| ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 24 ᠤ ᠴᠠᠭᠢᠯᠭᠠᠨ ᠮᠡᠳᠡᠭᠡ 6 ᠰᠠᠷ᠎ᠠ ᠶᠢᠨ 24 ᠤ ᠦᠳᠡ ᠶᠢᠨ ᠬᠤᠶᠢᠨ᠎ᠠ ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ | ᠬᠢᠬᠦ ᠪᠠᠷ ᠢᠷᠡᠭᠰᠡᠨ ᠫᠤᠯᠠᠨᠳ᠋ ᠤᠨ ᠶᠡᠷᠦᠩᠬᠡᠶᠢᠯᠡᠭᠴᠢ ᠳ᠋ᠦᠳᠠ ᠲᠠᠢ ᠬᠡᠯᠡᠯᠴᠡᠭᠡ ᠬᠢᠪᠡ ᠃ | ᠰᠢ ᠶᠢᠨ ᠫᠢᠩ ᠂ ᠫᠤᠯᠠᠨᠳ᠋ ᠪᠣᠯ ᠰᠢᠨ᠎ᠡ ᠳᠤᠮᠳᠠᠳᠤ ᠤᠯᠤᠰ ᠢ ᠬᠠᠮᠤᠭ ᠤᠨ ᠡᠷᠲᠡ ᠮᠡᠳᠡᠷᠡᠭᠰᠡᠨ ᠤᠯᠤᠰ ᠤᠨ ᠨᠢᠭᠡ ᠪᠣᠯᠣᠨ᠎ᠠ ᠂ ᠡᠨᠡ ᠵᠢᠯ ᠪᠣᠯ ᠳᠤᠮᠳᠠᠳᠤ | ᠫᠤᠯᠠᠨᠳ᠋ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠪᠣᠯᠣᠨ᠎ᠠ ᠃ 75 ᠵᠢᠯ ᠤᠨ ᠲᠤᠷᠰᠢ ᠳᠤᠮᠳᠠᠳᠤ ᠫᠤᠯᠠᠨᠳ᠋ ᠤᠨ ᠬᠠᠷᠢᠯᠴᠠᠭ᠎ᠠ ᠢᠮᠠᠭᠲᠠ ᠲᠣᠭᠲᠠᠭᠤᠨ | ᠬᠥᠭᠵᠢᠯᠲᠡ ᠪᠠᠨ ᠪᠠᠲᠤᠯᠠᠪᠠ ᠃ ᠢᠯᠠᠩᠭᠤᠶ᠎ᠠ 8 ᠵᠢᠯ ᠤᠨ ᠡᠮᠦᠨ᠎ᠡ ᠪᠢᠳᠡ ᠳᠤᠮᠳᠠᠳᠤ ᠫᠤᠯᠠᠨᠳ᠋ ᠤᠨ ᠬᠠᠷᠢᠯᠴᠠᠭ᠎ᠠ ᠶᠢ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠭᠦ ᠪᠠᠷ ᠲᠣᠭᠲᠠᠭᠰᠠᠨ ᠠᠴᠠ ᠨᠠᠭᠠᠰᠢ ᠬᠤᠶᠠᠷ ᠤᠯᠤᠰ ᠤᠨ ᠡᠯ᠎ᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ | ᠪᠦᠭᠦ ᠲᠠᠯ᠎ᠠ ᠪᠠᠷ ᠥᠷᠭᠡᠵᠢᠨ ᠭᠦᠨᠵᠡᠭᠡᠶᠢᠷᠡᠵᠦ ᠂ ᠬᠠᠮᠲᠤᠷᠠᠯᠴᠠᠭᠠᠨ ᠤ ᠦᠷ᠎ᠡ ᠪᠦᠲᠦᠭᠡᠯ ᠬᠤᠶᠠᠷ ᠤᠯᠤᠰ ᠤᠨ ᠠᠷᠠᠳ ᠲᠦᠮᠡᠨ ᠳᠤ ᠠᠰᠢᠭ ᠬᠦᠷᠲᠡᠭᠡᠪᠡ ᠃ | ᠣᠳᠣᠬᠠᠨ ᠳᠤ ᠳᠡᠯᠡᠬᠡᠢ ᠶᠢᠨ ᠬᠤᠪᠢᠷᠠᠯᠲᠠ ᠂ ᠴᠠᠭ ᠦᠶ᠎ᠡ ᠶᠢᠨ ᠬᠤᠪᠢᠷᠠᠯᠲᠠ ᠂ ᠲᠡᠦᠬᠡ ᠶᠢᠨ ᠬᠤᠪᠢᠷᠠᠯᠲᠠ ᠶᠠᠭ ᠤᠷᠢᠳ ᠡᠮᠦᠨ᠎ᠡ ᠪᠠᠶᠢᠭ᠎ᠠ ᠦᠭᠡᠢ ᠭᠡᠯᠪᠡᠷᠢ ᠪᠠᠷ | ᠶᠠᠪᠤᠭᠳᠠᠵᠤ ᠪᠠᠶᠢᠨ᠎ᠠ ᠃ ᠳᠤᠮᠳᠠᠳᠤ ᠤᠯᠤᠰ ᠳᠤᠷᠠᠲᠠᠶ᠎ᠠ ᠫᠤᠯᠠᠨᠳ᠋ ᠤᠨ ᠬᠢᠨ ᠲᠠᠢ ᠬᠠᠮᠲᠤ ᠪᠠᠷ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ | ᠪᠠᠷᠢᠮᠲᠠᠯᠠᠵᠤ ᠂ ᠬᠠᠷᠢᠯᠴᠠᠭ᠎ᠠ ᠪᠠᠶᠢᠭᠤᠯᠤᠭᠰᠠᠨ ᠤᠭ ᠰᠠᠨᠠᠭ᠎ᠠ ᠪᠠᠨ ᠪᠠᠷᠢᠮᠲᠠᠯᠠᠵᠤ ᠂ ᠤᠯᠠᠮᠵᠢᠯᠠᠯᠲᠤ ᠨᠥᠬᠦᠷᠯᠡᠯ ᠢᠶᠠᠨ ᠦᠷᠭᠦᠯᠵᠢᠯᠡᠭᠦᠯᠵᠦ ᠂ ᠬᠤᠶᠠᠷ ᠤᠯᠤᠰ ᠤᠨ | ᠬᠠᠷᠢᠯᠴᠠᠭ᠎ᠠ ᠶᠢᠨ ᠦᠷᠭᠦᠯᠵᠢᠯᠡᠨ ᠨᠡᠩ ᠥᠨᠳᠥᠷ ᠲᠦᠪᠰᠢᠨ ᠲᠡᠶᠢᠰᠢ ᠬᠥᠭᠵᠢᠬᠦ ᠶᠢ ᠠᠬᠢᠭᠤᠯᠵᠤ ᠂ ᠤᠷᠪᠠᠭᠠᠨ ᠬᠥᠷᠪᠡᠭᠡᠨ ᠲᠠᠢ ᠳᠡᠯᠡᠬᠡᠢ ᠳ᠋ᠠᠬᠢᠨ ᠳᠤ ᠨᠡᠩ ᠤᠯᠠᠨ | ᠲᠣᠭᠲᠠᠪᠤᠷᠢᠲᠤ ᠴᠢᠨᠠᠷ ᠪᠠ ᠲᠣᠬᠲᠠᠭᠠᠯᠳᠤ ᠴᠢᠨᠠᠷ ᠨᠡᠮᠡᠷᠢᠯᠡᠨ᠎ᠡ ᠭᠡᠵᠦ ᠵᠢᠭᠠᠵᠤ ᠭᠠᠷᠭᠠᠵᠠᠢ ᠃ | ᠰᠢ ᠶᠢᠨ ᠫᠢᠩ ᠂ ᠳᠤᠮᠳᠠᠳᠤ ᠫᠤᠯᠠᠨᠳ᠋ ᠤᠨ ᠬᠠᠷᠢᠯᠴᠠᠭ᠎ᠠ ᠰᠠᠯᠬᠢ ᠪᠣᠷᠣᠭᠠᠨ ᠢ ᠲᠤᠭᠤᠯᠵᠤ ᠴᠢᠳᠠᠭᠰᠠᠨ ᠤ ᠵᠠᠩᠭᠢᠯᠠᠭ᠎ᠠ ᠨᠢ ᠬᠤᠶᠠᠷ ᠲᠠᠯ᠎ᠠ ᠪᠠᠷ ᠢᠶᠠᠨ ᠴᠥᠮ ᠲᠣᠰ | ᠦᠨᠳᠦᠰᠦᠲᠡᠨ ᠤ ᠪᠠᠨ ᠲᠡᠦᠬᠡ ᠰᠣᠶᠣᠯ ᠤᠨ ᠤᠯᠠᠮᠵᠢᠯᠠᠯ ᠠᠴᠠ ᠪᠠᠨ ᠣᠶᠤᠨ ᠤᠬᠠᠭᠠᠨ ᠪᠠ ᠬᠦᠴᠦᠨ ᠴᠢᠳᠠᠯ ᠣᠯᠵᠤ ᠂ ᠪᠡᠶ᠎ᠡ ᠪᠠᠨ ᠳᠠᠭᠠᠭᠠᠵᠤ ᠡᠵᠡᠨ ᠮᠡᠳᠡᠵᠦ | ᠬᠤᠶᠠᠷ ᠲᠠᠯ᠎ᠠ ᠶᠢᠨ ᠨᠥᠭᠦᠷᠰᠡᠭ ᠬᠠᠷᠢᠯᠴᠠᠭ᠎ᠠ ᠶᠢ ᠬᠥᠭᠵᠢᠭᠦᠯᠬᠦ ᠶᠢ ᠪᠠᠷᠢᠮᠲᠠᠯᠠᠭᠰᠠᠨ ᠳᠤ ᠪᠠᠶᠢᠨ᠎ᠠ ᠃ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ ᠂ ᠡᠷᠬᠡ | ᠲᠡᠭᠰᠢ ᠪᠠᠷ ᠬᠠᠨᠳᠤᠬᠤ ᠂ ᠬᠠᠷᠢᠯᠴᠠᠨ ᠠᠰᠢᠭᠲᠠᠢ ᠪᠠᠷ ᠬᠠᠮᠲᠤᠷᠠᠯᠴᠠᠬᠤ ᠂ ᠬᠠᠷᠢᠯᠴᠠᠨ ᠰᠣᠯᠢᠯᠴᠠᠵᠤ ᠬᠠᠷᠢᠯᠴᠠᠨ ᠲᠣᠯᠢ ᠪᠤᠯᠭᠠᠬᠤ ᠳᠤᠮᠳᠠᠳᠤ ᠫᠤᠯᠠᠨᠳ᠋ ᠤᠨ | ᠨᠥᠬᠦᠷᠯᠡᠯ ᠤᠨ ᠳᠣᠲᠣᠭᠠᠳᠤ ᠴᠥᠮ᠎ᠡ ᠶᠢ ᠦᠷᠭᠦᠯᠵᠢᠯᠡᠨ ᠪᠠᠷᠢᠮᠲᠠᠯᠠᠵᠤ ᠂ ᠲᠤᠰ ᠲᠤᠰ ᠤᠨ ᠢᠶᠠᠨ ᠤᠯᠤᠰ ᠤᠨ ᠡᠷᠬᠡ ᠮᠡᠳᠡᠯ ᠂ ᠠᠮᠤᠷ ᠲᠦᠪᠰᠢᠨ ᠂ ᠬᠥᠭᠵᠢᠯᠲᠡ ᠶᠢᠨ | ᠠᠰᠢᠭ ᠲᠤᠰᠠ ᠪᠠᠨ ᠬᠠᠮᠠᠭᠠᠯᠠᠬᠤ ᠶᠢᠨ ᠲᠥᠯᠥᠭᠡ ᠭᠠᠷᠭᠠᠭᠰᠠᠨ ᠴᠢᠷᠮᠠᠶᠢᠯᠭ᠎ᠠ ᠶᠢ ᠣᠶᠢᠯᠠᠭᠠᠯᠴᠠᠨ ᠳᠡᠮᠵᠢᠯᠴᠡᠵᠦ ᠂ ᠬᠦᠢᠲᠡᠨ ᠳᠠᠶᠢᠨ ᠤ ᠰᠡᠳᠬᠢᠬᠦᠢ ᠂ ᠯᠡᠭᠧᠷ ᠤᠨ | ᠡᠰᠡᠷᠭᠦᠴᠡᠯᠳᠦᠯ ᠢ ᠬᠠᠮᠲᠤ ᠪᠠᠷ ᠡᠰᠡᠷᠭᠦᠴᠡᠵᠦ ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠢ | ᠬᠠᠮᠠᠭᠠᠯᠠᠵᠤ ᠂ ᠡᠷᠬᠡ ᠲᠡᠭᠰᠢ ᠡᠮᠬᠢ ᠳᠢᠭᠯᠢᠮ ᠲᠠᠢ ᠳᠡᠯᠡᠬᠡᠢ ᠶᠢᠨ ᠤᠯᠠᠨ ᠲᠦᠢᠯᠵᠢᠯᠳᠡ ᠪᠠ ᠲᠦᠭᠡᠮᠡᠯ ᠭᠦᠷᠳᠡᠭᠡᠮᠵᠢᠳᠤ ᠪᠠᠭᠲᠠᠭᠠᠮᠵᠢᠲᠠᠢ ᠠᠵᠤ ᠠᠬᠤᠢ ᠶᠢᠨ | ᠳᠡᠯᠡᠬᠡᠶᠢᠵᠢᠯᠲᠡ ᠶᠢ ᠪᠠᠶᠢᠭᠤᠯᠬᠤ ᠶᠢ ᠠᠬᠢᠭᠤᠯᠤᠶ᠎ᠠ ᠃ ᠬᠤᠶᠠᠷ ᠲᠠᠯ᠎ᠠ ᠪᠠᠷ ᠢᠶᠠᠨ ᠳᠤᠮᠳᠠᠳᠤ ᠫᠤᠯᠠᠨᠳ᠋ ᠤᠨ ᠵᠠᠰᠠᠭ ᠤᠨ ᠣᠷᠳᠣᠨ ᠤ ᠬᠤᠭᠤᠷᠣᠨᠳᠣᠭᠢ | ᠬᠠᠮᠲᠤᠷᠠᠯᠴᠠᠭᠠᠨ ᠤ ᠵᠥᠪᠯᠡᠯ ᠵᠡᠷᠭᠡ ᠲᠣᠭᠲᠠᠴᠠ ᠶᠢᠨ ᠲᠠᠪᠴᠠᠩ ᠢ ᠰᠠᠶᠢᠲᠤᠷ ᠠᠰᠢᠭᠯᠠᠵᠤ ᠂ ᠡᠯ᠎ᠡ ᠬᠦᠷᠢᠶᠡᠨ ᠳᠠᠬᠢ ᠬᠠᠮᠲᠤᠷᠠᠯᠴᠠᠭᠠᠨ ᠤ ᠪᠠᠶᠢᠯᠳᠤᠬᠤ ᠪᠣᠳᠣᠯᠭ᠎ᠠ ᠶᠢᠨ | ᠵᠣᠬᠢᠴᠠᠭᠤᠯᠭ᠎ᠠ ᠪᠠ ᠨᠢᠭᠡᠳᠦᠯᠲᠡᠢ ᠲᠥᠯᠦᠪᠵᠢᠭᠦᠯᠭᠡ ᠪᠠᠨ ᠴᠢᠩᠭᠠᠳᠬᠠᠵᠤ ᠂ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠵᠤ ᠂ | ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠵᠡᠷᠭᠡ ᠴᠢᠬᠤᠯᠠ ᠶᠡᠭᠡ ᠲᠥᠷᠥᠯ ᠵᠦᠢᠯ ᠤᠨ ᠬᠠᠮᠲᠤᠷᠠᠯᠴᠠᠭ᠎ᠠ ᠶᠢ ᠪᠠᠲᠤᠯᠠᠨ ᠠᠬᠢᠭᠤᠯᠵᠤ ᠂ ᠠᠷᠠᠯᠵᠢᠶ᠎ᠠ ᠂ | ᠬᠥᠳᠡᠭᠡ ᠠᠵᠤ ᠠᠬᠤᠢ ᠂ ᠲᠣᠭᠠᠴᠢᠯᠠᠭᠰᠠᠨ ᠠᠵᠤ ᠠᠬᠤᠢ ᠂ ᠪᠣᠬᠢᠷᠳᠤᠯ ᠦᠭᠡᠢ ᠠᠵᠤ ᠦᠢᠯᠡᠰ ᠂ ᠴᠡᠪᠡᠷ ᠡᠨᠧᠷᠭᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ | ᠴᠢᠩᠭᠠᠳᠬᠠᠶ᠎ᠠ ᠃ ᠫᠤᠯᠠᠨᠳ᠋ ᠤᠨ ᠨᠠᠩ ᠣᠯᠠᠨ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠢᠳᠡᠭᠡᠨ ᠤ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ ᠣᠷᠣᠵᠤ | ᠢᠷᠡᠬᠦ ᠶᠢ ᠳᠤᠮᠳᠠᠳᠤ ᠤᠯᠤᠰ ᠪᠠᠶᠠᠷᠯᠠᠨ ᠤᠭᠲᠤᠵᠤ ᠪᠠᠶᠢᠨ᠎ᠠ ᠂ ᠬᠤᠣᠰ ᠴᠢᠭᠯᠡᠯᠲᠦ ᠪᠡᠯᠡ ᠣᠷᠣᠭᠤᠯᠤᠯᠲᠠ ᠶᠢ ᠥᠷᠭᠡᠳᠬᠡᠬᠦ ᠶᠢ ᠳᠡᠮᠵᠢᠨ᠎ᠡ ᠃ ᠫᠤᠯᠠᠨᠳ᠋ ᠤᠨ ᠬᠢᠨ | ᠳᠤᠮᠳᠠᠳᠤ ᠤᠯᠤᠰ ᠤᠨ ᠠᠵᠤ ᠠᠬᠤᠶᠢᠯᠠᠯ ᠳᠤ ᠡᠷᠬᠡ ᠲᠡᠭᠰᠢ ᠂ ᠲᠥᠪ ᠭᠤᠤᠯᠴᠢ ᠂ ᠭᠠᠳᠠᠭᠤᠷᠴᠢᠯᠠᠯ ᠦᠭᠡᠢ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ | ᠬᠠᠩᠭᠠᠬᠤ ᠶᠢ ᠬᠦᠰᠡᠵᠦ ᠪᠠᠶᠢᠨ᠎ᠠ ᠃ ᠳᠤᠮᠳᠠᠳᠤ ᠤᠯᠤᠰ ᠫᠤᠯᠠᠨᠳ᠋ ᠤᠨ ᠠᠷᠠᠳ ᠢᠷᠭᠡᠨ ᠳᠤ 15 ᠡᠳᠦᠷ ᠤᠨ ᠭᠠᠭᠴᠠ ᠲᠠᠯ᠎ᠠ ᠶᠢᠨ ᠸᠢᠰᠠᠯᠡᠭᠦ ᠠᠴᠠ ᠬᠡᠯᠲᠦᠷᠢᠭᠦᠯᠬᠦ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠᠷ ᠲᠣᠭᠲᠠᠪᠠ ᠃ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠰᠣᠶᠣᠯ ᠂ ᠵᠠᠯᠠᠭᠤᠴᠤᠳ ᠂ ᠡᠷᠳᠡᠮ ᠰᠢᠨᠵᠢᠯᠡᠭᠡᠨ ᠂ | ᠵᠠᠭᠤᠴᠢᠯᠠᠭᠤᠷ ᠵᠡᠷᠭᠡ ᠬᠦᠷᠢᠶᠡᠨ ᠳᠠᠬᠢ ᠰᠣᠯᠢᠯᠴᠠᠭ᠎ᠠ ᠪᠠᠨ ᠶᠡᠭᠡ ᠪᠠᠷ ᠠᠬᠢᠭᠤᠯᠤᠶ᠎ᠠ ᠃ ᠳᠤᠮᠳᠠᠳᠤ ᠤᠯᠤᠰ ᠳᠤᠷᠠᠲᠠᠶ᠎ᠠ ᠫᠤᠯᠠᠨᠳ᠋ ᠵᠡᠷᠭᠡ ᠤᠯᠤᠰ ᠲᠠᠢ ᠬᠠᠮᠲᠤ ᠪᠠᠷ | ᠳᠤᠮᠳᠠᠳᠤ ᠤᠯᠤᠰ — ᠳᠤᠮᠳᠠ ᠵᠡᠭᠦᠨ ᠡᠸᠦ᠋ᠷᠦᠫᠡ ᠶᠢᠨ ᠤᠯᠤᠰ ᠤᠳ ᠤᠨ ᠬᠠᠮᠲᠤᠷᠠᠯᠴᠠᠭᠠᠨ ᠤ ᠲᠣᠭᠲᠠᠴᠠ ᠶᠢᠨ ᠦᠷᠭᠦᠯᠵᠢᠯᠡᠬᠦ ᠬᠥᠭᠵᠢᠯᠲᠡ ᠶᠢ ᠠᠬᠢᠭᠤᠯᠵᠤ ᠂ | ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠶᠢᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠠᠬᠢᠭᠤᠯᠤᠨ᠎ᠠ ᠭᠡᠵᠦ ᠴᠢᠬᠤᠯᠠᠴᠢᠯᠠᠵᠠᠢ ᠃ | ᠳ᠋ᠦᠳᠠ ᠂ ᠪᠢ 2015 ᠣᠨ ᠳᠤ ᠳᠤᠮᠳᠠᠳᠤ ᠤᠯᠤᠰ ᠲᠤ ᠠᠩᠬ᠎ᠠ ᠤᠳᠠᠭ᠎ᠠ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠭᠰᠡᠨ ᠪᠠ 2022 ᠣᠨ ᠤ | ᠡᠬᠢ ᠪᠠᠷ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠢᠶᠠᠨ ᠲᠣᠪ ᠲᠣᠳᠣᠷᠬᠠᠢ | ᠴᠡᠭᠡᠵᠢᠯᠡᠵᠦ ᠪᠠᠶᠢᠨ᠎ᠠ ᠂ ᠡᠨᠡ ᠤᠳᠠᠭ᠎ᠠ ᠶᠢᠨ ᠳᠤᠮᠳᠠᠳᠤ ᠤᠯᠤᠰ ᠲᠠᠬᠢ ᠠᠶᠢᠯᠴᠢᠯᠠᠯᠲᠠ ᠪᠠᠷ ᠳᠤᠮᠳᠠᠳᠤ ᠤᠯᠤᠰ ᠤᠨ ᠬᠥᠭᠵᠢᠯᠲᠡ ᠶᠢᠨ ᠯᠤᠲᠤ ᠶᠡᠭᠡ ᠠᠮᠢᠵᠢᠷᠠᠯ ᠤᠨ | ᠬᠦᠴᠦᠨ ᠢ ᠴᠢᠨᠠᠭᠰᠢᠳᠠ ᠣᠯᠵᠤ ᠬᠠᠷᠠᠵᠠᠢ ᠃ ᠲᠤᠮᠳᠠᠳᠤ ᠤᠯᠤᠰ ᠲᠡᠷᠢᠭᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ ᠠᠷᠠᠳ ᠲᠦᠮᠡᠨ ᠢᠶᠠᠷ ᠭᠤᠣᠯ | ᠪᠤᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ ᠂ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠠᠮᠵᠢᠯᠲᠠ ᠪᠦᠲᠦᠮᠵᠢ ᠣᠯᠣᠭᠰᠠᠨ ᠢ ᠪᠢ ᠴᠢᠩ | ᠰᠡᠳᠬᠢᠯ ᠠᠴᠠ ᠪᠠᠨ ᠪᠢᠰᠢᠷᠡᠵᠦ ᠪᠠᠶᠢᠨ᠎ᠠ ᠃ 2016 ᠣᠨ ᠳᠤ ᠲᠡᠷᠢᠭᠦᠯᠡᠭᠴᠢ ᠰᠢ ᠶᠢᠨ ᠫᠢᠩ ᠫᠤᠯᠠᠨᠳ᠋ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠭᠰᠡᠨ ᠨᠢ | ᠫᠤᠯᠠᠨᠳ᠋ ᠳᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠬᠥᠭᠵᠢᠯᠲᠡ ᠶᠢᠨ ᠴᠢᠬᠤᠯᠠ ᠬᠥᠰᠢᠶ᠎ᠡ ᠲᠡᠮᠳᠡᠭ ᠪᠣᠯᠵᠠᠢ ᠃ | ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠨᠢ ᠫᠤᠯᠠᠨᠳ᠋ ᠲᠤ ᠠᠪᠴᠤ | ᠬᠡᠯᠡᠪᠡᠯ ᠯᠤᠲᠤ ᠶᠡᠭᠡ ᠬᠥᠭᠵᠢᠯᠲᠡ ᠶᠢᠨ ᠠᠵᠠ ᠲᠣᠭᠢᠶᠠᠯ ᠪᠠᠶᠢᠵᠤ ᠂ ᠳᠤᠮᠳᠠᠳᠤ ᠤᠯᠤᠰ ᠯᠤᠭ᠎ᠠ ᠬᠠᠮᠲᠤᠷᠠᠯᠴᠠᠵᠤ ︽ ᠨᠢᠭᠡ ᠪᠦᠰᠡ ᠨᠢᠭᠡ ᠵᠠᠮ ︾ ᠢ ᠬᠠᠮᠲᠤ ᠪᠠᠷ | ᠪᠦᠲᠦᠭᠡᠨ ᠪᠠᠶᠢᠭᠤᠯᠬᠤ ᠨᠢ ᠫᠤᠯᠠᠨᠳ᠋ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠠᠵᠤ ᠠᠬᠤᠢ ᠶᠢᠨ ᠬᠥᠭᠵᠢᠯᠲᠡ ᠶᠢ ᠬᠦᠴᠦᠲᠡᠢ ᠠᠬᠢᠭᠤᠯᠪᠠ ᠃ | ᠫᠤᠯᠠᠨᠳ᠋ ᠳᠤᠮᠳᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠲᠤᠷᠰᠢ ᠬᠤᠶᠠᠷ ᠲᠠᠯ᠎ᠠ ᠶᠢᠨ ᠬᠠᠷᠢᠯᠴᠠᠭᠠᠨ ᠤ ᠬᠥᠭᠵᠢᠯᠲᠡ ᠢᠮᠠᠭᠲᠠ ᠡᠷᠬᠡ ᠲᠡᠭᠰᠢ ᠪᠠ | ᠬᠠᠷᠢᠯᠴᠠᠨ ᠬᠦᠨᠳᠦᠳᠬᠡᠬᠦ ᠳᠤ ᠰᠠᠭᠤᠷᠢᠯᠠᠭᠰᠠᠭᠠᠷ ᠢᠷᠡᠪᠡ ᠃ ᠫᠤᠯᠠᠨᠳ᠋ ᠤᠨ ᠬᠢᠨ ᠳᠤᠮᠳᠠᠳᠤ ᠤᠯᠤᠰ ᠤᠨ ᠥᠨᠢ ᠤᠳᠠᠭᠠᠨ ᠲᠡᠦᠬᠡ ᠪᠣᠯᠣᠨ ᠭᠦᠨ ᠵᠤᠵᠠᠭᠠᠨ | ᠰᠣᠶᠣᠯ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠂ ᠳᠤᠮᠳᠠᠳᠤ ᠤᠯᠤᠰ ᠤᠨ ᠣᠯᠠᠨ ᠤᠯᠤᠰ ᠤᠨ ᠬᠡᠷᠡᠭ ᠶᠠᠪᠤᠳᠠᠯ ᠳᠤᠮᠳᠠ ᠪᠠᠷᠢᠮᠲᠠᠯᠠᠭᠰᠠᠭᠠᠷ ᠢᠷᠡᠭᠰᠡᠨ | ᠣᠶᠢᠯᠠᠭᠠᠭᠳᠠᠬᠤᠨ ᠵᠢᠴᠢ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠳᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠶᠢ ᠥᠨᠳᠥᠷ ᠦᠨᠡᠯᠡᠵᠦ ᠪᠠᠶᠢᠨ᠎ᠠ ᠃ | ᠫᠤᠯᠠᠨᠳ᠋ ᠤᠨ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠵᠢᠷᠤᠮᠯᠠᠵᠤ ᠂ ᠳᠤᠷᠠᠲᠠᠶ᠎ᠠ ᠳᠤᠮᠳᠠᠳᠤ ᠤᠯᠤᠰ ᠯᠤᠭ᠎ᠠ ︽ ᠨᠢᠭᠡ ᠪᠦᠰᠡ ᠨᠢᠭᠡ ᠵᠠᠮ ︾ ᠢ | ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭ᠎ᠠ ᠶᠢ ᠦᠷᠭᠦᠯᠵᠢᠯᠡᠨ ᠠᠬᠢᠭᠤᠯᠵᠤ ᠂ ᠠᠵᠤ ᠠᠬᠤᠢ ᠠᠷᠠᠯᠵᠢᠶ᠎ᠠ ᠂ ᠬᠥᠳᠡᠭᠡ ᠠᠵᠤ ᠠᠬᠤᠢ ᠂ ᠰᠠᠭᠤᠷᠢ | ᠲᠥᠬᠦᠭᠡᠷᠦᠮᠵᠢ ᠂ ᠬᠤᠯᠪᠣᠯᠳᠤᠨ ᠨᠡᠪᠲᠡᠷᠡᠯᠴᠡᠬᠦ ᠂ ᠰᠣᠶᠣᠯ ᠢᠷᠭᠡᠨᠰᠢᠯ ᠵᠡᠷᠭᠡ ᠬᠦᠷᠢᠶ᠎ᠡ ᠴᠠᠷᠠᠭ᠎ᠠ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ | ᠰᠢᠨ᠎ᠡ ᠶᠢ ᠡᠭᠦᠳᠬᠦ ᠂ ᠲᠣᠭᠠᠴᠢᠯᠠᠭᠰᠠᠨ ᠠᠵᠤ ᠠᠬᠤᠢ ᠂ ᠰᠢᠨ᠎ᠡ ᠡᠨᠧᠷᠭᠢ ᠶᠢᠨ ᠮᠠᠰᠢᠨ ᠲᠡᠷᠭᠡ ᠵᠡᠷᠭᠡ ᠰᠢᠨ᠎ᠡ ᠬᠦᠷᠢᠶ᠎ᠡ ᠴᠠᠷᠠᠭ᠎ᠠ ᠳᠠᠬᠢ ᠬᠠᠮᠲᠤᠷᠠᠯᠴᠠᠭ᠎ᠠ ᠪᠠᠨ | ᠥᠷᠭᠡᠳᠬᠡᠵᠦ ᠂ ᠳᠤᠮᠳᠠᠳᠤ ᠤᠯᠤᠰ ᠤᠨ ᠨᠠᠩ ᠣᠯᠠᠨ ᠠᠵᠤ ᠠᠬᠤᠶᠢᠯᠠᠯ ᠤᠨ ᠫᠤᠯᠠᠨᠳ᠋ ᠲᠤ ᠬᠦᠷᠴᠦ ᠪᠡᠯᠡ ᠣᠷᠣᠭᠤᠯᠬᠤ ᠶᠢ ᠪᠠᠶᠠᠷᠯᠠᠨ ᠤᠭᠲᠤᠵᠤ ᠪᠠᠶᠢᠨ᠎ᠠ ᠃ | ᠫᠤᠯᠠᠨᠳ᠋ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠠᠨ ᠲᠠᠯ᠎ᠠ ᠶᠢᠨ ᠣᠯᠣᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠵᠤ ᠂ ᠫᠤᠯᠠᠨᠳ᠋ ᠳᠤᠮᠳᠠᠳᠤ ᠶᠢᠨ ᠪᠦᠭᠦ | ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠴᠢᠨᠠᠭᠰᠢᠳᠠ ᠬᠥᠭᠵᠢᠬᠦ ᠶᠢ ᠠᠬᠢᠭᠤᠯᠵᠤ ᠂ ᠳᠡᠯᠡᠬᠡᠢ ᠶᠢᠨ ᠡᠩᠬᠡ ᠲᠠᠶᠢᠪᠤᠩ ᠪᠣᠯᠣᠨ | ᠲᠣᠭᠲᠠᠭᠤᠨ ᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠃ ᠢᠷᠡᠬᠦ ᠵᠢᠯ ᠤᠨ ᠳᠡᠭᠡᠷ᠎ᠡ ᠬᠠᠭᠠᠰ ᠵᠢᠯ ᠳᠤ ᠫᠤᠯᠠᠨᠳ᠋ ᠤᠨ ᠬᠢᠨ ᠡᠸᠦ᠋ᠷᠦᠫᠡ ᠲᠢᠪ ᠤᠨ | ᠤᠯᠤᠰ ᠤᠳ ᠤᠨ ᠬᠤᠯᠪᠤᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠤᠨ ᠲᠤᠰᠢᠶᠠᠯ ᠢ ᠬᠠᠷᠢᠭᠤᠴᠠᠬᠤ ᠪᠣᠯᠣᠨ᠎ᠠ ᠂ ᠫᠤᠯᠠᠨᠳ᠋ ᠤᠨ ᠬᠢᠨ ᠳᠤᠷᠠᠲᠠᠶ᠎ᠠ ᠡᠸᠦ᠋ᠷᠦᠫᠡ | ᠲᠢᠪ ᠤᠨ ᠤᠯᠤᠰ ᠤᠳ ᠤᠨ ᠬᠤᠯᠪᠤᠭ᠎ᠠ ᠪᠣᠯᠣᠨ ᠳᠤᠮᠳᠠᠳᠤ ᠤᠯᠤᠰ ᠤᠨ ᠬᠠᠷᠢᠯᠴᠠᠭᠠᠨ ᠤ ᠬᠥᠭᠵᠢᠯᠲᠡ ᠶᠢ ᠠᠬᠢᠭᠤᠯᠬᠤ ᠳᠤ ᠪᠦᠲᠦᠭᠡᠯᠴᠢ ᠴᠢᠨᠠᠷᠲᠠᠢ ᠦᠢᠯᠡᠳᠦᠯ | ᠦᠵᠡᠭᠦᠯᠭᠦ ᠪᠥᠭᠡᠳ ᠳᠤᠮᠳᠠ ᠵᠡᠭᠦᠨ ᠡᠸᠦ᠋ᠷᠦᠫᠡ ᠶᠢᠨ ᠤᠯᠤᠰ ᠤᠳ ᠪᠣᠯᠣᠨ ᠳᠤᠮᠳᠠᠳᠤ ᠤᠯᠤᠰ ᠤᠨ ᠬᠠᠮᠲᠤᠷᠠᠯᠴᠠᠭ᠎ᠠ ᠶᠢ ᠦᠷᠭᠦᠯᠵᠢᠯᠡᠨ ᠠᠬᠢᠭᠤᠯᠤᠨ᠎ᠠ ᠭᠡᠵᠦ | ᠢᠯᠡᠳᠬᠡᠪᠡ ᠃ | ᠬᠤᠶᠠᠷ ᠲᠠᠯ᠎ᠠ ᠪᠠᠷ ᠢᠶᠠᠨ ᠪᠠᠰᠠ ᠦᠺᠷᠠᠶᠢᠨ ᠤ ᠬᠢᠮᠤᠷᠠᠯ ᠤᠨ ᠲᠤᠬᠠᠢ ᠰᠠᠨᠠᠯ ᠢᠶᠠᠨ ᠰᠣᠯᠢᠯᠴᠠᠪᠠ ᠃ ᠰᠢ ᠶᠢᠨ ᠫᠢᠩ ᠂ ᠦᠺᠷᠠᠶᠢᠨ ᠤ ᠬᠢᠮᠤᠷᠠᠯ ᠤᠨ ᠲᠤᠬᠠᠢ | ᠳᠤᠮᠳᠠᠳᠤ ᠤᠯᠤᠰ ᠤᠨ ᠵᠣᠭᠰᠣᠯᠲᠠ ᠪᠣᠯ ᠡᠪᠰᠡᠬᠦ ᠶᠢ ᠢᠳᠬᠠᠵᠤ ᠬᠡᠯᠡᠯᠴᠡᠭᠡ ᠬᠢᠬᠦ ᠶᠢ ᠠᠬᠢᠭᠤᠯᠬᠤ ᠂ ᠤᠯᠤᠰ ᠲᠥᠷᠥ ᠪᠠᠷ ᠰᠢᠢᠳᠪᠦᠷᠢᠯᠡᠬᠦ ᠶᠠᠪᠤᠳᠠᠯ ᠪᠣᠯᠣᠨ᠎ᠠ ᠃ | ᠣᠳᠣᠬᠠᠨ ᠳᠤ ᠮᠥᠷᠭᠦᠯᠳᠦᠭᠡᠨ ᠤ ᠥᠷᠭᠡᠵᠢᠨ ᠰᠢᠷᠦᠭᠦᠰᠬᠦ ᠪᠠᠶᠢᠳᠠᠯ ᠠᠴᠠ ᠴᠢᠷᠮᠠᠶᠢᠨ ᠵᠠᠶᠢᠯᠠᠰᠬᠢᠵᠦ ᠂ ᠪᠠᠶᠢᠳᠠᠯ ᠢ ᠨᠠᠮᠳᠠᠭᠠᠬᠤ ᠶᠢ ᠴᠢᠷᠮᠠᠶᠢᠨ ᠠᠬᠢᠭᠤᠯᠵᠤ ᠂ | ᠨᠠᠶᠢᠷᠠᠮᠳᠠᠯ ᠤᠨ ᠬᠡᠯᠡᠯᠴᠡᠭᠡ ᠬᠢᠬᠦ ᠨᠥᠬᠦᠴᠡᠯ ᠢ ᠴᠢᠷᠮᠠᠶᠢᠨ ᠪᠤᠢ ᠪᠤᠯᠭᠠᠬᠤ ᠬᠡᠷᠡᠭᠲᠡᠢ ᠃ ᠡᠨᠡ ᠨᠢ ᠡᠸᠦ᠋ᠷᠦᠫᠡ ᠲᠢᠪ ᠢ ᠪᠠᠭᠲᠠᠭᠠᠭᠰᠠᠨ ᠳᠡᠯᠡᠬᠡᠢ ᠨᠡᠶᠢᠲᠡ ᠶᠢᠨ ᠠᠰᠢᠭ | ᠲᠤᠰᠠ ᠳᠤ ᠨᠡᠶᠢᠴᠡᠵᠦ ᠪᠠᠶᠢᠨ᠎ᠠ ᠃ ᠵᠠᠷᠢᠮ ᠬᠥᠮᠥᠰ ᠤᠨ ᠳᠤᠮᠳᠠᠳᠤ ᠤᠷᠤᠰ ᠤᠨ ᠬᠡᠪ ᠤᠨ ᠠᠷᠠᠯᠵᠢᠶ᠎ᠠ ᠪᠠᠷ ᠰᠢᠯᠲᠠᠭ ᠪᠣᠯᠭᠠᠨ ᠵᠥᠷᠢᠴᠡᠯ ᠢ ᠰᠢᠯᠵᠢᠭᠦᠯᠵᠦ ᠂ | ᠳᠤᠮᠳᠠᠳᠤ ᠤᠯᠤᠰ ᠤᠨ ᠨᠡᠷ᠎ᠡ ᠲᠦᠷᠦ ᠳᠤ ᠬᠠᠯᠳᠠᠵᠤ ᠪᠠᠶᠢᠬᠤ ᠶᠢ ᠳᠤᠮᠳᠠᠳᠤ ᠤᠯᠤᠰ ᠡᠰᠡᠷᠭᠦᠴᠡᠨ᠎ᠡ ᠃ ᠳᠤᠮᠳᠠᠳᠤ ᠤᠯᠤᠰ ᠬᠢᠮᠤᠷᠠᠯ ᠢ ᠨᠠᠶᠢᠷᠠᠮᠳᠠᠯ ᠢᠶᠠᠷ | ᠰᠢᠢᠳᠪᠦᠷᠢᠯᠡᠬᠦ ᠳᠤ ᠠᠰᠢᠭᠲᠠᠢ ᠠᠯᠢᠪᠠ ᠴᠢᠷᠮᠠᠶᠢᠯᠭ᠎ᠠ ᠶᠢ ᠵᠣᠷᠢᠭᠵᠢᠭᠤᠯᠤᠨ ᠳᠡᠮᠵᠢᠵᠦ ᠂ ᠲᠡᠩᠴᠡᠭᠦᠷᠢᠲᠡᠢ ᠂ ᠪᠦᠲᠦᠮᠵᠢᠲᠡᠶ ᠂ ᠦᠷᠭᠦᠯᠵᠢᠯᠡᠬᠦ ᠡᠸᠦ᠋ᠷᠦᠫᠡ ᠲᠢᠪ ᠤᠨ | ᠠᠮᠤᠷ ᠲᠦᠪᠰᠢᠨ ᠤ ᠲᠥᠯᠥᠪᠰᠢᠷᠡᠯ ᠢ ᠪᠠᠶᠢᠭᠤᠯᠬᠤ ᠶᠢ ᠠᠬᠢᠭᠤᠯᠤᠨ᠎ᠠ ᠃ ᠳᠤᠮᠳᠠᠳᠤ ᠤᠯᠤᠰ ᠳᠤᠷᠠᠲᠠᠶ᠎ᠠ ᠥᠪᠡᠷ ᠤᠨ ᠠᠷᠭ᠎ᠠ ᠭᠡᠯᠪᠡᠷᠢ ᠪᠠᠷ ᠢᠶᠠᠨ ᠤᠯᠤᠰ ᠲᠦᠷᠦ ᠪᠠᠷ | ᠦᠺᠷᠠᠶᠢᠨ ᠤ ᠬᠢᠮᠤᠷᠠᠯ ᠢ ᠰᠢᠢᠳᠪᠦᠷᠢᠯᠡᠬᠦ ᠳᠤ ᠦᠷᠭᠦᠯᠵᠢᠯᠡᠨ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠦᠨ᠎ᠡ ᠭᠡᠵᠦ ᠴᠢᠩᠭᠠᠳᠬᠠᠪᠠ ᠃ | ᠬᠡᠯᠡᠯᠴᠡᠭᠡ ᠲᠡᠭᠦᠰᠦᠭᠰᠡᠨ ᠤ ᠳᠠᠷᠠᠭ᠎ᠠ ᠬᠤᠶᠠᠷ ᠤᠯᠤᠰ ᠤᠨ ᠲᠡᠷᠢᠭᠦᠨ ᠠᠵᠤ ᠠᠬᠤᠢ ᠠᠷᠠᠯᠵᠢᠶ᠎ᠠ ᠂ ᠬᠥᠳᠡᠭᠡ ᠠᠵᠤ ᠠᠬᠤᠢ ᠵᠡᠷᠭᠡ ᠬᠦᠷᠢᠶ᠎ᠡ ᠴᠠᠷᠠᠭ᠎ᠠ ᠳᠠᠬᠢ | ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠤᠯᠠᠨ ᠵᠦᠢᠯ ᠤᠨ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ ᠃ | ᠬᠤᠶᠠᠷ ᠲᠠᠯ᠎ᠠ ᠪᠠᠷ ᠢᠶᠠᠨ ︽ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠫᠤᠯᠠᠨᠳ᠋ ᠤᠯᠤᠰ ᠤᠨ ᠪᠦᠭᠦ ᠲᠠᠯ᠎ᠠ ᠶᠢᠨ | ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠴᠢᠩᠭᠠᠳᠬᠠᠬᠤ ᠲᠤᠬᠠᠢ ᠠᠵᠢᠯᠯᠠᠭᠠᠨ ᠤ ᠲᠥᠯᠥᠪᠯᠡᠭᠡ ︵ 2024 - 2027 ᠣᠨ ︶ ︾ ᠶᠢ | ᠨᠡᠶᠢᠲᠡᠯᠡᠪᠡ ᠃ | ᠬᠡᠯᠡᠯᠴᠡᠭᠡ ᠬᠢᠬᠦ ᠠᠴᠠ ᠡᠮᠦᠨ᠎ᠡ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠡᠭᠦᠳᠡᠨ ᠤ | ᠭᠠᠳᠠᠨᠠᠬᠢ ᠠᠭᠤᠳᠠᠮ ᠲᠠᠯᠠᠪᠠᠢ ᠳᠤ ᠳ᠋ᠦᠳᠠ ᠪᠣᠯᠣᠨ ᠲᠡᠭᠦᠨ ᠤ ᠬᠠᠳᠤᠨ ᠠᠵᠢᠶᠠᠲ᠋ᠠ ᠶᠢ ᠤᠭᠲᠤᠬᠤ ᠶᠣᠰᠣᠯᠠᠯ ᠶᠠᠪᠤᠭᠤᠯᠪᠠ ᠃ | ᠳ᠋ᠦᠳᠠ ᠬᠦᠷᠴᠦ ᠢᠷᠡᠬᠦ ᠦᠶ᠎ᠡ ᠳᠤ ᠶᠣᠰᠣᠯᠠᠯ ᠤᠨ ᠴᠡᠷᠢᠭ ᠮᠥᠷᠯᠡᠨ ᠵᠣᠭᠰᠣᠵᠤ ᠶᠣᠰᠣᠯᠠᠪᠠ ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ | ᠲᠠᠶᠢᠰᠠᠨ ᠳᠤ ᠭᠠᠷᠴᠤ ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠫᠤᠯᠠᠨᠳ᠋ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ ᠂ ᠲᠢᠶᠠᠨ | ᠠᠨ ᠮᠧᠨ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠪᠠ ᠃ ᠳ᠋ᠦᠳᠠ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ | ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ ᠃ | ᠲᠤᠰ ᠣᠷᠣᠢ ᠰᠢ ᠶᠢᠨ ᠫᠢᠩ ᠪᠣᠯᠣᠨ ᠫᠧᠩ ᠯᠢ ᠶᠤᠸᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠲᠢᠩᠬᠢᠮ ᠳᠤ ᠳ᠋ᠦᠳᠠ ᠪᠣᠯᠣᠨ | ᠲᠡᠭᠦᠨ ᠤ ᠬᠠᠳᠤᠨ ᠢ ᠤᠭᠲᠤᠬᠤ ᠳᠠᠶᠢᠯᠠᠯᠭ᠎ᠠ ᠬᠢᠪᠡ ᠃ | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ ᠃ | | |