| 6 ᠰᠠᠷ᠎ᠠ ᠶᠢᠨ 24 ᠤ ᠡᠳᠦᠷ ᠂ ᠪᠦᠭᠦ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠬᠤᠷᠠᠯ ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠥᠬᠢᠭᠦᠯᠦᠨ ᠱᠠᠩᠨᠠᠬᠤ ᠶᠡᠭᠡ ᠬᠤᠷᠠᠯ ᠂ ᠬᠤᠶᠠᠷ ᠬᠦᠷᠢᠶᠡᠯᠡᠩ ᠤᠨ ᠠᠺᠠᠳᠧᠮᠢᠴᠢ ᠶᠢᠨ ᠶᠡᠭᠡ ᠬᠤᠷᠠᠯ ᠪᠡᠭᠡᠵᠢᠩ ᠳᠤ ᠬᠤᠷᠠᠯᠳᠤᠪᠠ ᠃ 2023 ᠣᠨ ᠤ | ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠤᠨ ᠡᠯ᠎ᠡ ᠵᠦᠢᠯ ᠤᠨ ᠱᠠᠩᠨᠠᠯ ᠭᠥᠷᠳᠡᠭᠰᠡᠨ ᠨᠡᠷᠡᠰ ᠢ ᠨᠡᠶᠢᠲᠡᠯᠡᠵᠦ ᠂ ᠥᠪᠥᠷ ᠮᠣᠩᠭᠤᠯ ᠤᠨ ᠨᠡᠷ᠎ᠡ | ᠳᠤᠷᠠᠳᠤᠭᠳᠠᠭᠰᠠᠨ 2 ᠵᠦᠢᠯ ᠤᠨ ᠦᠷ᠎ᠡ ᠪᠦᠲᠦᠭᠡᠯ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠬᠤᠶᠠᠳᠤᠭᠠᠷ ᠳᠡᠰ ᠤᠨ ᠱᠠᠩᠨᠠᠯ ᠢ | ᠭᠦᠷᠳᠡᠪᠡ ᠂ ᠲᠤᠰ ᠬᠤᠶᠠᠷ ᠵᠦᠢᠯ ᠤᠨ ᠦᠷ᠎ᠡ ᠪᠦᠲᠦᠭᠡᠯ ᠪᠣᠯ ᠲᠤᠰ ᠲᠤᠰ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠵᠠᠩ ᠾᠧ ᠫᠢᠩ | ᠫᠷᠤᠹᠧᠰᠰᠤᠷ ᠤᠨ ᠡᠷᠭᠢᠯᠡᠨ ᠪᠡᠶᠡᠯᠡᠭᠦᠯᠦᠭᠰᠡᠨ ︽ ᠰᠢᠯᠢᠳᠡᠭ ᠰᠠᠶᠢᠨ ᠰᠦᠨ ᠬᠦᠴᠢᠯ ᠤᠨ ᠪᠠᠺᠲ᠋ᠧᠷᠢ ᠶᠢᠨ ᠦᠷ᠎ᠡ ᠡᠳ᠋ ᠤᠨ ᠡᠬᠢ ᠪᠠᠶᠠᠯᠢᠭ ᠢ ᠠᠭᠤᠳᠠᠯᠬᠤ ᠪᠠ ᠠᠵᠤ | ᠦᠢᠯᠡᠰᠵᠢᠭᠦᠯᠬᠦ ᠵᠠᠩᠭᠢᠯᠠᠭ᠎ᠠ ᠶᠢᠨ ᠮᠡᠷᠭᠡᠵᠢᠯ ᠤᠨ ᠡᠭᠦᠳᠦᠯᠲᠡ ᠵᠢᠴᠢ ᠬᠡᠷᠡᠭᠯᠡᠭᠡᠨ ︾ ᠤ ᠲᠥᠷᠥᠯ ᠵᠦᠢᠯ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠤᠳᠤᠯᠤᠭᠴᠢ ᠯᠦ ᠵᠠᠨ ᠶᠤᠸᠠᠨ ᠤ ᠡᠷᠭᠢᠯᠡᠨ ᠪᠡᠶᠡᠯᠡᠭᠦᠯᠦᠭᠰᠡᠨ ︽ ᠤᠮᠠᠷᠠᠲᠤ ᠶᠢᠨ | ᠲᠠᠷᠢᠶᠠᠯᠠᠩ ᠮᠠᠯ ᠠᠵᠤ ᠠᠬᠤᠢ ᠰᠣᠯᠪᠢᠴᠠᠭᠰᠠᠨ ᠣᠷᠣᠨ ᠤ ᠰᠠᠯᠬᠢᠨ ᠳᠤ ᠢᠳᠡᠭᠳᠡᠵᠦ ᠮᠠᠭᠤᠳᠠᠭᠰᠠᠨ ᠲᠠᠷᠢᠶᠠᠨ ᠭᠠᠵᠠᠷ ᠤᠨ ᠬᠦᠴᠦ ᠶᠢ ᠪᠤᠶᠢᠵᠢᠭᠤᠯᠬᠤ | ᠵᠠᠩᠭᠢᠯᠠᠭ᠎ᠠ ᠶᠢᠨ ᠮᠡᠷᠭᠡᠵᠢᠯ ᠬᠢᠭᠡᠳ ᠬᠡᠷᠡᠭᠯᠡᠭᠡᠨ ︾ ᠤ ᠲᠥᠷᠥᠯ ᠵᠦᠢᠯ ᠪᠣᠯᠣᠨ᠎ᠠ ᠃ | ᠵᠠᠩ ᠾᠧ ᠫᠢᠩ ᠤᠨ ᠡᠷᠭᠢᠯᠡᠭᠰᠡᠨ ︽ ᠰᠢᠯᠢᠳᠡᠭ ᠰᠦᠨ ᠬᠦᠴᠢᠯ ᠤᠨ ᠪᠠᠺᠲ᠋ᠧᠷᠢ ᠶᠢᠨ ᠦᠷ᠎ᠡ ᠡᠳ᠋ ᠤᠨ ᠡᠬᠢ ᠪᠠᠶᠠᠯᠢᠭ ᠢ ᠠᠭᠤᠳᠠᠯᠬᠤ ᠪᠠ ᠠᠵᠤ | ᠦᠢᠯᠡᠰᠵᠢᠭᠦᠯᠬᠦ ᠵᠠᠩᠭᠢᠯᠠᠭ᠎ᠠ ᠶᠢᠨ ᠮᠡᠷᠭᠡᠵᠢᠯ ᠤᠨ ᠡᠭᠦᠳᠦᠯᠲᠡ ᠵᠢᠴᠢ ᠬᠡᠷᠡᠭᠯᠡᠭᠡᠨ ︾ ᠤ ᠲᠥᠷᠥᠯ ᠵᠦᠢᠯ ᠨᠢ 30 ᠭᠠᠷᠤᠢ ᠵᠢᠯ ᠤᠨ ᠰᠤᠳᠤᠯᠭᠠᠨ ᠢ ᠥᠩᠭᠡᠷᠡᠭᠡᠭᠡᠳ ᠂ | ᠪᠦᠭᠦ ᠪᠥᠮᠪᠥᠷᠴᠡᠭ ᠤᠨ ᠬᠠᠮᠤᠭ ᠤᠨ ᠶᠡᠭᠡ ᠰᠦᠨ ᠬᠦᠴᠢᠯ ᠤᠨ ᠪᠠᠺᠲ᠋ᠧᠷᠢ ᠶᠢᠨ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠪᠣᠯᠣᠨ ᠭᠧᠨ ᠤ ᠪᠦᠯᠦᠭ ᠤᠨ | ᠳ᠋ᠠᠶᠢᠲ᠋ᠠ ᠬᠥᠮᠥᠷᠭᠡ ᠶᠢ ᠪᠠᠶᠢᠭᠤᠯᠵᠤ ᠂ 51286 ᠰᠦᠨ ᠬᠦᠴᠢᠯ ᠤᠨ ᠪᠠᠺᠲ᠋ᠧᠷᠢ ᠶᠢ ᠬᠠᠳᠠᠭᠠᠯᠠᠵᠠᠢ ᠃ ᠵᠣᠬᠢᠶᠠᠮᠠᠯ ᠣᠶᠤᠨ ᠴᠢᠳᠠᠪᠤᠷᠢ ᠳᠤ ᠰᠠᠭᠤᠷᠢᠯᠠᠭᠰᠠᠨ ᠳᠡᠭᠡᠳᠦ | ᠨᠡᠪᠳᠡᠷᠡᠴᠡᠳᠤ ᠨᠠᠷᠢᠯᠢᠭ ᠣᠨᠣᠴᠠᠲᠠᠢ ᠰᠢᠭᠰᠢᠨ ᠰᠣᠩᠭᠤᠬᠤ ᠮᠡᠷᠭᠡᠵᠢᠯ ᠢ ᠡᠭᠦᠳᠴᠦ ᠂ ᠰᠢᠯᠢᠳᠡᠭ ᠰᠠᠶᠢᠨ ᠥᠪᠡᠷᠮᠢᠴᠡ ᠣᠨᠴᠠᠯᠢᠭᠲᠤ ᠰᠦᠨ ᠬᠦᠴᠢᠯ ᠤᠨ | ᠪᠠᠺᠲ᠋ᠧᠷᠢ ᠶᠢ 104 ᠰᠢᠭᠰᠢᠨ ᠭᠠᠷᠭᠠᠵᠤ ᠂ ᠮᠠᠨ ᠤ ᠤᠯᠤᠰ ᠤᠨ ᠰᠦᠨ ᠬᠦᠴᠢᠯ ᠤᠨ ᠪᠠᠺᠲ᠋ᠧᠷᠢ ᠶᠢᠨ ᠦᠷ᠎ᠡ ᠶᠢ ᠥᠪᠡᠷ ᠢᠶᠠᠨ ᠥᠮᠴᠢᠯᠡᠬᠦ ᠶᠢ ᠪᠡᠶᠡᠯᠡᠭᠦᠯᠪᠡ ᠃ | ᠰᠦᠨ ᠬᠦᠴᠢᠯ ᠤᠨ ᠪᠠᠺᠲ᠋ᠧᠷᠢ ᠶᠢᠨ ᠰᠣᠯᠢᠯᠴᠠᠭ᠎ᠠ ᠶᠢ ᠲᠣᠬᠢᠷᠠᠭᠤᠯᠤᠨ ᠬᠥᠮᠥᠵᠢᠭᠦᠯᠬᠦ ᠪᠠ ᠡᠰ ᠤᠨ ᠭᠡᠮᠲᠦᠯ ᠢ ᠬᠠᠮᠠᠭᠠᠯᠠᠬᠤ ᠢᠨᠵᠧᠨᠧᠷᠢᠩ ᠤᠨ ᠮᠡᠷᠭᠡᠵᠢᠯ ᠢ | ᠰᠢᠪᠲᠤᠯᠵᠤ ᠂ ᠤᠯᠤᠰ ᠤᠨ ᠳᠣᠲᠣᠭᠠᠳᠤ ᠶᠢᠨ ᠬᠠᠮᠤᠭ ᠤᠨ ᠶᠡᠭᠡ ᠲᠦᠭᠦᠬᠡᠢ ᠮᠠᠲ᠋ᠧᠷᠢᠶᠠᠯ ᠤᠨ ᠪᠠᠺᠲ᠋ᠧᠷᠢ ᠶᠢᠨ ᠨᠤᠨᠳᠠᠭ ᠤᠨ ᠦᠢᠯᠡᠳᠪᠦᠷᠢᠯᠡᠯ ᠤᠨ ᠰᠠᠭᠤᠷᠢᠨ ᠢ | ᠡᠭᠦᠳᠦᠨ ᠪᠠᠶᠢᠭᠤᠯᠵᠤ ᠂ ᠳᠤᠮᠳᠠᠳᠤ ᠤᠯᠤᠰ ᠤᠨ ᠰᠦᠨ ᠬᠦᠴᠢᠯ ᠤᠨ ᠪᠠᠺᠲ᠋ᠧᠷᠢ ᠶᠢᠨ ᠠᠵᠤ ᠦᠢᠯᠡᠰ ᠤᠨ ᠠᠩᠬᠠᠳᠠᠭᠴᠢ ᠰᠲ᠋ᠣᠺ ᠢ ᠪᠤᠶ ᠪᠣᠯᠭᠠᠪᠠ ᠃ ᠪᠠᠺᠲ᠋ᠧᠷᠢ ᠶᠢᠨ | ᠰᠠᠭᠤᠷᠢ ᠶᠢᠨ ᠥᠨᠳᠥᠷ ᠪᠦᠲᠦᠮᠵᠢᠲᠡᠶ ᠬᠠᠷᠢᠯᠴᠠᠨ ᠦᠢᠯᠡᠴᠢᠯᠡᠬᠦ ᠪᠠ ᠨᠠᠷᠢᠯᠢᠭ ᠣᠨᠣᠴᠠᠲᠠᠢ ᠪᠠᠷ ᠡᠮ ᠨᠠᠶᠢᠷᠠᠭᠤᠯᠬᠤ ᠵᠠᠩᠭᠢᠯᠠᠭ᠎ᠠ ᠶᠢᠨ ᠮᠡᠷᠭᠡᠵᠢᠯ ᠢ ᠡᠭᠦᠳᠴᠦ ᠂ | ᠰᠦᠨ ᠬᠦᠴᠢᠯ ᠤᠨ ᠪᠠᠺᠲ᠋ᠧᠷᠢ ᠶᠢ ᠡᠮ ᠨᠠᠶᠢᠷᠠᠬᠤ ᠂ ᠴᠠᠭᠠᠨ ᠢᠳᠡᠭᠡ ᠪᠤᠯᠪᠠᠰᠤᠷᠠᠭᠤᠯᠬᠤ ᠪᠠ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠳᠤ ᠪᠦᠲᠦᠭᠡᠯᠴᠢ ᠪᠠᠷ | ᠬᠡᠷᠡᠭᠯᠡᠬᠦ ᠶᠢ ᠪᠡᠶᠡᠯᠡᠭᠦᠯᠪᠡ ᠃ ᠣᠶᠢᠷ᠎ᠠ ᠶᠢᠨ 3 ᠵᠢᠯ ᠳᠤ ᠭᠤᠣᠯᠳᠠᠯᠭ᠎ᠠ ᠲᠠᠢ ᠬᠡᠷᠡᠭᠯᠡᠭᠰᠡᠨ ᠠᠵᠤ ᠠᠬᠤᠶᠢᠯᠠᠯ 175.42 ᠳ᠋ᠦᠩᠰᠢᠭᠤᠷ ᠲᠥᠭᠦᠷᠢᠭ ᠤᠨ ᠦᠷ᠎ᠡ | ᠠᠰᠢᠭ ᠣᠯᠵᠤ ᠂ ᠭᠠᠳᠠᠭᠠᠳᠤ ᠶᠢᠨ ᠪᠠᠺᠲ᠋ᠧᠷᠢ ᠶᠢᠨ ᠰᠠᠭᠤᠷᠢ ᠂ ᠮᠡᠷᠭᠡᠵᠢᠯ ᠪᠣᠯᠣᠨ ᠦᠢᠯᠡᠳᠬᠦᠨ ᠤ ᠭᠠᠭᠴᠠᠭᠠᠷ ᠡᠵᠡᠮᠰᠢᠯ ᠢ ᠡᠪᠳᠡᠵᠦ ᠂ ᠮᠠᠨ ᠤ ᠤᠯᠤᠰ ᠤᠨ ᠰᠦᠨ | ᠬᠦᠴᠢᠯ ᠤᠨ ᠪᠠᠺᠲ᠋ᠧᠷᠢ ᠤᠷᠲᠤ ᠬᠤᠭᠤᠴᠠᠭ᠎ᠠ ᠪᠠᠷ ᠬᠥᠮᠥᠨ ᠳᠤ ᠬᠢᠵᠠᠭᠠᠷᠯᠠᠭᠳᠠᠵᠤ ᠪᠠᠶᠢᠭᠰᠠᠨ ᠪᠠᠶᠢᠳᠠᠯ ᠢ ᠬᠤᠪᠢᠷᠠᠭᠤᠯᠪᠠ ᠃ | ᠯᠦ ᠵᠠᠨ ᠶᠤᠸᠠᠨ ᠤ ᠡᠷᠭᠢᠯᠡᠭᠰᠡᠨ ︽ ᠤᠮᠠᠷᠠᠲᠤ ᠶᠢᠨ ᠲᠠᠷᠢᠶᠠᠯᠠᠩ ᠮᠠᠯ ᠠᠵᠤ ᠠᠬᠤᠢ ᠰᠣᠯᠪᠢᠴᠠᠭᠰᠠᠨ ᠣᠷᠣᠨ ᠤ ᠰᠠᠯᠬᠢᠨ ᠳᠤ ᠢᠳᠡᠭᠳᠡᠵᠦ ᠮᠠᠭᠤᠳᠠᠭᠰᠠᠨ | ᠲᠠᠷᠢᠶᠠᠨ ᠭᠠᠵᠠᠷ ᠤᠨ ᠭᠠᠵᠠᠷ ᠤᠨ ᠬᠦᠴᠦ ᠶᠢ ᠪᠤᠶᠢᠵᠢᠭᠤᠯᠬᠤ ᠵᠠᠩᠭᠢᠯᠠᠭ᠎ᠠ ᠶᠢᠨ ᠮᠡᠷᠭᠡᠵᠢᠯ ᠬᠢᠭᠡᠳ ᠬᠡᠷᠡᠭᠯᠡᠭᠡᠨ ︾ ᠤ ᠲᠥᠷᠥᠯ ᠵᠦᠢᠯ ᠨᠢ ᠮᠠᠨ ᠤ ᠤᠯᠤᠰ ᠤᠨ | ᠤᠮᠠᠷᠠᠲᠤ ᠶᠢᠨ ᠲᠠᠷᠢᠶᠠᠯᠠᠩ ᠮᠠᠯ ᠠᠵᠤ ᠠᠬᠤᠢ ᠰᠣᠯᠪᠢᠴᠠᠭᠰᠠᠨ ᠣᠷᠣᠨ ᠤ ᠲᠠᠷᠢᠶᠠᠨ ᠭᠠᠵᠠᠷ ᠤᠨ ᠰᠠᠯᠬᠢᠨ ᠳᠤ ᠢᠳᠡᠭᠳᠡᠵᠦ ᠮᠠᠭᠤᠳᠠᠭᠰᠠᠨ ᠪᠠ ᠦᠢᠯᠡᠳᠪᠦᠷᠢᠯᠡᠯ ᠤᠨ | ᠴᠢᠳᠠᠪᠤᠷᠢ ᠪᠠᠭᠤᠷᠠᠭᠰᠠᠨ ᠵᠡᠷᠭᠡ ᠴᠢᠬᠤᠯᠠ ᠶᠡᠭᠡ ᠰᠢᠨᠵᠢᠯᠡᠬᠦ ᠤᠬᠠᠭᠠᠨ ᠤ ᠠᠰᠠᠭᠤᠳᠠᠯ ᠳᠤ ᠴᠢᠭᠯᠡᠭᠦᠯᠦᠨ ᠂ ᠲᠠᠷᠢᠶᠠᠨ ᠭᠠᠵᠠᠷ ᠤᠨ ᠰᠠᠯᠬᠢᠨ ᠳᠤ ᠢᠳᠡᠭᠳᠡᠵᠦ | ᠮᠠᠭᠤᠳᠠᠭᠰᠠᠨ ᠵᠢᠮ᠎ᠡ ᠬᠠᠤᠯᠢ ᠶᠢ ᠢᠯᠡᠷᠡᠭᠦᠯᠵᠦ ᠂ ᠣᠯᠠᠨ ᠠᠷᠭ᠎ᠠ ᠭᠡᠯᠪᠡᠷᠢ ᠪᠠᠷ ᠰᠠᠯᠬᠢ ᠶᠢ ᠬᠤᠷᠢᠭᠯᠠᠵᠤ ᠰᠠᠯᠬᠢᠨ ᠳᠤ ᠢᠳᠡᠭᠳᠡᠬᠦ ᠶᠢ ᠬᠢᠵᠠᠭᠠᠷᠯᠠᠬᠤ ᠵᠠᠩᠭᠢᠯᠠᠭ᠎ᠠ ᠶᠢᠨ | ᠮᠡᠷᠭᠡᠵᠢᠯ ᠢ ᠰᠢᠪᠲᠤᠯᠵᠤ ᠂ ᠲᠠᠷᠢᠶᠠᠨ ᠭᠠᠵᠠᠷ ᠤᠨ ᠭᠠᠵᠠᠷ ᠤᠨ ᠬᠦᠴᠦ ᠡᠪᠳᠡᠭᠳᠡᠬᠦ ᠶᠢ ᠵᠣᠭᠰᠤᠭᠠᠬᠤ ᠰᠢᠨ᠎ᠡ ᠰᠢᠪᠲᠤᠯᠤᠯᠲᠠ ᠶᠢ ᠪᠡᠶᠡᠯᠡᠭᠦᠯᠪᠡ ︔ ᠣᠯᠠᠨ ᠠᠷᠭ᠎ᠠ | ᠵᠠᠮ ᠢᠶᠠᠷ ᠭᠠᠵᠠᠷ ᠤᠨ ᠬᠦᠴᠦ ᠶᠢ ᠬᠠᠨᠳᠤᠯᠭ᠎ᠠ ᠲᠠᠢ ᠪᠠᠷ ᠪᠤᠶᠢᠵᠢᠭᠤᠯᠬᠤ ᠵᠠᠩᠭᠢᠯᠠᠭ᠎ᠠ ᠶᠢᠨ ᠮᠡᠷᠭᠡᠵᠢᠯ ᠪᠠ ᠰᠡᠯᠭᠦᠨ ᠳᠠᠷᠢᠵᠦ ᠬᠥᠷᠥᠰᠥ ᠰᠢᠷᠣᠢ ᠶᠢ ᠰᠢᠮᠡᠵᠢᠭᠦᠯᠬᠦ | ᠰᠢᠨ᠎ᠡ ᠳᠦᠷᠢᠮ ᠢ ᠡᠭᠦᠳᠦᠨ ᠪᠠᠶᠢᠭᠤᠯᠵᠤ ᠂ ᠰᠠᠯᠬᠢᠨ ᠳᠤ ᠢᠳᠡᠭᠳᠡᠵᠦ ᠮᠠᠭᠤᠳᠠᠭᠰᠠᠨ ᠲᠠᠷᠢᠶᠠᠨ ᠭᠠᠵᠠᠷ ᠤᠨ ︽ ᠬᠡᠷᠡᠭᠯᠡᠬᠦ ᠂ ᠠᠷᠠᠴᠢᠯᠠᠬᠤ ︾ ᠲᠡᠩᠴᠡᠭᠦᠷᠢ ᠪᠠᠨ | ᠠᠯᠳᠠᠭᠰᠠᠨ ᠬᠦᠴᠢᠷ ᠠᠰᠠᠭᠤᠳᠠᠯ ᠢ ᠰᠢᠶ᠋ᠳᠪᠦᠷᠢᠯᠡᠪᠡ ︔ ᠠᠳᠠᠯᠢ ᠪᠤᠰᠤ ᠲᠠᠰ ᠤᠨ ᠮᠠᠭᠤᠳᠠᠭᠰᠠᠨ ᠲᠠᠷᠢᠶᠠᠨ ᠭᠠᠵᠠᠷ ᠤᠨ ᠭᠠᠵᠠᠷ ᠤᠨ ᠬᠦᠴᠦᠨ ᠢ ᠪᠤᠶᠢᠵᠢᠭᠤᠯᠬᠤ ᠪᠠ | ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠮᠡᠷᠭᠡᠵᠢᠯ ᠤᠨ ᠵᠠᠭᠪᠤᠷ ᠢ ᠲᠥᠪᠯᠡᠷᠡᠭᠦᠯᠦᠨ ᠡᠭᠦᠳᠦᠨ ᠪᠠᠶᠢᠭᠤᠯᠪᠠ ᠃ ᠰᠤᠳᠤᠯᠭᠠᠨ ᠤ ᠦᠷ᠎ᠡ ᠪᠦᠲᠦᠭᠡᠯ ᠢ | ᠨᠡᠶᠢᠲᠡ 2 ᠳ᠋ᠦᠩᠰᠢᠭᠤᠷ ᠭᠠᠷᠤᠢ ᠮᠦ ᠳᠤ ᠳᠡᠯᠭᠡᠷᠡᠭᠦᠯᠵᠦ ᠂ ᠠᠮᠤ ᠪᠤᠳᠠᠭᠠᠨ ᠤ ᠤᠨᠠᠯᠲᠠ ᠶᠢ 200 ᠭᠠᠷᠤᠢ ᠳ᠋ᠦᠩᠰᠢᠭᠤᠷ ᠵᠢᠩ ᠨᠡᠮᠡᠭᠳᠡᠭᠦᠯᠵᠦ ᠂ ᠣᠷᠣᠯᠭ᠎ᠠ ᠶᠢ | ᠨᠡᠮᠡᠭᠳᠡᠭᠦᠯᠦᠨ ᠵᠠᠷᠤᠯᠭ᠎ᠠ ᠶᠢ ᠠᠷᠪᠢᠯᠠᠭᠰᠠᠨ ᠬᠡᠮᠵᠢᠶ᠎ᠡ ᠨᠢ 230 ᠭᠠᠷᠤᠢ ᠳ᠋ᠦᠩᠰᠢᠭᠤᠷ ᠲᠥᠭᠦᠷᠢᠭ ᠲᠤ ᠬᠦᠷᠴᠦ ᠂ ᠮᠠᠨ ᠤ ᠤᠯᠤᠰ ᠤᠨ ᠤᠮᠠᠷᠠᠲᠤ ᠶᠢᠨ ᠲᠠᠷᠢᠶᠠᠯᠠᠩ | ᠮᠠᠯ ᠠᠵᠤ ᠠᠬᠤᠢ ᠰᠣᠯᠪᠢᠴᠠᠭᠰᠠᠨ ᠣᠷᠣᠨ ᠤ ᠮᠠᠭᠤᠳᠠᠭᠰᠠᠨ ᠲᠠᠷᠢᠶᠠᠨ ᠭᠠᠵᠠᠷ ᠢ ᠵᠠᠰᠠᠬᠤ ᠪᠠ ᠭᠠᠵᠠᠷ ᠤᠨ ᠬᠦᠴᠦ ᠶᠢ ᠪᠤᠶᠢᠵᠢᠭᠤᠯᠬᠤ ᠶᠢ ᠠᠬᠢᠭᠤᠯᠬᠤ ᠳᠤ | ᠴᠢᠬᠤᠯᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠬᠠᠩᠭᠠᠪᠠ ᠃ | ᠡᠭᠦᠨ ᠤ ᠬᠠᠮᠲᠤ ᠂ ᠮᠠᠨ ᠤ ᠣᠷᠣᠨ ᠤ ᠶᠢᠨ ᠢᠦᠢ ᠪᠦᠦ ᠯᠢᠩ ᠠᠮᠢᠳᠤ ᠪᠣᠳᠠᠰ ᠤᠨ ᠡᠮ ᠤᠨ ᠬᠢᠵᠠᠭᠠᠷᠲᠤ ᠺᠤᠮᠫᠠᠨᠢ ᠶᠢᠨ ᠣᠷᠣᠯᠴᠠᠬᠰᠠᠨ ︽ ᠭᠠᠭ᠋ᠠᠢ ᠳᠤ | ᠬᠡᠷᠡᠭᠯᠡᠬᠦ ᠳᠠᠭᠢᠨ ᠨᠡᠶᠢᠯᠡᠭᠦᠯᠦᠭᠰᠡᠨ ᠰᠢᠯᠦᠬᠡᠢ ᠡᠪᠡᠳᠴᠢᠨ ᠤ 0 ᠭᠡᠯᠪᠡᠷᠢ ᠂ A ᠭᠡᠯᠪᠡᠷᠢ ᠶᠢᠨ ᠬᠤᠶᠠᠷ ᠸᠠᠯᠧᠨ᠋ᠳ᠋ᠳᠤ ᠢᠳᠡᠪᠬᠢ ᠥᠭᠡᠶᠢᠵᠢᠭᠦᠯᠦᠭᠰᠡᠨ ᠸᠠᠺᠼᠢᠨ ᠤ | ᠡᠭᠦᠳᠦᠯᠲᠡ ᠪᠠ ᠬᠡᠷᠡᠭᠯᠡᠭᠡᠨ ︾ ᠤ ᠲᠥᠷᠥᠯ ᠵᠦᠢᠯ ᠤᠯᠤᠰ ᠤᠨ ᠮᠡᠷᠭᠡᠵᠢᠯ ᠤᠨ ᠡᠭᠦᠳᠦᠯᠲᠡ ᠶᠢᠨ ᠬᠤᠶᠠᠳᠤᠭᠠᠷ ᠳᠡᠰ ᠤᠨ ᠱᠠᠩᠨᠠᠯ ᠢ ᠭᠦᠷᠳᠡᠪᠡ ︔ ᠥᠪᠦᠷ | ᠮᠣᠩᠭᠤᠯ ᠤᠨ ᠰᠠᠢ ᠹᠧᠢ ᠶᠠ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠬᠤᠪᠢᠴᠠᠭᠠᠲᠤ ᠬᠢᠵᠠᠭᠠᠷᠲᠤ ᠺᠤᠮᠫᠠᠨᠢ ᠶᠢᠨ | ᠣᠷᠣᠯᠴᠠᠬᠰᠠᠨ ︽ ᠮᠢᠬᠠᠨ ᠤ ᠨᠤᠭᠤᠰᠤ ᠶᠢᠨ ᠥᠨᠳᠥᠷ ᠪᠦᠲᠦᠮᠵᠢᠲᠡᠢ ᠡᠭᠦᠯᠳᠡᠷ ᠪᠤᠶᠢᠵᠢᠭᠤᠯᠬᠤ ᠮᠡᠷᠭᠡᠵᠢᠯ ᠢ ᠡᠭᠦᠳᠦᠨ ᠪᠠᠶᠢᠭᠤᠯᠬᠤ ᠪᠠ ᠰᠢᠨ᠎ᠡ ᠡᠭᠦᠯᠳᠡᠷ ᠢ | ᠪᠤᠶᠢᠵᠢᠭᠤᠯᠬᠤ ᠵᠢᠴᠢ ᠠᠵᠤ ᠦᠢᠯᠡᠰᠵᠢᠭᠦᠯᠬᠦ ︾ ᠲᠥᠷᠥᠯ ᠵᠦᠢᠯ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠬᠤᠶᠠᠳᠤᠭᠠᠷ | ᠳᠡᠰ ᠤᠨ ᠱᠠᠩᠨᠠᠯ ᠢ ᠭᠦᠷᠲᠡᠪᠡ ᠃ | | | |