ᠰᠢ ᠶᠢᠨ ᠫᠢᠩ 2024 ᠣᠨ ᠤ ︽ᠭᠦ᠋ ᠯᠢᠩ ᠤᠨ ᠬᠤᠪᠢ ᠪᠠᠷᠢᠯᠳᠤᠯᠭ᠎ᠠ︾ ᠳᠤᠮᠳᠠᠳᠤ ᠠᠮᠧᠷᠢᠺᠠ ᠶᠢᠨ ᠵᠠᠯᠠᠭᠤᠴᠤᠳ ᠤᠨ ᠰᠣᠯᠢᠯᠴᠠᠭᠠᠨ ᠤ ᠭᠠᠷᠠᠭ ᠤᠨ ᠠᠵᠢᠯᠯᠠᠭ᠎ᠠ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2024/6/26
    ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 24 ᠤ ᠴᠠᠭᠢᠯᠭᠠᠨ ᠮᠡᠳᠡᠭᠡ 6 ᠰᠠᠷ᠎ᠠ ᠶᠢᠨ 24 ᠤ ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ 2024 ᠣᠨ ᠤ ︽ ᠭᠦ᠋ ᠯᠢᠩ ᠤᠨ ᠬᠤᠪᠢ ᠪᠠᠷᠢᠯᠳᠤᠯᠭ᠎ᠠ ︾ ᠳᠤᠮᠳᠠᠳᠤ ᠠᠮᠧᠷᠢᠺᠠ ᠶᠢᠨ ᠵᠠᠯᠠᠭᠤᠴᠤᠳ ᠤᠨ ᠰᠣᠯᠢᠯᠴᠠᠭᠠᠨ ᠤ ᠭᠠᠷᠠᠭ ᠤᠨ ᠠᠵᠢᠯᠯᠠᠭ᠎ᠠ ᠳᠤ ᠪᠠᠶᠠᠷ ᠤᠨ ᠵᠠᠬᠢᠳᠠᠯ ᠢᠯᠡᠭᠡᠪᠡ ᠃    ᠰᠢ ᠶᠢᠨ ᠫᠢᠩ ᠂ ᠵᠠᠭᠤᠨ ᠵᠢᠯ ᠢ ᠲᠤᠭᠤᠯᠤᠬᠰᠠᠨ ᠭᠦ᠋ ᠯᠢᠩ ᠤᠨ ᠬᠤᠪᠢ ᠪᠠᠷᠢᠯᠳᠤᠯᠭ᠎ᠠ ᠪᠣᠯ ᠳᠤᠮᠳᠠᠳᠤ ᠠᠮᠧᠷᠢᠺᠠ ᠶᠢᠨ ᠠᠷᠠᠳ ᠲᠦᠮᠡᠨ ᠤ ᠨᠥᠭᠦᠷᠰᠡᠭ ᠶᠠᠪᠤᠯᠴᠠᠭᠠᠨ ᠤ ᠳᠠᠭᠤᠷᠢᠰᠬᠠᠯ ᠪᠣᠯᠣᠨ᠎ᠠ ᠂ ᠳᠤᠮᠳᠠᠳᠤ ᠠᠮᠧᠷᠢᠺᠠ ᠶᠢᠨ ᠡᠯ᠎ᠡ ᠡᠲᠡᠭᠡᠳ ᠤᠨ ᠵᠠᠯᠠᠭᠤᠴᠤᠳ ᠤᠨ ᠹᠦᠵᠧᠦ ᠳᠤ ᠴᠤᠭᠯᠠᠷᠠᠵᠤ ᠂ ᠭᠦ᠋ ᠯᠢᠩ ᠤᠨ ᠦᠯᠢᠭᠡᠷ ᠢ ᠲᠠᠭᠢᠨ ᠡᠷᠭᠢᠴᠡᠭᠦᠯᠵᠦ ᠂ ᠭᠦ᠋ ᠯᠢᠩ ᠤᠨ ᠬᠤᠪᠢ ᠪᠠᠷᠢᠯᠳᠤᠯᠭ᠎ᠠ ᠶᠢ ᠤᠯᠠᠮᠵᠢᠯᠠᠵᠤ ᠂ ᠳᠤᠮᠳᠠᠳᠤ ᠠᠮᠧᠷᠢᠺᠠ ᠬᠤᠶᠠᠷ ᠤᠯᠤᠰ ᠤᠨ ᠠᠷᠠᠳ ᠲᠦᠮᠡᠨ ᠤ ᠬᠤᠭᠤᠷᠣᠨᠳᠣᠭᠢ ᠰᠣᠯᠢᠯᠴᠠᠭ᠎ᠠ ᠪᠠ ᠣᠶᠢᠯᠠᠭᠠᠯᠴᠠᠭ᠎ᠠ ᠶᠢ ᠨᠡᠮᠡᠭᠳᠡᠭᠦᠯᠦᠭᠰᠡᠨ ᠳᠤ ᠮᠠᠰᠢ ᠪᠠᠶᠠᠷᠯᠠᠵᠤ ᠪᠠᠶᠢᠨ᠎ᠠ ᠭᠡᠵᠦ ᠵᠢᠭᠠᠵᠤ ᠭᠠᠷᠭᠠᠪᠠ ᠃    ᠰᠢ ᠶᠢᠨ ᠫᠢᠩ ᠂ ᠵᠠᠯᠠᠭᠤᠴᠤᠳ ᠬᠠᠮᠤᠭ ᠠᠴᠠ ᠴᠤᠭ ᠵᠢᠪᠬᠤᠭ᠎ᠠ ᠲᠠᠢ ᠂ ᠬᠠᠮᠤᠭ ᠠᠴᠠ ᠬᠦᠰᠡᠯ ᠵᠡᠭᠦᠳᠦ ᠲᠠᠢ ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠢᠷᠡᠭᠡᠳᠦᠢ ᠵᠠᠯᠠᠭᠤᠴᠤᠳ ᠲᠤ ᠪᠠᠶᠢᠨ᠎ᠠ ᠃ ᠲᠠ ᠨᠠᠷ ᠭᠦᠨᠵᠡᠭᠡᠢ ᠶᠠᠷᠢᠯᠴᠠᠨ ᠰᠣᠯᠢᠯᠴᠠᠵᠤ ᠂ ᠨᠥᠬᠦᠷᠯᠡᠯ ᠢᠶᠠᠨ ᠵᠤᠵᠠᠭᠠᠳᠬᠠᠵᠤ ᠂ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣ ᠶᠠᠪᠤᠯᠴᠠᠵᠤ ᠂ ᠭᠠᠷ ᠬᠤᠯᠪᠣᠨ ᠬᠠᠮᠲᠤ ᠪᠠᠷ ᠤᠷᠤᠭᠰᠢᠯᠠᠵᠤ ᠂ ᠳᠤᠮᠳᠠᠳᠤ ᠠᠮᠧᠷᠢᠺᠠ ᠶᠢᠨ ᠨᠥᠬᠦᠷᠯᠡᠯ ᠢ ᠤᠯᠠᠮᠵᠢᠯᠠᠨ ᠵᠠᠯᠭᠠᠮᠵᠢᠯᠠᠵᠤ ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠡᠷᠡᠭᠦᠯ ᠲᠣᠭᠲᠠᠭᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠵᠦ ᠂ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠲᠠᠢ ᠬᠠᠮᠲᠤ ᠪᠠᠷ ᠡᠩᠬᠡ ᠲᠠᠶᠢᠪᠤᠩ ᠢ ᠴᠣᠭᠴᠠᠯᠠᠵᠤ ᠂ ᠬᠠᠮᠲᠤ ᠪᠠᠷ ᠤᠷᠤᠭᠰᠢᠯᠠᠬᠤ ᠶᠢ ᠠᠬᠢᠭᠤᠯᠵᠤ ᠂ ᠬᠠᠮᠲᠤ ᠪᠠᠷ ᠬᠥᠭᠵᠢᠯ ᠴᠡᠴᠡᠭᠯᠡᠯ ᠢ ᠡᠭᠦᠳᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ ᠃    2024 ᠣᠨ ᠤ ︽ ᠭᠦ᠋ ᠯᠢᠩ ᠤᠨ ᠬᠤᠪᠢ ᠪᠠᠷᠢᠯᠳᠤᠯᠭ᠎ᠠ ︾ ᠳᠤᠮᠳᠠᠳᠤ ᠠᠮᠧᠷᠢᠺᠠ ᠶᠢᠨ ᠵᠠᠯᠠᠭᠤᠴᠤᠳ ᠤᠨ ᠰᠣᠯᠢᠯᠴᠠᠭᠠᠨ ᠤ ᠭᠠᠷᠠᠭ ᠤᠨ ᠠᠵᠢᠯᠯᠠᠭ᠎ᠠ ᠲᠤᠰ ᠡᠳᠦᠷ ᠹᠦᠵᠢᠶᠠᠨ ᠮᠤᠵᠢ ᠶᠢᠨ ᠹᠦᠵᠧᠦ ᠬᠤᠲᠠ ᠳᠤ ᠡᠬᠢᠯᠡᠵᠦ ᠂ ᠳᠤᠮᠳᠠᠳᠤ ᠤᠯᠤᠰ ᠤᠨ ᠠᠷᠠᠳ ᠲᠦᠮᠡᠨ ᠤ ᠭᠠᠳᠠᠭᠠᠳᠤ ᠯᠤᠭ᠎ᠠ ᠶᠢᠨ ᠨᠥᠬᠦᠷᠯᠡᠯ ᠤᠨ ᠨᠡᠶᠢᠭᠡᠮᠯᠢᠭ ᠂ ᠹᠦᠵᠢᠶᠠᠨ ᠮᠤᠵᠢ ᠶᠢᠨ ᠠᠷᠠᠳ ᠤᠨ ᠵᠠᠰᠠᠭ ᠤᠨ ᠣᠷᠳᠣᠨ ᠂ ᠳᠤᠮᠳᠠᠳᠤ ᠶᠢᠨ ᠪᠦᠭᠦ ᠤᠯᠤᠰ ᠤᠨ ᠵᠠᠯᠠᠭᠤᠴᠤᠳ ᠤᠨ ᠬᠤᠯᠪᠤᠭ᠎ᠠ ᠠᠴᠠ ᠡᠷᠭᠢᠯᠡᠪᠡ ᠃   
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ