| ᠬᠤᠲᠠ ᠶᠢᠨ ᠬᠥᠭᠵᠢᠯᠲᠡ ᠡᠳᠦᠷ ᠠᠴᠠ ᠡᠳᠦᠷ ᠰᠢᠨᠡᠳᠦᠨ ᠬᠤᠪᠢᠷᠠᠬᠤ ᠶᠢ ᠳᠠᠭᠠᠯᠳᠤᠨ ᠂ ᠴᠠᠬᠢᠯᠭᠠᠨ ᠳᠠᠳᠠᠭᠤᠷᠭᠠ ᠳᠡᠭᠡᠰᠦ ᠨᠢ ᠴᠤ ᠠᠭᠠᠷ ᠳᠡᠭᠡᠷ᠎ᠡ ᠠᠴᠠ | ᠭᠠᠵᠠᠷ ᠳᠣᠣᠷᠠᠨᠡᠭᠦᠨ ᠢᠷᠡᠪᠡ ᠃ ᠣᠶᠢᠷ᠎ᠠ ᠶᠢᠨ ᠬᠤᠭᠤᠴᠠᠭᠠᠨ ᠳᠤ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠵᠡᠭᠦᠨᠭᠠᠷ ᠤᠨ ᠠᠵᠤ ᠦᠢᠯᠡᠰ ᠤᠨ | ᠬᠦᠷᠢᠶᠡᠯᠡᠩ ᠤᠨ ᠨᠠᠢᠮᠠ ᠨᠢᠭᠡ ᠶᠢᠨ ᠵᠠᠮ ᠳᠡᠭᠡᠷᠡᠬᠢ 130 ᠴᠠᠬᠢᠯᠭᠠᠨ ᠤᠲᠠᠰᠤᠨ ᠤ ᠪᠠᠭᠠᠨ᠎ᠠ ᠶᠢ ᠨᠢᠭᠡᠳᠦᠯᠲᠡᠢ ᠰᠢᠯᠵᠢᠭᠦᠯᠪᠡ᠂ ᠡᠨᠡ ᠨᠢ ᠠᠭᠠᠷ ᠲᠠᠬᠢ ᠴᠠᠬᠢᠯᠭᠠᠨ | ᠳᠠᠳᠠᠭᠤᠷᠭᠠ ᠳᠡᠭᠡᠰᠦ ᠶᠢ ᠭᠠᠵᠠᠷ ᠳᠤᠤᠷ᠎ᠠ ᠪᠤᠯᠠᠬᠤ ᠢᠨᠵᠧᠨᠧᠷᠢᠩ ᠢ ᠪᠦᠬᠦ ᠲᠠᠯ᠎ᠠ ᠪᠠᠷ ᠳᠠᠭᠤᠰᠬᠠᠵᠤ ᠂ ᠬᠤᠳᠠ ᠶᠢᠨ ᠳᠦᠷᠢ ᠳᠦᠷᠬᠦ ᠪᠦᠬᠦ ᠲᠠᠯ᠎ᠠ ᠪᠠᠷ | ᠰᠠᠶᠢᠵᠢᠷᠠᠬᠰᠠᠨ ᠢ ᠬᠠᠷᠠᠭᠤᠯᠵᠤ ᠪᠠᠶᠢᠨ᠎ᠠ᠃ | ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠵᠡᠭᠦᠨᠭᠠᠷ ᠤᠨ ᠠᠵᠤ ᠦᠢᠯᠡᠰ ᠤᠨ ᠬᠦᠷᠢᠶᠡᠯᠡᠩ ᠤᠨ ᠨᠠᠢᠮᠠ ᠨᠢᠭᠡ ᠶᠢᠨ ᠵᠠᠮ ᠳᠡᠭᠡᠷ᠎ᠡ᠂ ᠴᠠᠬᠢᠯᠭᠠᠨ | ᠬᠦᠴᠦᠨ ᠤ ᠠᠵᠢᠯᠲᠠᠳ ᠶᠠᠭᠠᠷᠠᠯᠲᠠᠢ ᠠᠵᠢᠯᠯᠠᠬᠤ ᠪᠠᠷ᠎ᠠ ᠭᠠᠵᠠᠷ ᠪᠣᠯᠭᠠᠨ ᠳᠤ ᠬᠠᠷᠠᠭᠳᠠᠨ᠎ᠠ᠂ ᠤᠯᠠᠨ ᠢᠶᠠᠷ ᠢᠶᠠᠨ ᠠᠵᠢᠯ ᠢᠶᠠᠨ ᠬᠤᠪᠢᠶᠠᠷᠢᠯᠠᠨ ᠬᠠᠮᠲᠤᠷᠠᠨ ᠠᠵᠢᠯᠯᠠᠵᠤ ᠂ | ᠠᠭᠠᠷ ᠳᠡᠭᠡᠷᠡᠬᠢ ᠴᠠᠬᠢᠯᠭᠠᠨ ᠤᠲᠠᠰᠤ ᠵᠢᠴᠢ ᠡᠯ᠎ᠡ ᠵᠦᠢᠯ ᠤᠨ ᠴᠠᠬᠢᠯᠭᠠᠨ ᠬᠦᠷᠭᠡᠬᠦ ᠲᠥᠬᠦᠭᠡᠷᠦᠮᠵᠢ ᠶᠢ ᠡᠮᠬᠢ ᠳᠢᠭᠯᠢᠮ ᠲᠠᠢ ᠪᠠᠷ ᠪᠠᠭᠤᠯᠭᠠᠬᠤ ᠶᠢᠨ ᠬᠠᠮᠲᠤ ᠵᠡᠭᠡᠯᠢ | ᠳᠠᠭᠠᠤ 130 ᠭᠠᠷᠤᠢ ᠴᠠᠬᠢᠯᠭᠠᠨ ᠤᠲᠠᠰᠤᠨ ᠤ ᠪᠠᠭᠠᠨ᠎ᠠ ᠶᠢ ᠨᠢᠭᠡ ᠨᠢᠭᠡ ᠪᠠᠷ ᠰᠤᠭᠤᠯᠵᠤ ᠭᠠᠷᠭᠠᠪᠠ᠃ ︽ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ | ᠴᠠᠬᠢᠯᠭᠠᠨ ᠳᠠᠳᠠᠭᠤᠷᠭᠠ ᠳᠡᠭᠡᠰᠤ ᠶᠢ ᠭᠠᠵᠠᠷ ᠳᠤᠤᠷ᠎ᠠ ᠪᠤᠯᠠᠬᠤ ᠲᠥᠷᠥᠯ ᠵᠦᠢᠯ ᠢ 2019 ᠣᠨ ᠳᠤ ᠡᠬᠢᠯᠡᠭᠦᠯᠵᠦ ᠂ ᠣᠳᠣᠬᠠᠨ ᠳᠤ ᠰᠤᠯᠠ ᠴᠠᠬᠢᠯᠭᠠᠨ ᠤᠳᠠᠰᠤ | ᠶᠢ ᠪᠦᠬᠦᠨ ᠢ ᠭᠠᠵᠠᠷ ᠳᠤᠤᠷ᠎ᠠ ᠪᠤᠯᠠᠵᠤ ᠂ ᠪᠣᠶ ᠪᠦᠬᠦᠢ ᠳᠠᠭᠠᠭᠠᠴᠠ ᠶᠢ ᠭᠠᠵᠠᠷ ᠳᠤᠤᠷᠠᠪᠤᠯᠠᠬᠰᠠᠨ ᠱᠤᠭᠤᠮ ᠢᠶᠠᠷ ᠠᠵᠢᠯᠯᠠᠭᠤᠯᠤᠨ᠎ᠠ ᠂ ᠪᠢᠳᠡ ᠣᠲᠣ ᠶᠠᠭ | ᠠᠭᠠᠷ ᠲᠠᠬᠢ ᠴᠠᠬᠢᠯᠭᠠᠨ ᠤᠲᠠᠰᠤ ᠪᠠ ᠴᠠᠬᠢᠯᠭᠠᠨ ᠪᠠᠭᠠᠨ᠎ᠠ ᠶᠢ ᠪᠠᠭᠤᠯᠭᠠᠵᠤ ᠪᠠᠶᠢᠨ᠎ᠠ ᠂ ᠪᠦᠬᠦᠨ ᠢ ᠪᠠᠭᠤᠯᠭᠠᠵᠤ ᠳᠠᠭᠤᠰᠤᠭᠰᠠᠨ ᠤ ᠳᠠᠷᠠᠭ᠎ᠠ ᠂ ᠵᠡᠭᠦᠨᠭᠠᠷ ᠠᠵᠤ | ᠠᠬᠤᠢ ᠶᠢᠨ ᠨᠡᠭᠡᠭᠡᠯᠲᠡ ᠶᠢᠨ ᠤᠷᠤᠨ ᠤ ᠵᠡᠭᠦᠨᠭᠠᠷ ᠤᠨ ᠠᠵᠤ ᠦᠢᠯᠡᠰ ᠤᠨ ᠬᠦᠷᠢᠶᠡᠯᠡᠩ ᠤᠨ ᠴᠠᠬᠢᠯᠭᠠᠨ ᠳᠠᠳᠠᠭᠤᠷᠭᠠ ᠶᠢ 100% ᠪᠠᠷ ᠭᠠᠵᠠᠷ ᠳᠤᠤᠷ᠎ᠠ | ᠪᠤᠯᠠᠵᠤ ᠳᠡᠶᠢᠯᠬᠦ ᠪᠣᠯᠣᠨ᠎ᠠ ︾ ᠭᠡᠵᠦ ᠰᠢᠤᠸᠠᠢ ᠵᠢᠶᠠ ᠸᠠᠨ ᠴᠠᠬᠢᠯᠭᠠᠨ ᠬᠠᠩᠭᠠᠬᠤ ᠺᠣᠮᠫᠠᠨᠢ ᠶᠢᠨ ᠶᠤᠸᠠᠨ ᠷᠦᠢ ᠴᠠᠬᠢᠯᠭᠠᠨ ᠤ ᠪᠠᠷᠢᠯᠭ᠎ᠠ ᠶᠢᠨ ᠬᠢᠵᠠᠭᠠᠷᠲᠤ | ᠺᠣᠮᠫᠠᠨᠢ ᠶᠢᠨ ᠢᠨᠵᠧᠨᠧᠷᠢᠩ ᠤᠨ ᠬᠡᠯᠲᠡᠰ ᠤᠨ ᠳᠠᠷᠤᠭ᠎ᠠ ᠯᠢᠦ ᠲᠢᠶᠠᠨ ᠯᠦ ᠶᠠᠷᠢᠨ᠎ᠠ᠃ | | | | ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠵᠡᠭᠦᠨᠭᠠᠷ ᠤᠨ ᠠᠵᠤ ᠦᠢᠯᠡᠰ ᠤᠨ ᠬᠦᠷᠢᠶᠡᠯᠡᠩ ᠨᠢ ᠵᠠᠭᠤᠨ ᠵᠢᠯ ᠤᠨ ᠬᠠᠭᠤᠴᠢᠨ ᠪᠠᠯᠭᠠᠰᠤ ᠱᠠᠬᠳᠠᠷ | ᠲᠤ ᠪᠠᠶᠢᠷᠢᠯᠠᠵᠤ ᠂ ᠤᠯᠠᠨ ᠵᠢᠯ ᠤᠨ ᠲᠤᠷᠰᠢ ᠂ ᠠᠵᠤ ᠠᠬᠤᠢ ᠨᠡᠶᠢᠭᠡᠮ ᠤᠨ ᠲᠦᠷᠭᠡᠨ ᠬᠥᠭᠵᠢᠯᠲᠡ ᠶᠢ ᠳᠠᠭᠠᠯᠳᠤᠨ ᠂ ᠡᠯ᠎ᠡ ᠭᠤᠣᠯ ᠵᠠᠮ ᠢᠯᠠᠩᠭᠤᠶ᠎ᠠ ᠨᠠᠢᠮᠠ ᠨᠢᠭᠡ | ᠶᠢᠨ ᠵᠠᠮ ᠳᠡᠭᠡᠷᠡᠬᠢ ᠡᠯ᠎ᠡ ᠵᠦᠢᠯ ᠤᠨ ᠤᠲᠠᠰᠤ ᠳᠠᠳᠠᠭᠤᠷᠭᠠ ᠳᠡᠭᠡᠰᠦᠨ ᠤ ᠲᠤᠭ᠎ᠠ ᠨᠢ ᠴᠤ ᠵᠢᠯ ᠳᠠᠷᠠᠭᠠᠯᠠᠨ ᠨᠡᠮᠡᠭᠳᠡᠵᠦ ᠂ ᠶᠡᠭᠡ ᠬᠡᠮᠵᠢᠶᠡᠨ ᠤ ᠲᠣᠮᠣ ᠬᠡᠯᠪᠡᠷᠢ ᠶᠢᠨ | ︽ ᠠᠭᠠᠷ ᠲᠠᠬᠢ ᠠᠭᠠᠯᠵᠢ ᠶᠢᠨ ᠲᠣᠣᠷ ︾ ᠢ ᠰᠦᠯᠵᠢᠵᠦ ᠂ ᠬᠤᠲᠠ ᠶᠢᠨ ᠳᠦᠷᠰᠦ ᠪᠠᠶᠢᠳᠠᠯ ᠢ ᠲᠤᠶᠢᠯ ᠤᠨ ᠶᠡᠭᠡ ᠪᠠᠷ ᠨᠥᠯᠥᠭᠡᠯᠡᠨ ᠂ ᠬᠤᠲᠠ ᠪᠠᠯᠭᠠᠰᠤᠨ ᠤ | ᠬᠥᠭᠵᠢᠯᠲᠡ ᠶᠢ ᠬᠢᠵᠠᠭᠠᠷᠯᠠᠵᠠᠢ ᠃ ᠬᠤᠲᠠ ᠪᠠᠯᠭᠠᠰᠤᠨ ᠤ ᠳᠦᠷᠰᠦ ᠪᠠᠶᠢᠳᠠᠯ ᠢ ᠤᠯᠠᠮ ᠨᠢᠭᠡ ᠠᠯᠬᠤᠮ ᠰᠠᠶᠢᠵᠢᠷᠠᠭᠤᠯᠵᠤ ᠴᠠᠬᠢᠯᠭᠠᠨ ᠬᠡᠷᠡᠭᠯᠡᠬᠦ ᠳᠠᠭᠠᠭᠠᠴᠠ ᠶᠢ | ᠳᠡᠭᠡᠭᠰᠢᠯᠡᠭᠦᠯᠬᠦ ᠶᠢᠨ ᠳᠤᠰᠠᠳᠠ ᠂ 2021 ᠣᠨ ᠳᠤ ᠂ ᠶᠡᠷᠦᠩᠭᠡᠢ ᠪᠡᠯᠡ ᠤᠷᠤᠭᠤᠯᠤᠯᠳᠠ ᠨᠢ 3419.8363 ᠲᠦᠮᠡᠨ ᠲᠥᠭᠦᠷᠢᠭ ᠪᠤᠯᠬᠤ ᠵᠡᠭᠦᠨᠭᠠᠷ | ᠬᠤᠰᠢᠭᠤᠨ ᠤ ᠨᠠᠢᠮᠠ ᠨᠢᠭᠡ ᠶᠢᠨ ᠵᠠᠮ ᠤᠨ ᠠᠭᠠᠷ ᠲᠠᠬᠢ ᠴᠠᠬᠢᠯᠭᠠᠨ ᠱᠤᠭᠤᠮ ᠢ ᠦᠭᠡᠷᠡᠴᠢᠯᠡᠬᠦ ᠢᠨᠵᠧᠨᠧᠷᠢᠩ ᠢ ᠵᠢᠩᠬᠢᠨᠢ ᠪᠠᠷ ᠡᠬᠢᠯᠡᠭᠦᠯᠵᠦ ᠂ ᠬᠡᠳᠦᠨ ᠵᠢᠯ ᠤᠨ | ᠬᠤᠭᠤᠴᠠᠭᠠᠨ ᠳᠤ ᠂ ᠰᠢᠤᠸᠠᠢ ᠵᠢᠶᠠ ᠸᠠᠨ ᠴᠠᠬᠢᠯᠭᠠᠨ ᠬᠠᠩᠭᠠᠬᠤ ᠺᠣᠮᠫᠠᠨᠢ ᠶᠢᠨ ᠵᠡᠭᠦᠨᠭᠠᠷ ᠲᠠᠬᠢ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠲᠦᠷᠦᠭᠦᠯᠡᠨ ᠵᠡᠭᠦᠨᠭᠠᠷ | ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠵᠤ ᠂ ᠳᠠᠭᠠᠭᠠᠴᠢᠯᠠᠨ ᠪᠠᠶᠢᠭᠤᠯᠤᠭᠰᠠᠨ ᠨᠢᠭᠡᠴᠢ | ᠰᠢᠤᠸᠠᠢ ᠵᠢᠶᠠ ᠸᠠᠨ ᠴᠠᠬᠢᠯᠭᠠᠨ ᠬᠠᠩᠭᠠᠬᠤ ᠺᠣᠮᠫᠠᠨᠢ ᠶᠢᠨ ᠶᠤᠸᠠᠨ ᠷᠦᠢ ᠴᠠᠬᠢᠯᠭᠠᠨ ᠬᠦᠴᠤᠨ ᠤ ᠪᠠᠷᠢᠯᠭ᠎ᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠴᠠ | ᠬᠦᠴᠦᠯᠡᠨ ᠳᠡᠮᠵᠢᠵᠦ ᠂ ᠴᠠᠬᠢᠯᠭᠠᠨ ᠬᠦᠴᠦᠨ ᠤ ᠬᠤᠭᠤᠯᠠᠢ ᠬᠤᠩᠭᠢᠯ ᠢ 3.7446 ᠺᠢᠯᠤᠮᠧᠲᠷ ᠂ ᠲᠷᠤᠮᠪᠤᠨ ᠤ ᠪᠠᠷᠢᠯᠭ᠎ᠠ ᠶᠢ 0.145ᠺᠢᠯᠤᠮᠧᠲᠷ ᠪᠡᠶᠡᠯᠡᠬᠦᠯᠵᠤ ᠂ | ᠴᠠᠬᠢᠯᠭᠠᠨ ᠳᠠᠳᠠᠭᠤᠷᠭᠠᠲ᠋ᠡᠭᠡᠰᠦᠨ ᠤ ᠬᠤᠳᠳᠤᠭ ᠢ ᠰᠢᠨ᠎ᠡ ᠪᠠᠷ166 ᠪᠠᠶᠢᠭᠤᠯᠵᠤ ᠂ ᠦᠭᠡᠷᠡᠴᠢᠯᠡᠨ ᠰᠠᠶᠢᠵᠢᠷᠠᠭᠤᠯᠤᠬᠰᠠᠨ ᠴᠠᠬᠢᠯᠭᠠᠨ ᠬᠦᠴᠤᠨ ᠤ ᠴᠠᠬᠢᠯᠭᠠᠨ | ᠳᠠᠳᠠᠭᠤᠷᠭᠠ ᠨᠢ 2866 ᠮᠧᠲᠷ ᠲᠤ ᠬᠦᠷᠴᠤ ᠂ ᠪᠧᠲ᠋ᠤᠨ ᠢᠶᠠᠷ ᠪᠢᠳᠡᠬᠦᠮᠵᠢᠯᠡᠬᠦ ᠶᠢ 342.2 ᠮᠧᠲᠷ ᠪᠡᠶᠡᠯᠡᠬᠦᠯᠵᠡᠢ ᠃ ᠡᠬᠦᠨ ᠤ ᠬᠠᠮᠳᠤ 2023 ᠣᠨ ᠤ | ᠵᠢᠯ ᠤᠨ ᠰᠡᠭᠦᠯᠴᠢ ᠪᠠᠷ ᠴᠠᠬᠢᠯᠭᠠᠨ ᠤᠲᠠᠰᠤ ᠶᠢ ᠬᠡᠷᠴᠢᠵᠤ ᠥᠭᠡᠷᠡᠴᠢᠯᠡᠬᠦ ᠠᠵᠢᠯ ᠢ ᠵᠢᠩᠬᠢᠨᠢ ᠪᠠᠷ ᠪᠡᠶᠡᠯᠡᠭᠦᠯᠵᠦ ᠂ ᠴᠠᠬᠢᠯᠭᠠᠨ ᠳᠠᠳᠠᠭᠤᠷᠭᠠ ᠳᠡᠭᠡᠰᠦ ᠶᠢ ︽ ᠠᠭᠠᠷ | ᠳᠡᠭᠡᠷ᠎ᠠ︾ ᠪᠠᠶᠢᠬᠰᠠᠨᠡᠴᠡ ︽ ᠭᠠᠵᠠᠷ ᠳᠤᠤᠷ᠎ᠠ ︾ ᠪᠣᠯᠭᠠᠨ ᠪᠦᠷᠢᠨ ᠰᠠᠶᠢᠬᠠᠨ ᠰᠣᠯᠢᠬᠤ ᠶᠢ ᠪᠡᠶᠡᠯᠡᠭᠦᠯᠪᠡ ᠃ ᠴᠠᠬᠢᠯᠭᠠᠨ ᠪᠠᠭᠠᠨ᠎ᠠ ᠴᠠᠬᠢᠯᠭᠠᠨ ᠤᠲᠠᠰᠤ ᠶᠢ | ᠪᠠᠭᠤᠯᠭᠠᠬᠤ ᠪᠣᠯ ᠪᠠᠷᠢᠯᠭ᠎ᠠ ᠶᠢᠨ ᠬᠠᠮᠤᠭ ᠰᠡᠭᠦᠯᠴᠢ ᠶᠢᠨ ᠨᠢᠭᠡ ᠠᠯᠬᠤᠮ ᠪᠤᠯᠤᠨ᠎ᠠ ᠂ ᠲᠣᠰ ᠪᠠᠷᠢᠯᠭ᠎ᠠ ᠳᠠᠭᠤᠰᠬᠤ ᠶᠢ ᠳᠠᠭᠠᠯᠳᠤᠨ ᠂ ᠨᠠᠢᠮᠨ ᠨᠢᠭᠡ ᠶᠢᠨ ᠵᠠᠮ ᠤᠨ ︽ | ᠠᠭᠠᠷ ᠲᠠᠬᠢ ᠠᠭᠠᠯᠵᠢ ᠶᠢᠨ ᠲᠣᠣᠷ ︾ ᠪᠦᠷᠢᠮᠦᠰᠦᠨ ᠠᠷᠢᠯᠬᠤ ᠪᠣᠯᠣᠨ᠎ᠠ ᠃ | | | | ︽ ᠣᠳᠣ ᠶᠢᠨ ᠨᠡᠶᠢᠭᠡᠮ ᠤᠨ ᠬᠥᠭᠵᠢᠯᠲᠡ ᠶᠢ ᠳᠠᠭᠠᠯᠳᠤᠨ ᠂ ᠴᠠᠬᠢᠯᠭᠠᠨ ᠤᠲᠠᠰᠤᠨ ᠤ ᠴᠠᠬᠢᠯᠭᠠᠨ ᠬᠡᠷᠡᠭᠰᠡᠬᠦ ᠬᠡᠮᠵᠢᠶ᠎ᠡ ᠨᠡᠯᠢᠶᠡᠳ ᠶᠡᠭᠡ ᠪᠣᠯᠵᠤ ᠂ ᠬᠠᠭᠤᠴᠢᠨ | ᠴᠠᠬᠢᠯᠭᠠᠨ ᠤᠲᠠᠰᠤᠨ ᠤ ᠱᠤᠭᠤᠮ ᠨᠢ ᠭᠡᠷᠡᠭᠯᠡᠭᠡᠨ ᠤ ᠬᠡᠮᠵᠢᠶ᠎ᠡ ᠶᠢ ᠪᠦᠷᠢᠮᠦᠰᠦᠨ ᠬᠠᠩᠭᠠᠵᠤ ᠴᠢᠳᠠᠬᠤ ᠦᠭᠡᠢ ᠪᠣᠯᠵᠠᠢ ᠂ ᠴᠠᠬᠢᠯᠭᠠᠨ ᠳᠠᠳᠠᠭᠤᠷᠭᠠ ᠤᠲᠠᠰᠤ ᠶᠢ | ᠭᠠᠵᠠᠷ ᠳᠤᠤᠷ᠎ᠠ ᠪᠤᠯᠠᠬᠰᠠᠨ ᠤ ᠳᠠᠷᠠᠭ᠎ᠠ ᠂ ᠴᠠᠬᠢᠯᠭᠠᠨ ᠬᠡᠷᠡᠭᠯᠡᠬᠦ ᠳᠠᠭᠠᠭᠠᠴᠠ ᠂ ᠴᠠᠬᠢᠯᠭᠠᠨ ᠬᠦᠴᠦᠳᠡᠯ ᠬᠦᠷᠦᠯᠴᠡᠬᠦ ᠦᠭᠡᠢ ᠵᠡᠷᠭᠡ ᠠᠰᠠᠭᠤᠳᠠᠯ ᠢ ᠰᠢᠢᠳᠪᠦᠷᠢᠯᠡᠭᠰᠡᠨ | ᠢᠶᠠᠷ ᠪᠠᠷᠠᠬᠤ ᠦᠭᠡᠢ ᠂ ᠳᠠᠷᠠᠭᠠᠴᠢ ᠶᠢᠨ ᠠᠯᠬᠤᠮ ᠳᠤ ᠵᠠᠰᠠᠮᠠᠯ ᠵᠠᠮ ᠢ ᠥᠷᠭᠡᠳᠬᠡᠨ ᠬᠤᠲᠠ ᠶᠢᠨ ᠳᠦᠷᠰᠦ ᠪᠠᠶᠢᠳᠠᠯ ᠢ ᠰᠠᠶᠢᠵᠢᠷᠠᠭᠤᠯᠬᠤ ᠳᠤ ᠪᠠᠲᠤᠯᠠᠭ᠎ᠠ ᠬᠠᠩᠭᠠᠵᠤ ᠂ | ᠬᠤᠳᠠᠯᠳᠤᠭ᠎ᠠ ᠡᠷᠭᠢᠯᠡᠬᠦ ᠤᠷᠴᠢᠨ ᠠᠬᠤᠢ ᠶᠢ ᠰᠢᠯᠢᠳᠡᠭᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ ︾ ᠭᠡᠵᠦ ᠰᠢᠤᠸᠠᠢ ᠵᠢᠶᠠ ᠸᠠᠨ ᠴᠠᠬᠢᠯᠭᠠᠨ | ᠬᠠᠩᠭᠠᠬᠤ ᠺᠣᠮᠫᠠᠨᠢ ᠶᠢᠨ ᠶᠤᠸᠠᠨ ᠷᠦᠢ ᠴᠠᠬᠢᠯᠭᠠᠨ ᠤ ᠪᠠᠷᠢᠯᠭ᠎ᠠ ᠶᠢᠨ ᠬᠢᠵᠠᠭᠠᠷᠲᠤ ᠺᠣᠮᠫᠠᠨᠢ ᠶᠢᠨ ᠢᠨᠵᠧᠨᠧᠷᠢᠩ ᠤᠨ ᠬᠡᠯᠲᠡᠰ ᠤᠨ ᠳᠠᠷᠤᠭ᠎ᠠ ᠯᠢᠦ ᠲᠢᠶᠠᠨ ᠯᠦ ᠶᠠᠷᠢᠨ᠎ᠠ᠃ | | | | | | |