| ᠬᠥᠬᠡᠬᠤᠲᠠ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ ᠂ ᠡᠨᠡ ᠵᠢᠯ ᠤᠨ ᠲᠦᠷᠦᠭᠦᠦ 5 ᠰᠠᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ | ᠠᠷᠠᠯᠵᠢᠶᠠᠨ ᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠦᠷᠳᠡᠭ 830 ᠳ᠋ᠦᠩᠰᠢᠭᠤᠷ ᠲᠥᠭᠦᠷᠢᠭ ᠪᠠᠶᠢᠵᠤ ᠂ ᠠᠳᠠᠯᠢ ᠬᠤᠭᠤᠴᠠᠭᠠᠨ ᠤ ᠬᠢ ᠠᠴᠠ ᠪᠠᠨ | 10% ᠪᠠᠷ ᠨᠡᠮᠡᠭᠳᠡᠵᠦ ᠂ ᠪᠦᠬᠦ ᠤᠯᠤᠰ ᠤᠨ ᠨᠡᠮᠡᠭᠳᠡᠯ ᠤᠨ ᠬᠤᠷᠳᠤᠴᠠ ᠠᠴᠠ 3.7 ᠵᠠᠭᠤᠨ ᠤ ᠴᠡᠭ ᠥᠨᠳᠦᠷᠵᠢᠪᠡ ᠃ ᠡᠭᠦᠨ ᠳᠤ ᠂ ᠭᠠᠳᠠᠭᠠᠳᠤ ᠭᠠᠷᠭᠠᠯᠲᠠ | 308.5 ᠳ᠋ᠦᠩᠰᠢᠭᠤᠷ ᠲᠥᠭᠦᠷᠢᠭ ᠪᠠᠶᠢᠵᠤ ᠂ ᠠᠳᠠᠯᠢ ᠬᠤᠭᠤᠴᠠᠭᠠᠨ ᠤ ᠬᠢ ᠠᠴᠠ ᠪᠠᠨ 6.3% ᠪᠠᠷ ᠨᠡᠮᠡᠭᠳᠡᠪᠡ ︔ ᠭᠠᠳᠠᠭᠠᠳᠤ ᠣᠷᠣᠭᠤᠯᠤᠯᠲᠠ 521.5 | ᠳ᠋ᠦᠩᠰᠢᠭᠤᠷ ᠲᠥᠭᠦᠷᠢᠭ ᠪᠠᠶᠢᠵᠤ ᠂ ᠠᠳᠠᠯᠢ ᠬᠤᠭᠤᠴᠠᠭᠠᠨ ᠤ ᠬᠢ ᠠᠴᠠ ᠪᠠᠨ 12.4% ᠪᠠᠷ ᠨᠡᠮᠡᠭᠳᠡᠪᠡ ᠃ ᠰᠠᠷ᠎ᠠ ᠶᠢᠨ ᠣᠷᠤᠭᠤᠯᠤᠯᠲᠠ ᠭᠠᠷᠭᠠᠯᠲᠠ ᠥᠨᠳᠦᠷ | ᠪᠠᠶᠢᠷᠢᠨ ᠳᠤ ᠠᠵᠢᠯᠯᠠᠵᠤ ᠂ 5 ᠳ᠋ᠤᠭᠠᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ ᠶᠢᠨ ᠥᠷᠲᠡᠭ 169. | 6 ᠳ᠋ᠦᠩᠰᠢᠭᠤᠷ ᠲᠥᠭᠦᠷᠢᠭ ᠪᠠᠶᠢᠵᠤ ᠂ ᠠᠳᠠᠯᠢ ᠬᠤᠭᠤᠴᠠᠭᠠᠨ ᠤ ᠬᠢ ᠠᠴᠠ ᠪᠠᠨ 15% ᠪᠠᠷ ᠨᠡᠮᠡᠭᠳᠡᠪᠡ ᠃ | ᠣᠶᠢᠯᠠᠭᠠᠭᠰᠠᠨ ᠢᠶᠠᠷ ᠂ ᠲᠦᠷᠦᠭᠦᠦ 5 ᠰᠠᠷ᠎ᠠ ᠳᠤ ᠂ ᠴᠠᠬᠢᠯᠭᠠᠨ ᠬᠥᠳᠡᠯᠭᠡᠭᠦᠷᠲᠦ ᠬᠥᠮᠦᠨ ᠠᠴᠢᠶᠠᠯᠠᠬᠤ ᠮᠠᠰᠢᠨ ᠲᠡᠷᠭᠡ ᠂ ᠯᠢᠲ᠋ᠢ ᠴᠡᠨᠡᠭ ᠂ ᠨᠡᠷᠡᠨ ᠤ | ᠡᠨᠧᠷᠭᠢ ᠶᠢᠨ ᠴᠡᠨᠡᠭ ᠢᠶᠠᠷ ᠲᠥᠯᠥᠭᠡᠯᠡᠭᠦᠯᠦᠭᠰᠡᠨ ︽ ᠭᠤᠷᠪᠠᠨ ᠰᠢᠨ᠎ᠡ ᠵᠦᠢᠯ ︾ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠡᠭᠡ ᠪᠠᠷ ᠨᠡᠮᠡᠭᠳᠡᠵᠦ ᠂ ᠭᠠᠳᠠᠭᠠᠳᠤ | ᠭᠠᠷᠭᠠᠯᠲᠠ ᠶᠢᠨ ᠥᠷᠲᠡᠭ ᠨᠢ 16.1 ᠳ᠋ᠦᠩᠰᠢᠭᠤᠷ ᠲᠥᠭᠦᠷᠢᠭ ᠪᠠᠶᠢᠵᠤ ᠂ ᠠᠳᠠᠯᠢ ᠬᠤᠭᠤᠴᠠᠭᠠᠨ ᠤ ᠬᠢ ᠠᠴᠠ ᠪᠠᠨ 126.9% ᠪᠠᠷ ᠨᠡᠮᠡᠭᠳᠡᠪᠡ ᠃ ᠠᠳᠠᠯᠢ | ᠬᠤᠭᠤᠴᠠᠭᠠᠨ ᠳᠤ ᠂ ᠥᠪᠡᠷᠲᠡᠭᠡᠨ ᠵᠠᠰᠠᠬᠤ ᠣᠷᠣᠨ ᠤ ᠮᠠᠰᠢᠨ ᠴᠠᠬᠢᠯᠭᠠᠨ ᠤ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ 100.4 ᠳ᠋ᠦᠩᠰᠢᠭᠤᠷ ᠲᠥᠭᠦᠷᠢᠭ ᠂ | ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ 47.5 ᠳ᠋ᠦᠩᠰᠢᠭᠤᠷ ᠲᠥᠭᠦᠷᠢᠭ ᠂ ᠪᠤᠯᠤᠳ ᠮᠠᠲ᠋ᠧᠷᠢᠶᠠᠯ ᠤᠨ ᠭᠠᠳᠠᠭᠠᠳᠤ ᠭᠠᠷᠭᠠᠯᠲᠠ 36.3 | ᠳ᠋ᠦᠩᠰᠢᠭᠤᠷ ᠲᠥᠭᠦᠷᠢᠭ ᠪᠠᠶᠢᠵᠤ ᠂ ᠭᠤᠷᠪᠠᠭᠤᠯᠠ ᠪᠠᠨ ᠠᠳᠠᠯᠢ ᠬᠤᠭᠤᠴᠠᠭᠠᠨ ᠤ ᠪᠥᠬᠦ ᠣᠷᠣᠨ ᠤ ᠭᠠᠳᠠᠭᠠᠳᠤ ᠭᠠᠷᠭᠠᠯᠲᠠ ᠶᠢᠨ ᠥᠷᠲᠡᠭ ᠤᠨ 59.7 ᠶᠢ ᠡᠵᠡᠯᠡᠪᠡ ᠃ | ᠲᠦᠷᠦᠭᠦᠤ 5 ᠰᠠᠷ᠎ᠠ ᠳᠤ ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠨᠢᠭᠡᠳᠦᠭᠡᠷ ᠲᠣᠮᠣ | ᠡᠵᠡᠩᠨᠡᠯᠲᠡ ᠶᠢᠨ ᠭᠤᠤᠯ ᠴᠣᠭᠴᠠ ᠶᠢᠨ ᠪᠠᠶᠢᠷᠢ ᠰᠠᠭᠤᠷᠢ ᠶᠢ ᠪᠠᠲᠤᠯᠠᠵᠤ ᠂ ᠭᠠᠳᠠᠭᠠᠳᠤ ᠣᠷᠣᠭᠤᠯᠣᠯᠲᠠ ᠭᠠᠷᠭᠠᠯᠲᠠ ᠶᠢᠨ ᠥᠷᠲᠡᠭ ᠨᠢ 635.9 ᠳ᠋ᠦᠩᠰᠢᠭᠤᠷ | ᠲᠥᠭᠦᠷᠢᠭ ᠪᠠᠶᠢᠵᠤ ᠂ ᠠᠳᠠᠯᠢ ᠬᠤᠭᠤᠴᠠᠭᠠᠨ ᠤ ᠬᠢ ᠠᠴᠠ ᠪᠠᠨ 10.6% ᠪᠠᠷ ᠨᠡᠮᠡᠭᠳᠡᠨ ᠂ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠣᠷᠤᠭᠤᠯᠤᠯᠲᠠ | ᠭᠠᠷᠭᠠᠯᠲᠠ ᠶᠢᠨ ᠶᠡᠷᠦᠩᠬᠡᠶ ᠥᠷᠲᠡᠭ ᠤᠨ 76.6% ᠶᠢ ᠡᠵᠡᠯᠡᠵᠦ ᠂ ᠬᠤᠪᠢ ᠶᠢᠨ ᠵᠢᠩ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠪᠠᠨ 0.4 ᠵᠠᠭᠤᠨ ᠤ | ᠴᠡᠭ ᠳᠡᠭᠡᠭᠰᠢᠯᠡᠵᠡᠶ ᠃ ᠠᠩᠬᠠᠷᠤᠭᠤᠰᠢᠲᠠᠶ ᠨᠢ ᠂ ᠥᠪᠥᠷ ᠮᠣᠩᠭᠤᠯ ᠪᠠ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠥᠲᠥᠭᠡᠨ ᠪᠠᠶᠢᠭᠤᠯᠬᠤ ᠤᠯᠤᠰ ᠤᠳ ᠤᠨ | ᠭᠠᠳᠠᠭᠠᠲᠤ ᠠᠷᠠᠯᠵᠢᠶᠠᠨ ᠤ ᠣᠷᠤᠭᠤᠯᠤᠯᠲᠠ ᠭᠠᠷᠭᠠᠯᠲᠠ ᠲᠦᠷᠭᠡᠨ ᠢᠶᠠᠷ ᠨᠡᠮᠡᠭᠳᠡᠪᠡ ᠃ ᠲᠦᠷᠦᠭᠦᠤ 5 ᠰᠠᠷ᠎ᠠ ᠳᠤ ᠂ ᠥᠪᠡᠷᠲᠡᠭᠡᠨ ᠵᠠᠰᠠᠬᠤ ᠣᠷᠣᠨ ᠤ ︽ ᠨᠢᠭᠡ | ᠪᠦᠰᠡ ᠨᠢᠭᠡ ᠵᠠᠮ ︾ ᠢ ᠬᠠᠮᠲᠤ ᠪᠠᠷ ᠪᠥᠲᠥᠭᠡᠨ ᠪᠠᠶᠢᠭᠤᠯᠬᠤ ᠤᠯᠤᠰ ᠤᠳ ᠲᠠᠬᠢ ᠭᠠᠳᠠᠭᠠᠳᠤ ᠣᠷᠣᠭᠤᠯᠤᠯᠲᠠ ᠭᠠᠷᠭᠠᠯᠲᠠ 663.7 ᠳ᠋ᠦᠩᠰᠢᠭᠤᠷ ᠲᠥᠭᠦᠷᠢᠭ | ᠪᠠᠶᠢᠵᠤ ᠂ ᠠᠳᠠᠯᠢ ᠬᠤᠭᠤᠴᠠᠭᠠᠨ ᠤ ᠬᠢ ᠠᠴᠠ ᠪᠠᠨ 12.9% ᠪᠠᠷ ᠨᠡᠮᠡᠭᠳᠡᠨ ᠂ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ ᠶᠢᠨ | ᠶᠡᠷᠦᠩᠬᠡᠶ ᠥᠷᠲᠡᠭ ᠤᠨ 80% ᠶᠢ ᠡᠵᠡᠯᠡᠪᠡ ᠃ | ᠬᠥᠬᠡᠬᠤᠲᠠ ᠪᠣᠭᠤᠮᠲᠠ ᠶᠢᠨ ᠲᠤᠭ᠎ᠠ ᠪᠦᠷᠢᠳᠬᠡᠯ ᠤᠨ ᠵᠠᠳᠠᠯᠤᠯᠲᠠ ᠶᠢᠨ ᠭᠠᠵᠠᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ ᠂ | ᠲᠦᠷᠦᠭᠦᠦ 5 ᠰᠠᠷ᠎ᠠ ᠳᠤ ᠂ ᠥᠪᠥᠷ ᠮᠣᠩᠭᠤᠯ ᠤᠨ ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ ᠲᠣᠭᠲᠠᠭᠤᠨ ᠤ ᠳᠤᠮᠳᠠ ᠰᠠᠶᠢᠵᠢᠷᠠᠬᠤ ᠂ | ᠲᠣᠭᠲᠠᠭᠤᠨ ᠤ ᠳᠤᠮᠳᠠ ᠤᠷᠤᠭᠰᠢᠯᠠᠬᠤ ᠬᠠᠨᠳᠤᠰᠢ ᠪᠠᠨ ᠪᠠᠲᠤᠯᠠᠵᠤ ᠂ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠬᠡᠪᠴᠢᠶ᠎ᠡ ᠰᠢᠨ᠎ᠡ ᠰᠢᠪᠲᠤᠯᠤᠯᠲᠠ ᠲᠠᠢ ᠪᠣᠯᠵᠤ ᠂ | ᠪᠦᠲᠦᠴᠡ ᠤᠯᠠᠮ ᠨᠢᠭᠡ ᠠᠯᠬᠤᠮ ᠰᠢᠯᠢᠳᠡᠭᠵᠢᠵᠦ ᠂ ᠨᠡᠯᠢᠶᠡᠳ ᠴᠢᠩᠭ᠎ᠠ ᠤᠶᠠᠨ ᠬᠠᠳᠠᠨ ᠴᠢᠨᠠᠷ ᠪᠠ ᠠᠮᠢᠵᠢᠷᠠᠯ ᠤᠨ ᠬᠦᠴᠦᠨ ᠢ ᠢᠯᠡᠷᠡᠭᠦᠯᠪᠡ ᠭᠡᠵᠡᠢ ᠃ | |