| ︽ ᠰᠢᠨᠡᠭᠡᠨ ᠴᠢᠬᠢ ᠳᠦᠩᠭᠡᠵᠢ ᠤᠰᠤᠨ ᠠᠴᠠ ᠭᠠᠷᠴᠤ ᠂ ᠨᠣᠭᠤᠭᠠᠨ ᠬᠡᠪᠢᠰ ᠢ ᠨᠡᠭᠡᠵᠤ ᠪᠠᠶᠢᠭ᠎ᠠ ᠮᠡᠳᠤ ᠪᠠᠶᠢᠯ᠎ᠠ︾ ᠃ ᠣᠳᠣᠬᠠᠨ ᠳᠤ ᠂ ᠤᠰᠤᠨ | ᠲᠤᠲᠤᠷᠭ᠎ᠠ ᠶᠢᠨ ᠴᠢᠬᠢ ᠰᠠᠭᠤᠯᠭᠠᠬᠤ ᠬᠤᠭᠤᠴᠠᠭᠠᠨ ᠳᠤ ᠣᠷᠣᠵᠤ ᠂ ᠵᠡᠭᠦᠨᠭᠠᠷ ᠬᠤᠰᠢᠭᠤᠨ ᠤ ᠡᠯ᠎ᠡ ᠭᠠᠵᠠᠷ ᠤᠨ ᠬᠢᠨ ᠲᠠᠷᠢᠶᠠᠨ ᠠᠵᠢᠯ ᠢ ᠠᠮᠵᠢᠨ ᠬᠢᠬᠦ ᠪᠠᠷ | ᠶᠠᠭᠠᠷᠠᠯᠳᠤᠨ ᠂ 5000 ᠮᠦ ᠤᠰᠤᠨ ᠲᠤᠲᠤᠷᠭ᠎ᠠ ᠶᠢᠨ ᠴᠢᠬᠢ ᠰᠠᠭᠤᠯᠭᠠᠬᠤ ᠠᠵᠢᠯ ᠢ ᠵᠠᠯᠭᠠᠭ᠎ᠠ ᠪᠠᠷ ᠡᠬᠢᠯᠡᠭᠦᠯᠵᠦ ᠂ ᠦᠵᠡᠰᠬᠦᠯᠡᠩᠲᠦ ᠰᠠᠶᠢᠬᠠᠨ ᠲᠠᠷᠢᠶᠠᠯᠠᠩ ᠤᠨ | ᠦᠵᠡᠮᠵᠢ ᠪᠠᠶᠢᠳᠠᠯ ᠬᠥᠮᠥᠰ ᠤᠨ ᠬᠠᠷᠠᠭᠠᠨ ᠳᠤ ᠳᠤᠳᠤᠷᠠᠨ᠎ᠠ᠃ | | | | ᠱᠢ ᠡᠯ ᠯᠢᠶᠠᠨ ᠴᠸᠩ ᠰᠢᠶᠠᠩ ᠤᠨ ᠵᠡᠬᠦᠨ ᠪᠤᠯᠠᠭ ᠲᠣᠰᠬᠤᠨ ᠤ ᠤᠰᠤᠨ ᠲᠤᠲᠤᠷᠭ᠎ᠠ ᠶᠢᠨ ᠲᠠᠷᠢᠶᠠᠨ ᠳᠤ ᠶᠠᠭᠠᠷᠠᠯᠲᠠᠢ | ᠠᠵᠢᠯᠯᠠᠬᠤ ᠪᠠᠶᠢᠳᠠᠯ ᠢᠯᠡᠷᠡᠨ᠎ᠡ᠃ ᠲᠠᠷᠢᠶᠠᠴᠢᠨ ᠡᠷᠦᠬᠡ ᠨᠦᠭᠦᠳ ᠶᠠᠭ ᠰᠠᠶᠢᠬᠠᠨ ᠤᠰᠤᠨ ᠲᠤᠲᠤᠷᠭ᠎ᠠ ᠶᠢᠨ ᠴᠢᠬᠢ ᠶᠢ ᠡᠮᠬᠢ ᠵᠠᠮᠪᠠᠷᠠᠭ᠎ᠠ ᠲᠠᠢ ᠪᠠᠷ ᠪᠠᠭᠤᠯᠭᠠᠵᠤ ᠂ | ᠴᠢᠬᠢ ᠶᠢᠨ ᠲᠠᠪᠠᠭ ᠢ ᠵᠥᠭᠡᠭᠡᠪᠦᠷᠢᠯᠡᠨ᠂ ᠦᠷᠦᠵᠦ ᠲᠠᠯᠪᠢᠬᠤ ᠶᠢᠨ ᠬᠠᠮᠲᠤ ᠴᠢᠬᠢ ᠰᠠᠭᠤᠯᠭᠠᠬᠤ ᠮᠠᠰᠢᠨ ᠢ ᠳᠠᠳᠮᠠᠭᠠᠢ ᠪᠠᠷ ᠠᠵᠢᠯᠯᠠᠭᠤᠯᠤᠨ᠎ᠠ᠃ ᠴᠢᠬᠢ ᠰᠠᠭᠤᠯᠭᠠᠬᠤ | ᠮᠠᠰᠢᠨ ᠤ ᠬᠦᠷᠴᠢᠭᠢᠨᠡᠨ ᠳᠤᠤᠭᠠᠷᠴᠤ ᠤᠷᠤᠭᠰᠢᠯᠠᠬᠤ ᠶᠢ ᠳᠠᠭᠠᠯᠳᠤᠨ᠂ ᠲᠡᠷᠢ ᠲᠡᠭᠰᠢ ᠤᠰᠤᠨ ᠲᠤᠲᠤᠷᠭ᠎ᠠ ᠶᠢᠨ ᠴᠢᠬᠢ ᠶᠢ ᠮᠠᠰᠢ ᠲᠦᠷᠭᠡᠨ ᠢᠶᠠᠷ ᠤᠰᠤᠨ ᠳᠤ | ᠬᠠᠳᠬᠤᠨ ᠤᠷᠤᠭᠤᠯᠵᠤ ᠂ ᠮᠠᠰᠢ ᠰᠠᠶᠢᠬᠠᠨ ᠨᠣᠭᠤᠭᠠᠨ ᠦᠵᠡᠮᠵᠢ ᠶᠢᠨ ᠣᠷᠣᠨ ᠢ ᠪᠦᠷᠢᠯᠳᠦᠭᠦᠯᠵᠤ ᠪᠠᠶᠢᠯ᠎ᠠ᠃ | | | | ᠳ᠋ᠠ ᠯᠦ ᠪᠠᠯᠭᠠᠰᠤᠨ ᠤ ᠰᠢᠶᠣᠣ ᠲᠠᠨ ᠽᠢ ᠲᠣᠰᠬᠤᠨ ᠤ ᠬᠠᠳᠤᠨ ᠭᠤᠣᠯ ᠤᠨ ᠲᠤᠲᠤᠷᠭ᠎ᠠ ᠪᠠ ᠵᠢᠭᠠᠰᠤᠨ ᠤ ᠠᠮᠢ ᠠᠬᠤᠢ ᠶᠢᠨ ᠵᠤᠭᠠᠴᠠᠯ ᠤᠨ ᠬᠦᠷᠢᠶᠡᠯᠡᠩ ᠳᠤ ᠂ | ᠴᠢᠬᠢ ᠰᠠᠭᠤᠯᠭᠠᠬᠤ ᠮᠠᠰᠢᠨ ᠲᠠᠷᠢᠶᠠᠨ ᠳᠤᠮᠳᠠᠭᠤᠷ ᠨᠠᠭᠠᠰᠢ ᠴᠠᠭᠠᠰᠢ ᠰᠦᠯᠵᠢᠯᠳᠦᠨ᠂ ᠨᠢᠭᠡ ᠨᠢᠭᠡ ᠰᠠᠭᠤᠷᠢ ᠴᠢᠬᠢ ᠨᠢ ᠴᠢᠬᠢ ᠰᠠᠭᠤᠯᠭᠠᠬᠤ ᠮᠠᠰᠢᠨ ᠤ ᠲᠠᠪᠠᠭ | ᠳᠡᠭᠡᠷ᠎ᠡ ᠠᠴᠠ ᠭᠤᠯᠭᠤᠷᠢᠨ ᠪᠠᠭᠤᠵᠤ ᠂ ᠤᠰᠤᠨ ᠳᠤ ᠲᠡᠷᠢ ᠲᠡᠭᠰᠢ ᠰᠢᠭᠢᠳᠦᠨ ᠣᠷᠣᠨ᠎ᠠ᠃ ᠨᠦᠬᠦᠭᠡ ᠲᠠᠯ᠎ᠠ ᠪᠠᠷ ᠂ 20 ᠭᠠᠷᠤᠢ ᠠᠵᠢᠯᠴᠢᠨ ᠴᠤ ᠮᠥᠨ ᠶᠠᠭᠠᠷᠠᠯᠲᠠᠢ | ᠠᠵᠢᠯᠯᠠᠵᠤ ᠂ ᠵᠠᠷᠢᠮ ᠨᠢ ᠴᠢᠬᠢ ᠶᠢ ᠰᠢᠯᠵᠢᠬᠦᠯᠤᠨ ᠂ ᠵᠠᠷᠢᠮ ᠨᠢ ᠤᠰᠤᠨ ᠲᠤᠲᠤᠷᠭ᠎ᠠ ᠶᠢᠨ ᠲᠠᠷᠢᠶᠠᠨ ᠳᠤ ᠴᠢᠬᠢ ᠰᠠᠭᠤᠯᠭᠠᠵᠤ ᠪᠠᠶᠢᠪᠠ᠂ ᠤᠳᠠᠯ ᠦᠭᠡᠢ ᠤᠰᠤᠨ | ᠲᠠᠷᠢᠶᠠᠨ ᠳᠤ ᠵᠠᠯᠭᠠᠭ᠎ᠠ ᠪᠠᠷ ᠬᠡᠰᠡᠭ ᠬᠡᠰᠡᠭ ᠰᠢᠨ᠎ᠡ ᠨᠣᠭᠤᠭᠠᠨ ᠥᠩᠭᠡ ᠶᠢ ᠳᠡᠪᠢᠰᠤᠨ ᠦᠭᠬᠦᠯ᠎ᠡ᠃ | ︽ ᠺᠣᠮᠫᠠᠨᠢ ᠳᠤ ᠨᠡᠶᠢᠲᠡ 5 ᠴᠢᠬᠢ ᠰᠠᠭᠤᠯᠭᠠᠬᠤ ᠮᠠᠰᠢᠨ ᠲᠠᠢ ᠂ ᠨᠢᠭᠡ ᠴᠢᠬᠢ ᠰᠠᠭᠤᠯᠭᠠᠬᠤ ᠮᠠᠰᠢᠨ ᠨᠢ ᠡᠳᠦᠷ ᠲᠤ 30 ᠮᠦ ᠲᠤᠲᠤᠷᠭ᠎ᠠ ᠶᠢᠨ ᠴᠢᠬᠢ | ᠰᠠᠭᠤᠯᠭᠠᠨ᠎ᠠ ︔ ᠬᠥᠮᠥᠨ ᠤ ᠬᠦᠴᠦ ᠪᠠᠷ ᠲᠤᠲᠤᠷᠭ᠎ᠠ ᠶᠢᠨ ᠴᠢᠬᠢ ᠰᠠᠭᠤᠯᠭᠠᠵᠤ ᠪᠠᠶᠢᠬᠤ ᠨᠢ 29 ᠬᠥᠮᠥᠨ ᠪᠤᠢ᠂ᠬᠥᠮᠥᠨ ᠪᠤᠯᠭᠠᠨ ᠳᠤᠮᠳᠠᠴᠢ ᠪᠠᠷ | ᠡᠳᠦᠷ ᠲᠤ 1 ᠮᠦ ᠣᠷᠴᠢᠮ ᠲᠤᠲᠤᠷᠭ᠎ᠠ ᠶᠢᠨ ᠴᠢᠬᠢ ᠰᠠᠭᠤᠯᠭᠠᠵᠤ ᠳᠡᠶᠢᠯᠳᠡᠭ ᠂ ᠵᠢᠱᠢᠯᠲᠡ ᠪᠠᠷ 6 ᠰᠠᠷ᠎ᠠ ᠶᠢᠨ 10 ᠤ ᠡᠳᠦᠷ ᠠᠴᠠ ᠡᠮᠦᠨ᠎ᠡ ᠪᠦᠬᠦᠨ ᠢ | ᠰᠠᠭᠤᠯᠭᠠᠵᠤ ᠳᠠᠭᠤᠰᠬᠠᠨ᠎ᠠ ︾ ᠭᠡᠵᠤ ᠥᠪᠥᠷ ᠮᠣᠩᠭᠤᠯ ᠤᠨ ᠴᠧᠩ ᠽᠧ ᠲᠤᠲᠤᠷᠭ᠎ᠠ ᠪᠠ ᠵᠢᠭᠠᠰᠤᠨ ᠤ ᠠᠮᠢ ᠠᠬᠤᠢ ᠶᠢᠨ ᠲᠠᠷᠢᠶᠠᠯᠠᠩ ᠤᠨ ᠵᠤᠭᠠᠴᠠᠯ ᠤᠨ | ᠬᠢᠵᠠᠭᠠᠷᠲᠤ ᠺᠣᠮᠫᠠᠨᠢ ᠶᠢᠨ ᠲᠠᠷᠢᠶᠠᠯᠠᠩ ᠦᠢᠯᠡᠳᠪᠦᠷᠢᠯᠡᠯ ᠤᠨ ᠬᠠᠷᠢᠭᠤᠴᠠᠯᠭᠠᠲᠠᠨ ᠴᠢᠶᠣᠤ ᠱᠧᠩ ᠲᠠᠨᠢᠯᠴᠠᠭᠤᠯᠤᠨ᠎ᠠ ᠃ | | | | ᠳ᠋ᠠ ᠯᠦ ᠪᠠᠯᠭᠠᠰᠤᠨ ᠤ ᠰᠢᠶᠣᠣ ᠲᠠᠨ ᠽᠢ ᠲᠣᠰᠬᠤᠨ ᠨᠢ ᠬᠠᠲᠤᠨ ᠭᠤᠣᠯ ᠤᠨ ᠳᠤᠬᠤᠢ ᠶᠢᠨ ᠵᠡᠭᠦᠨ ᠬᠤᠶᠢᠲᠤ ᠥᠨᠴᠥᠭ ᠲᠤ ᠪᠠᠶᠢᠷᠢᠯᠠᠵᠤ ᠪᠠᠶᠢᠳᠠᠭ ᠃ | ᠥᠩᠭᠡᠷᠡᠭᠰᠡᠨ ᠳᠤ ᠠᠳᠡᠬᠢ ᠬᠤᠵᠢᠷᠯᠢᠭ ᠭᠠᠵᠠᠷ ᠂ ᠡᠯᠡᠰᠦᠷᠬᠡᠭ ᠭᠠᠵᠠᠷ ᠂ ᠨᠠᠯᠠᠤ ᠭᠠᠵᠠᠷ ᠤᠯᠠᠨ ᠪᠠᠶᠢᠭᠰᠠᠨ ᠪᠣᠯᠬᠤᠷ ᠲᠠᠷᠢᠶᠠᠴᠢᠨ ᠡᠷᠦᠬᠡ ᠶᠢᠨ ᠲᠠᠷᠢᠮᠠᠯ ᠤᠨ | ᠤᠨᠠᠯᠲᠠ ᠳᠡᠭᠡᠭᠰᠢᠯᠡᠵᠦ ᠳᠡᠶᠢᠯᠬᠦ ᠦᠭᠡᠢ ᠪᠠᠶᠢᠪᠠ᠃ ᠣᠶᠢᠷ᠎ᠠ ᠶᠢᠨ ᠵᠢᠯ ᠤᠳ ᠲᠤ ᠂ ᠰᠢᠶᠣᠣ ᠲᠠᠨ ᠽᠢ ᠲᠣᠰᠬᠤᠨ ᠲᠠᠷᠢᠮᠠᠯ ᠤᠨ ᠤᠶᠢᠯᠡᠰ ᠤᠨ ᠰᠡᠳᠬᠢᠴᠡ ᠪᠠᠨ | ᠬᠤᠪᠢᠷᠠᠭᠤᠯᠤᠨ ᠂ ᠬᠤᠵᠢᠷᠯᠢᠭ ᠭᠠᠵᠠᠷ ᠲᠤ ᠤᠰᠤᠨ ᠲᠤᠲᠤᠷᠭ᠎ᠠ ᠲᠠᠷᠢᠵᠦ ᠂ ᠭᠠᠵᠠᠷ ᠰᠢᠷᠣᠢ ᠶᠢ ᠰᠠᠶᠢᠵᠢᠷᠠᠭᠤᠯᠤᠬᠰᠠᠨ ᠤ ᠬᠠᠮᠲᠤ ᠪᠠᠰᠠ ᠤᠰᠤ ᠪᠠᠪᠣᠷᠳᠣᠭᠤᠷ ᠢ | ᠠᠷᠪᠢᠯᠠᠵᠤ ᠂ ᠤᠨᠠᠯᠲᠠ ᠶᠢ ᠨᠢ ᠳᠡᠭᠡᠭᠰᠢᠯᠡᠭᠦᠯᠵᠦ ᠪᠠᠶᠢᠨ᠎ᠠ᠃ ︽ ᠡᠨᠡ ᠵᠢᠯ ᠨᠡᠶᠢᠲᠡ 1200 ᠭᠠᠷᠤᠢ ᠮᠦ ᠤᠰᠤᠨ ᠲᠤᠲᠤᠷᠭ᠎ᠠ ᠳᠠᠷᠢᠵᠠᠢ ᠃ ᠮᠠᠨ ᠤ ᠬᠡᠷᠡᠭᠯᠡᠭᠰᠡᠨ | ᠪᠣᠷᠳᠣᠭᠤᠷ ᠨᠢ ᠴᠥᠮ ᠲᠠᠷᠢᠶᠠᠴᠢᠨ ᠠᠶᠢᠯ ᠤᠨ ᠪᠣᠷᠳᠣᠭᠤᠷ ᠪᠠᠶᠢᠵᠤ ᠂ ᠬᠡᠷᠡᠭᠯᠡᠭᠰᠡᠨ ᠡᠪᠡᠰᠦ ᠠᠷᠢᠯᠭᠠᠬᠤ ᠮᠡᠷᠭᠡᠵᠢᠯ ᠨᠢ ᠪᠣᠯ ᠰᠦᠯᠢᠶᠤᠤ ᠪᠦᠷᠬᠦᠪᠴᠢ ᠶᠢ | ᠵᠠᠳᠠᠷᠠᠭᠤᠯᠬᠤ ᠪᠠ ᠨᠢᠯᠬ᠎ᠠ ᠡᠪᠡᠰᠦ ᠶᠢ ᠠᠷᠢᠯᠭᠠᠬᠤ ᠮᠡᠷᠭᠡᠵᠢᠯ ᠪᠣᠯᠣᠨ᠎ᠠ ᠂ ᠣᠳᠣ ᠨᠢᠭᠡᠨᠲᠡ ᠭᠤᠷᠪᠠᠨ ᠵᠢᠯ ᠡᠪᠡᠳᠴᠢᠨ ᠬᠤᠷᠣᠬᠠᠢ ᠶᠢᠨ ᠭᠠᠮᠰᠢᠭ ᠭᠠᠷᠤᠭᠰᠠᠨ ᠦᠭᠡᠢ ︾ | ᠭᠡᠵᠦ ᠴᠢᠶᠣᠤ ᠱᠧᠩ ᠶᠠᠷᠢᠨ᠎ᠠ᠃ | ᠣᠶᠢᠷ᠎ᠠ ᠶᠢᠨ ᠵᠢᠯ ᠠᠴᠠ ᠨᠠᠭᠠᠰᠢ ᠂ ᠵᠡᠭᠦᠨᠭᠠᠷ ᠬᠤᠰᠢᠭᠤ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ ᠂ | ︽ ᠳᠠᠷᠢᠶᠠᠨ ᠭᠠᠵᠠᠷ ᠤᠨ ᠠᠮᠤ ᠪᠤᠳᠠᠭᠠᠨ ᠤ ᠤᠶᠢᠯᠡᠳᠪᠤᠷᠢᠯᠡᠯ ᠤᠨ ᠴᠢᠳᠠᠪᠤᠷᠢ ᠶᠢ ᠪᠠᠳᠤᠯᠠᠵᠤ ᠂ ᠮᠡᠷᠭᠡᠵᠢᠯ ᠢᠶᠠᠷ ᠠᠮᠤ ᠪᠤᠳᠠᠭᠠᠨ ᠤ ᠤᠨᠠᠯᠳᠠ ᠶᠢ ᠨᠡᠮᠡᠭᠳᠡᠬᠦᠯᠬᠦ︾ | ᠣᠶᠢᠯᠠᠭᠠᠭᠳᠠᠬᠤᠨ ᠢ ᠪᠠᠲᠤ ᠪᠤᠢ ᠪᠣᠯᠭᠠᠵᠤ ᠂ ᠭᠠᠵᠠᠷ ᠵᠦᠢ ᠪᠠ ᠤᠰᠤᠨ ᠤ ᠡᠬᠢ ᠰᠤᠷᠪᠤᠯᠵᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠤᠨ ᠂ ᠭᠠᠵᠠᠷ ᠰᠢᠷᠣᠢ ᠶᠢ | ᠡᠷᠭᠢᠯᠲᠡ ᠳᠤ ᠣᠷᠣᠭᠤᠯᠬᠤ ᠤᠯᠠᠨ ᠵᠦᠢᠯ ᠤᠨ ᠵᠠᠭᠪᠤᠷ ᠢ ᠢᠳᠡᠪᠬᠢᠲᠡᠢ ᠬᠠᠶᠢᠨ ᠰᠦᠪᠡᠭᠴᠢᠯᠡᠪᠡ᠃ 2024 ᠣᠨ ᠳᠤ ᠵᠢᠱᠢᠯᠲᠡ ᠪᠠᠷ ᠲᠠᠷᠢᠮᠠᠯ ᠤᠨ ᠲᠠᠯᠠᠪᠠᠢ ᠶᠢ 84 | ᠲᠦᠮᠡᠨ ᠮᠦ ᠳᠤ ᠬᠦᠷᠭᠡᠵᠦ ᠂ ᠤᠰᠤᠨ ᠲᠤᠲᠤᠷᠭ᠎ᠠ ᠶᠢ 5000 ᠮᠦ ᠲᠠᠷᠢᠬᠤ ᠪᠠᠷ ᠲᠥᠯᠥᠪᠯᠡᠵᠦ ᠂ ᠪᠦᠬᠦ ᠵᠢᠯ ᠤᠨ ᠠᠮᠤ ᠪᠤᠳᠠᠭᠠᠨ ᠤ ᠤᠨᠠᠯᠲᠠ ᠶᠢ | ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ ᠳᠤ ᠰᠠᠭᠤᠷᠢ ᠶᠢ ᠪᠠᠲᠤᠳᠬᠠᠵᠤ ᠪᠠᠶᠢᠨ᠎ᠠ᠃ | | | | |