ ᠨᠡᠶᠢᠲᠡᠯᠢᠭ ᠬᠡᠷᠡᠭ ᠤᠨ ᠵᠢᠱᠢᠶ᠎ᠡ ᠠᠴᠠ ᠭᠦᠨᠵᠡᠭᠡᠢ ᠰᠤᠷᠭᠠᠮᠵᠢ ᠠᠪᠴᠤ ᠂ ᠨᠠᠩ ᠥᠨᠳᠥᠷ ᠪᠠᠷᠢᠮᠵᠢᠶ᠎ᠠ ᠂ ᠨᠠᠩ ᠪᠣᠳᠠᠲᠠᠢ ᠠᠷᠭ᠎ᠠ ᠬᠡᠮᠵᠢᠶ᠎ᠡ ᠪᠠᠷ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ ᠂ ᠡᠬᠢ ᠪᠠᠶᠠᠯᠢᠭᠵᠢᠭᠤᠯᠬᠤ ᠂ ᠬᠤᠣᠷ ᠦᠭᠡᠶᠢᠳᠡᠬᠦᠯᠤᠨ ᠰᠢᠢᠳᠪᠦᠷᠢᠯᠡᠬᠦ ᠶᠢ ᠠᠬᠢᠭᠤᠯᠵᠤ ᠂ ᠠᠮᠢ ᠠᠬᠤᠢ ᠶᠢᠨ ᠦᠷ᠎ᠡ ᠠᠰᠢᠭ ᠂ ᠠᠵᠤ ᠠᠬᠤᠢ ᠶᠢᠨ ᠦᠷ᠎ᠡ ᠠᠰᠢᠭ ᠂ ᠨᠡᠶᠢᠭᠡᠮ ᠤᠨ ᠦᠷ᠎ᠡ ᠠᠰᠢᠭ ᠤᠨ ᠣᠷᠭᠠᠨᠢᠭ ᠨᠢᠭᠡᠳᠦᠯ ᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ ᠃   ᠵᠠᠰᠠᠭ ᠤᠨ ᠣᠷᠳᠣᠨ ᠤ ᠬᠤᠰᠢᠭᠤᠨ  ᠤ ᠳᠡᠳ᠋ ᠳᠠᠷᠤᠭ᠎ᠠ ᠯᠢᠦ ᠢᠦᠢ ᠴᠧᠩ ᠵᠢᠴᠢ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ ᠃ 
ᠢᠷᠡᠯᠲᠡ᠄ ᠵᠡᠭᠦᠨᠭᠠᠷ ᠬᠤᠰᠢᠭᠤᠨ ᠤ ᠬᠠᠮ ᠵᠠᠭᠤᠴᠢᠯᠠᠭᠤᠷ ᠤᠨ ᠲᠥᠪ