ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ︽ᠥᠪᠥᠷ ᠮᠣᠩᠭᠤᠯ ᠤᠨ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠳᠤ ᠭᠦᠨᠵᠡᠭᠡᠢ ᠠᠭᠤᠰᠤᠯᠴᠠᠬᠤ ᠶᠢ ᠠᠬᠢᠭᠤᠯᠬᠤ︾ ᠲᠤᠰᠬᠠᠢ ᠰᠡᠳᠦᠪᠲᠦ ᠵᠥᠪᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/27
    6 ᠰᠠᠷ᠎ᠠ ᠶᠢᠨ 24 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ︽ ᠥᠪᠥᠷ ᠮᠣᠩᠭᠤᠯ ᠤᠨ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠳᠤ ᠭᠦᠨᠵᠡᠭᠡᠢ ᠠᠭᠤᠰᠤᠯᠴᠠᠬᠤ ᠶᠢ ᠠᠬᠢᠭᠤᠯᠬᠤ ︾ ᠲᠤᠰᠬᠠᠢ ᠰᠡᠳᠦᠪᠲᠦ ᠵᠥᠪᠯᠡᠬᠦ ᠬᠤᠷᠠᠯ ᠬᠤᠷᠠᠯᠳᠤᠭᠤᠯᠪᠠ ᠃    ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠲᠡᠷᠢᠭᠦᠯᠡᠭᠴᠢ ᠵᠠᠩ ᠶᠠᠨ ᠺᠦᠨ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠪᠠᠶᠢᠳᠠᠯ ᠢ ᠮᠡᠳᠡᠭᠳᠡᠵᠦ ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠠᠨ ᠷᠦᠨ ᠱᠧᠩ ᠬᠤᠷᠠᠯ ᠢ ᠡᠷᠭᠢᠯᠡᠭᠰᠡᠨ ᠪᠥᠭᠡᠳ ᠪᠠᠶᠢᠴᠠᠭᠠᠨ ᠰᠤᠳᠤᠯᠤᠯᠲᠠ ᠬᠢᠭᠰᠡᠨ ᠪᠠᠶᠢᠳᠠᠯ ᠤᠨ ᠲᠣᠳᠣᠷᠬᠠᠶᠢᠯᠠᠯᠲᠠ ᠬᠢᠪᠡ ᠃    ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠥᠷᠥ ᠶᠢᠨ ᠪᠣᠳᠣᠯᠭ᠎ᠠ ᠰᠤᠳᠤᠯᠬᠤ ᠲᠠᠰᠤᠭ ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠤᠨ ᠬᠠᠷᠢᠭᠤᠴᠠᠯᠭᠠᠲᠠᠨ ᠨᠥᠬᠦᠳ ᠪᠠᠶᠢᠳᠠᠯ ᠢ ᠮᠡᠳᠡᠭᠳᠡᠵᠦ ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠂ ᠣᠶᠤᠨ ᠤ ᠬᠥᠮᠥᠷᠭᠡ ᠶᠢᠨ ᠲᠤᠰᠬᠠᠢ ᠮᠡᠷᠭᠡᠵᠢᠯᠲᠡᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠦᠭᠡ ᠬᠡᠯᠡᠭᠰᠡᠨ ᠪᠥᠭᠡᠳ ᠢᠳᠡᠪᠬᠢᠲᠡᠢ ᠶᠠᠷᠢᠯᠴᠠᠨ ᠰᠣᠯᠢᠯᠴᠠᠪᠠ ᠃    ᠬᠤᠷᠠᠯ ᠠᠴᠠ ᠪᠦᠭᠦ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠰᠢᠰᠲ᠋ᠧᠮ ᠤᠨ ᠬᠢᠨ ᠥᠪᠥᠷ ᠮᠣᠩᠭᠤᠯ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠂ ᠠᠵᠤ ᠦᠢᠯᠡᠰ ᠤᠨ ᠰᠢᠯᠵᠢᠯᠲᠡ ᠶᠢᠨ ᠥᠨᠳᠦᠷᠯᠢᠭ ᠂ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠂ ᠵᠠᠮ ᠬᠠᠷᠢᠯᠴᠠᠭ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠪᠠᠶᠢᠷᠢᠰᠢᠯ ᠂ ᠪᠣᠬᠢᠷᠳᠤᠯ ᠦᠭᠡᠢ ᠪᠣᠳᠣᠯᠲᠠ ᠶᠢᠨ ᠬᠦᠴᠦᠨ ᠤ ᠪᠠᠲᠤᠯᠠᠭ᠎ᠠ ᠶᠢᠨ ᠰᠠᠭᠤᠷᠢᠨ ᠂ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠰᠠᠭᠤᠷᠢᠨ ᠢ ᠪᠠᠶᠢᠭᠤᠯᠬᠤ ᠳᠤ ᠬᠦᠴᠦᠨ ᠨᠡᠮᠡᠷᠢᠯᠡᠵᠦ ᠂ ᠥᠪᠥᠷ ᠮᠣᠩᠭᠤᠯ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ᠪᠡᠭᠡᠵᠢᠩ ᠲᠢᠶᠠᠨᠵᠢᠨ ᠾᠧᠪᠧᠢ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠂ ᠨᠡᠶᠢᠭᠡᠮ ᠤᠨ ᠠᠵᠢᠯ ᠦᠢᠯᠡᠰ ᠤᠨ ᠬᠠᠮᠵᠢᠯᠴᠠᠨ ᠬᠥᠭᠵᠢᠬᠦ ᠳᠤ ᠢᠳᠡᠪᠬᠢᠲᠡᠢ ᠪᠠᠷ ᠬᠥᠭᠦᠷᠭᠡ ᠬᠤᠯᠪᠣᠭᠠᠰᠤ ᠪᠣᠯᠵᠤ ᠂ ᠠᠷᠭ᠎ᠠ ᠤᠬᠠᠭᠠᠨ ᠭᠠᠷᠭᠠᠵᠤ ᠂ ᠮᠠᠨ ᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ ᠃     
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ