| ᠨᠢᠭᠡ ᠮᠥᠬᠦᠯᠢᠭ ︽ᠡᠯᠡᠰᠦ︾ ᠪᠠᠶᠢᠬᠰᠠᠨᠡᠴᠡ ᠨᠢᠭᠡ ᠬᠡᠰᠡᠭ ᠰᠢᠯ ᠪᠤᠯᠵᠤ ᠂ ᠲᠠᠬᠢᠭᠠᠳ ᠨᠢᠭᠡ ᠬᠡᠰᠡᠭ ᠭᠡᠷᠡᠯ ᠴᠡᠨᠡᠭ ᠤᠨ ᠲᠤᠨᠤᠭ ᠪᠤᠯᠬᠤ ᠬᠦᠷᠲᠡᠯ᠎ᠡ ᠁ | ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠶᠢᠨ ᠴᠠᠭ ᠦᠶ᠎ᠡ ᠶᠢᠨ ᠠᠬᠤᠢ ᠪᠠᠶᠢᠳᠠᠯ ᠳᠣᠣᠷ᠎ᠠ᠂ ᠭᠡᠷᠡᠯ ᠴᠡᠨᠡᠭ ᠤᠨ ᠠᠵᠤ ᠦᠢᠯᠡᠰ ᠨᠢ ᠠᠭᠠᠵᠢᠮ ᠢᠶᠠᠷ ᠪᠣᠬᠢᠷᠲᠤᠯ | ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ ᠴᠢᠬᠤᠯᠠ ᠳᠦᠷᠢ ᠶᠢᠨ ᠨᠢᠭᠡ ᠪᠣᠯᠤᠭᠰᠠᠨ ᠪᠠᠶᠢᠨ᠎ᠠ᠃ ᠵᠡᠭᠦᠨᠭᠠᠷ ᠠᠵᠤ ᠠᠬᠤᠢ ᠶᠢᠨ | ᠨᠡᠭᠡᠭᠡᠯᠲᠡ ᠶᠢᠨ ᠤᠷᠤᠨ ᠨᠢ ᠂ ᠳᠡᠭᠡᠳᠦ ᠭᠡᠯᠬᠢᠶᠠᠨ ᠤ ᠥᠭᠡᠬᠦᠨ ᠴᠢᠯᠠᠭᠤᠨ ᠡᠯᠡᠰᠤ ᠶᠢ ᠪᠣᠯᠪᠠᠰᠤᠷᠠᠭᠤᠯᠬᠤ ᠠᠴᠠ ᠳᠤᠮᠳᠠ ᠭᠡᠯᠬᠢᠶᠠᠨ ᠤ ᠭᠡᠷᠡᠯ ᠴᠡᠨᠡᠭ ᠤᠨ ᠠᠷᠤ | ᠬᠠᠪᠲᠠᠰᠤ ᠶᠢᠨ ᠰᠢᠯ ᠢ ᠡᠳ᠋ᠰᠢᠬᠦᠯᠤᠨ ᠪᠤᠯᠪᠠᠰᠤᠷᠠᠭᠤᠯᠵᠤ ᠂ ᠳᠠᠬᠢᠭᠠᠳ ᠳᠣᠣᠷᠠᠳᠤ ᠭᠡᠯᠬᠢᠶᠠᠨ ᠤ ᠭᠡᠷᠡᠯ ᠴᠡᠨᠡᠭ ᠤᠨ ᠲᠤᠨᠤᠭ ᠲᠥᠬᠦᠭᠡᠷᠦᠮᠵᠢ ᠪᠤᠯᠭᠠᠬᠤ ᠬᠦᠷᠲᠡᠯ᠎ᠡ᠂ | ᠳᠡᠭᠡᠳᠦ ᠳᠣᠣᠷᠠᠳᠤ ᠭᠡᠯᠬᠢᠶᠠᠨ ᠤ ᠠᠵᠤ ᠦᠢᠯᠡᠰ ᠭᠡᠰᠡᠭ ᠭᠡᠰᠡᠭ ᠪᠠᠶᠢᠬᠰᠠᠨ ᠠᠴᠠ ᠬᠡᠯᠬᠢᠶ᠎ᠡ ᠪᠣᠯᠵᠤ ᠪᠦᠷᠢᠯᠳᠤᠨ ᠂ ︽ ᠰᠠᠯᠬᠢ ᠭᠡᠷᠡᠯ ᠴᠡᠨᠡᠭ︾ ᠤᠨ ᠬᠢᠵᠠᠭᠠᠯᠠᠰᠢ | ᠦᠭᠡᠢ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠬᠤᠷᠠᠮᠳᠤᠭᠤᠯᠤᠨ᠎ᠠ᠃ | ᠥᠪᠥᠷ ᠮᠣᠩᠭᠤᠯ ᠤᠨ ᠢᠦᠢ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ ᠂ ᠠᠦ᠋ᠲ᠋ᠣᠴᠢᠯᠠᠭᠰᠠᠨ | ᠣᠶᠤᠨᠴᠢ ᠦᠢᠯᠡᠳᠪᠦᠷᠢᠯᠡᠯ ᠤᠨ ᠱᠤᠭᠤᠮ ᠢ ᠪᠦᠬᠦ ᠬᠤᠷᠳᠤᠴᠠ ᠪᠠᠷ ᠠᠵᠢᠯᠯᠠᠭᠤᠯᠵᠤ ᠂ ᠬᠠᠶᠢᠯᠤᠭᠤᠯᠬᠤ ᠂ ᠭᠡᠪᠰᠢᠬᠦᠯᠤᠨ ᠬᠠᠪᠲᠠᠭᠠᠶᠢᠷᠠᠭᠤᠯᠬᠤ ᠂ ᠤᠶᠠᠷᠠᠭᠤᠯᠬᠤ ᠂ | ᠡᠰᠬᠡᠬᠦ ᠵᠡᠷᠭᠡ ᠨᠠᠷᠢᠯᠢᠭ ᠶᠠᠪᠤᠴᠠ ᠪᠠᠷ ᠳᠠᠮᠵᠢᠭᠤᠯᠵᠤ ᠂ ᠬᠡᠰᠡᠭ ᠬᠡᠰᠡᠭ ᠬᠢᠯᠳᠠᠭᠠᠬᠰᠠᠨ ᠬᠦᠩᠭᠡᠨ ᠮᠦᠷᠳᠡᠭᠡᠨ ᠨᠢᠮᠭᠡᠨ ᠭᠡᠷᠡᠯ ᠴᠡᠨᠡᠭ ᠤᠨ ᠠᠷᠤ ᠬᠠᠪᠲᠠᠰᠤ ᠶᠢᠨ ᠰᠢᠯ ᠢ | ᠦᠢᠯᠡᠳᠪᠤᠷᠢᠯᠡᠨ ᠭᠠᠷᠭᠠᠵᠤ ᠂ ᠳᠣᠣᠷᠠᠳᠤ ᠭᠡᠯᠬᠢᠶᠠᠨ ᠤ ᠭᠡᠷᠡᠯ ᠴᠡᠨᠡᠭ ᠤᠨ ᠲᠤᠨᠤᠭ ᠲᠥᠬᠦᠭᠡᠷᠦᠮᠵᠢ ᠶᠢ ᠦᠢᠯᠡᠳᠪᠦᠷᠢᠯᠡᠬᠦ ᠠᠵᠤ ᠠᠬᠤᠶᠢᠯᠠᠯ ᠳᠤ ᠦᠷᠬᠦᠯᠵᠢᠯᠡᠨ | ᠬᠦᠷᠭᠡᠨ ᠦᠭᠬᠦᠨ᠎ᠠ᠃ | ︽ ᠣᠳᠣᠬᠠᠨ ᠳᠤ ᠮᠠᠨ ᠤ ᠦᠢᠯᠡᠳᠬᠦᠨ ᠢ ᠪᠦᠬᠦ ᠱᠤᠭᠤᠮ ᠢᠶᠠᠷ ᠭᠦᠢᠴᠡᠳ ᠦᠢᠯᠡᠳᠪᠦᠷᠢᠯᠡᠵᠦ ᠪᠠᠶᠢᠨ᠎ᠠ ᠂ ᠡᠭᠦᠨ ᠢ ᠭᠤᠣᠯᠳᠠᠭᠤ ᠳᠣᠣᠷᠠᠳᠤ ᠭᠡᠯᠬᠢᠶᠠᠨ ᠤ ᠶᠠ | ᠮᠠ ᠳ᠋ᠤᠨ ᠨᠡᠷᠡᠮᠵᠢᠲᠦ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠭᠡᠷᠡᠯ ᠴᠡᠨᠡᠭ ᠤᠨ ᠲᠣᠨᠣᠭᠯᠠᠯ ᠤᠨ ᠦᠢᠯᠡᠳᠬᠦᠨ ᠢ ᠦᠢᠯᠡᠳᠪᠦᠷᠢᠯᠡᠬᠦ ᠳᠤ ᠬᠡᠷᠡᠭᠯᠡᠵᠦ | ᠪᠠᠶᠢᠨ᠎ᠠ ︾ ᠭᠡᠵᠦ ᠥᠪᠥᠷ ᠮᠣᠩᠭᠤᠯ ᠤᠨ ᠢᠦᠢ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢ ᠶᠢᠨ ᠳᠠᠷᠤᠭ᠎ᠠ ᠶᠢᠨ | ᠲᠤᠰᠠᠯᠠᠭᠴᠢ ᠦ᠋ ᠶᠦᠩ ᠺᠧ ᠶᠠᠷᠢᠨ᠎ᠠ᠃ | | ᠵᠢᠷᠤᠭ ᠄ ᠥᠪᠥᠷ ᠮᠣᠩᠭᠤᠯ ᠤᠨ ᠢᠦᠢ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠭᠡᠷᠡᠯ ᠴᠡᠨᠡᠭ ᠤᠨ ᠠᠷᠤ ᠬᠠᠪᠲᠠᠰᠤ ᠶᠢᠨ ᠰᠢᠯ ᠢ ᠪᠦᠬᠦ | ᠤᠯᠤᠰ ᠤᠨ ᠵᠠᠬ᠎ᠠ ᠳᠡᠯᠭᠡᠭᠦᠷ ᠲᠤ ᠲᠠᠰᠤᠷᠠᠯᠲᠠ ᠦᠭᠡᠢ ᠬᠠᠩᠭᠠᠵᠤ ᠪᠤᠢ᠃ ᠸᠠᠩ ᠯᠢ ᠮᠠᠨ ᠰᠡᠭᠦᠳᠡᠷᠯᠡᠪᠡ | | ᠬᠡᠷᠡᠯ ᠴᠡᠨᠡᠭ ᠤᠨ ᠠᠷᠤ ᠬᠠᠪᠲᠠᠰᠤ ᠶᠢᠨ ᠰᠢᠯ ᠪᠣᠯ ᠨᠡᠷᠡᠨ ᠡᠨᠧᠷᠭᠢ ᠶᠢᠨ ᠬᠡᠷᠡᠯ ᠴᠡᠨᠡᠭ ᠤᠨ ᠲᠣᠨᠣᠭᠯᠠᠯ ᠢ ᠦᠢᠯᠡᠳᠪᠦᠷᠢᠯᠡᠬᠦ ᠴᠢᠬᠤᠯᠠ ᠮᠠᠲ᠋ᠧᠷᠢᠶᠠᠯ ᠤᠨ ᠨᠢᠭᠡ | ᠪᠤᠯᠤᠨ᠎ᠠ ᠂ ᠲᠡᠷᠡ ᠨᠢ ᠬᠡᠷᠡᠯ ᠴᠡᠨᠡᠭ ᠤᠨ ᠳ᠋ᠢᠶᠠᠨ ᡂᠢ ᠶᠢ ᠬᠠᠮᠠᠭᠠᠯᠠᠬᠤ ᠂ ᠬᠡᠷᠡᠯ ᠴᠠᠬᠢᠯᠭᠠᠨ ᠤ ᠰᠣᠯᠢᠭᠳᠠᠯ ᠤᠨ ᠠᠰᠢᠭᠯᠠᠮᠵᠢ ᠶᠢ ᠳᠡᠭᠡᠭᠰᠢᠯᠡᠭᠦᠯᠬᠦ ᠵᠢᠴᠢ ᠲᠣᠨᠣᠭᠯᠠᠯ | ᠤᠨ ᠣᠷᠳᠣ ᠬᠤᠭᠤᠴᠠᠭ᠎ᠠ ᠪᠠᠷ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠳᠤ ᠲᠤᠶᠢᠯ ᠤᠨ ᠴᠢᠬᠤᠯᠠ ᠦᠢᠯᠡᠳᠦᠯ ᠦᠵᠡᠭᠦᠯᠵᠦ ᠪᠠᠶᠢᠳᠠᠭ ᠃ ᠥᠪᠥᠷ | ᠮᠣᠩᠭᠤᠯ ᠤᠨ ᠢᠦᠢ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠯ ᠴᠡᠨᠡᠭ ᠤᠨ ᠠᠷᠤ ᠬᠠᠪᠲᠠᠰᠤ ᠦᠢᠯᠡᠳᠪᠦᠷᠢᠯᠡᠬᠦ ᠭᠤᠣᠯ ᠲᠦᠭᠦᠬᠡᠢ | ᠮᠠᠲ᠋ᠧᠷᠢᠶᠠᠯ ᠪᠣᠯᠬᠤ ᠥᠭᠡᠬᠦᠨ ᠴᠢᠯᠠᠭᠤᠨ ᠡᠯᠡᠰᠤ ᠪᠣᠯ ᠺᠣᠮᠫᠠᠨᠢ ᠠᠴᠠ ᠳᠡᠮᠡᠢ ᠬᠤᠯᠠ ᠦᠭᠡᠢ ᠥᠪᠥᠷ ᠮᠣᠩᠭᠤᠯ ᠤᠨ ᠵᠢᠩ ᠷᠦᠢ ᠥᠭᠡᠬᠦᠨ ᠴᠢᠯᠠᠭᠤᠨ ᠡᠯᠡᠰᠤ | ᠪᠣᠯᠪᠠᠰᠤᠷᠠᠭᠤᠯᠬᠤ ᠬᠢᠵᠠᠭᠠᠷᠲᠤ ᠺᠣᠮᠫᠠᠨᠢ ᠡᠴᠠᠢᠷᠡᠯᠲᠡ ᠲᠠᠢ ᠶᠤᠮ ᠂ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ ᠂ ᠣᠷᠳᠣᠰ ᠠᠴᠠ ᠭᠠᠷᠳᠠᠭ ᠡᠯᠡᠰᠦ ᠶᠢ | ᠤᠰᠤ ᠪᠠᠷ ᠤᠬᠢᠶᠠᠬᠤ ᠂ ᠰᠢᠭᠰᠢᠨ ᠰᠠᠯᠭᠠᠬᠤ ᠂ ᠲᠡᠮᠦᠷ ᠦᠭᠡᠶᠢᠳᠡᠬᠦᠯᠬᠦ ᠵᠡᠷᠭᠡ ᠤᠷ᠎ᠠ ᠮᠡᠷᠭᠡᠵᠢᠯ ᠤᠨ ᠶᠠᠪᠤᠴᠠ ᠪᠠᠷ ᠲᠠᠮᠵᠢᠭᠤᠯᠤᠨ ᠡᠴᠦᠰ ᠲᠡᠭᠡᠨ ᠴᠢᠨᠠᠷ ᠰᠠᠶᠢᠲᠠᠢ | ᠴᠠᠬᠢᠭᠤᠷᠲᠤ ᠥᠭᠡᠬᠦᠨ ᠴᠢᠯᠠᠭᠤᠨ ᠡᠯᠡᠰᠦ ᠪᠣᠯᠭᠠᠵᠤ ᠂ ᠳᠣᠣᠷᠠᠳᠤ ᠭᠡᠯᠬᠢᠶᠠᠨ ᠤ ᠭᠡᠷᠡᠯ ᠴᠡᠨᠡᠭ ᠤᠨ ᠠᠷᠤ ᠬᠠᠪᠲᠠᠰᠤ ᠶᠢᠨ ᠰᠢᠯ ᠤᠨ ᠦᠢᠯᠡᠳᠪᠦᠷᠢᠯᠡᠯ ᠤᠨ | ᠱᠤᠭᠤᠮ ᠳᠤ ᠲᠠᠰᠤᠷᠠᠯᠲᠠ ᠦᠭᠡᠢ ᠬᠠᠩᠭᠠᠵᠤ ᠬᠡᠷᠡᠭᠯᠡᠭᠦᠯᠳᠡᠭ᠃ ︽ᠵᠢᠩ ᠷᠦᠢ ᠥᠭᠡᠬᠦᠨ ᠴᠢᠯᠠᠭᠤᠨ ᠡᠯᠡᠰᠦᠨ ᠤ ᠲᠦᠷᠦᠯ ᠵᠦᠢᠯ ᠣᠳᠣᠬᠠᠨ ᠳᠤ ᠡᠳᠦᠷ ᠲᠤ | 3000 ᠲᠣᠨ ᠴᠠᠬᠢᠭᠤᠷᠲᠤ ᠥᠭᠡᠬᠦᠨ ᠴᠢᠯᠠᠭᠤᠨ ᠡᠯᠡᠰᠦ ᠦᠢᠯᠡᠳᠪᠦᠷᠢᠯᠡᠵᠦ ᠪᠤᠢ᠂ ᠳᠤᠮᠳᠠᠳᠤ ᠭᠡᠯᠬᠢᠶᠠᠨ ᠤ ᠢᠦᠢ ᠵᠢᠩ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ ᠶᠢᠨ ᠬᠤᠶᠠᠷ ᠰᠢᠯᠢᠳᠡᠭ ᠣᠨᠴᠠ ᠲᠦᠷᠦᠯ ᠤᠨ ᠰᠢᠯ ᠤᠨ ᠦᠢᠯᠡᠳᠪᠦᠷᠢᠯᠡᠯ ᠤᠨ ᠱᠤᠭᠤᠮ ᠳᠤ ᠡᠳᠦᠷ ᠪᠦᠷᠢ 2040 ᠲᠣᠨ ᠲᠦᠭᠦᠬᠡᠢ | ᠮᠠᠲ᠋ᠧᠷᠢᠶᠠᠯ ᠬᠡᠷᠡᠭᠰᠡᠨ᠎ᠡ᠂ ᠲᠦᠷᠦᠯ ᠵᠦᠢᠯ ᠤᠨ ᠪᠠᠭᠲᠠᠭᠠᠮᠵᠢ ᠶᠢ ᠦᠷᠭᠦᠯᠵᠢᠯᠡᠨ ᠥᠷᠭᠡᠳᠬᠡᠵᠦ ᠂ ᠣᠳᠣᠬᠠᠨ ᠤ ᠪᠠ ᠬᠤᠶᠢᠰᠢᠳᠠ ᠶᠢᠨ ᠰᠢᠯ ᠤᠨ ᠦᠢᠯᠡᠳᠪᠦᠷᠢᠯᠡᠯ ᠤᠨ | ᠱᠤᠭᠤᠮ ᠤᠨ ᠲᠦᠭᠦᠬᠡᠢ ᠮᠠᠲ᠋ᠧᠷᠢᠶᠠᠯ ᠤᠨ ᠬᠡᠷᠡᠭᠴᠡᠭᠡ ᠶᠢ ᠪᠦᠷᠢᠮᠦᠰᠦᠨ ᠪᠠᠲᠤᠯᠠᠵᠤ ᠴᠢᠳᠠᠨ᠎ᠠ︾ ᠭᠡᠵᠦ ᠥᠪᠥᠷ ᠮᠣᠩᠭᠤᠯ ᠤᠨ ᠵᠢᠩ ᠷᠦᠢ ᠥᠭᠡᠬᠦᠨ ᠴᠢᠯᠠᠭᠤᠨ | ᠡᠯᠡᠰᠦ ᠪᠣᠯᠪᠠᠰᠤᠷᠠᠭᠤᠯᠬᠤ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠵᠤᠤ ᠵᠢᠩ ᠱᠠᠨ ᠶᠠᠷᠢᠨ᠎ᠠ᠃ | | ᠵᠢᠷᠤᠭ ᠄ ᠳᠡᠭᠡᠳᠦ ᠭᠡᠯᠬᠢᠶᠠᠨ ᠤ ᠥᠭᠡᠬᠦᠨ ᠴᠢᠯᠠᠭᠤᠨ ᠡᠯᠡᠰᠦᠨ ᠤ ᠲᠥᠷᠥᠯ ᠵᠦᠢᠯ ᠨᠢ ᠳᠣᠣᠷᠠᠳᠤ ᠭᠡᠯᠬᠢᠶᠠᠨ ᠤ ᠴᠢᠨᠠᠷ ᠰᠠᠶᠢᠲᠠᠢ ᠣᠨᠴᠠ ᠲᠥᠷᠥᠯ ᠤᠨ ᠰᠢᠯ | ᠦᠢᠯᠡᠳᠪᠦᠷᠢᠯᠡᠬᠦ ᠱᠤᠭᠤᠮ ᠳᠤ ᠲᠦᠭᠦᠬᠡᠢ ᠮᠠᠲ᠋ᠧᠷᠢᠶᠠᠯ ᠤᠨ ᠪᠠᠲᠤᠯᠠᠭ᠎ᠠ ᠬᠠᠩᠭᠠᠨ᠎ᠠ ᠃ ᠸᠠᠩ ᠯᠢ ᠮᠠᠨ ᠰᠡᠭᠦᠳᠡᠷᠯᠡᠪᠡ | | ᠡᠭᠦᠨ ᠤ ᠬᠠᠮᠳᠤ ᠥᠪᠥᠷ ᠮᠣᠩᠭᠤᠯ ᠤᠨ ᠢᠦᠢ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ 24.6 ᠳ᠋ᠦᠩᠰᠢᠭᠤᠷ ᠲᠥᠭᠦᠷᠢᠭ ᠤᠨ | ᠪᠡᠯᠡ ᠣᠷᠣᠭᠤᠯᠵᠤ ᠪᠦᠲᠦᠭᠡᠨ ᠪᠠᠶᠢᠭᠤᠯᠤᠭᠰᠠᠨ ᠬᠡᠷᠡᠯ ᠴᠡᠨᠡᠭ ᠤᠨ ᠭᠡᠪᠰᠢᠬᠦᠯᠤᠨ ᠬᠠᠪᠲᠠᠭᠠᠶᠢᠷᠠᠭᠤᠯᠬᠤ ᠰᠢᠯ ᠤᠨ ᠦᠢᠯᠡᠳᠪᠦᠷᠢᠯᠡᠯ ᠤᠨ ᠱᠤᠭᠤᠮ ᠵᠢᠴᠢ ᠢᠵᠢ | ᠪᠦᠷᠢᠳᠦᠭᠦᠯᠦᠨ ᠨᠠᠷᠢᠯᠢᠭ ᠡᠳ᠋ᠰᠢᠭᠦᠯᠬᠦ ᠲᠥᠷᠥᠯ ᠵᠦᠢᠯ ᠢ ᠴᠦ ᠨᠢᠭᠡᠨᠲᠡ ᠪᠠᠷᠢᠯᠭ᠎ᠠ ᠡᠬᠢᠯᠡᠭᠦᠯᠵᠦ ᠂ ᠲᠥᠷᠥᠯ ᠵᠦᠢᠯ ᠢ ᠪᠠᠶᠢᠭᠤᠯᠤᠭᠰᠠᠨ ᠤ ᠳᠠᠷᠠᠭ᠎ᠠ ᠂ ᠵᠢᠯ ᠳᠤ 1.44 | ᠳ᠋ᠦᠩᠰᠢᠭᠤᠷ ᠲᠡᠭᠰᠢ ᠳᠥᠷᠪᠡᠯᠵᠢᠨ ᠮᠧᠲᠷ ᠤᠨ ᠬᠡᠷᠡᠯ ᠴᠡᠨᠡᠭ ᠤᠨ ᠬᠠᠪᠲᠠᠭᠠᠢ ᠰᠢᠯ ᠢ ᠦᠢᠯᠡᠳᠪᠦᠷᠢᠯᠡᠬᠦ ᠪᠣᠯᠣᠨ᠎ᠠ ᠃ ︽ ᠬᠡᠷᠪᠡ ᠨᠢᠭᠡ ᠬᠡᠰᠡᠭ ᠬᠡᠷᠡᠯ ᠴᠡᠨᠡᠭ ᠤᠨ | ᠬᠠᠪᠲᠠᠰᠤ ᠶᠢ ︿ ᠬᠠᠮᠪᠦ᠋ᠷᠡᠭ ﹀ ᠢᠶᠠᠷ ᠵᠦᠢᠷᠯᠡᠪᠡᠯ ᠂ ᠬᠡᠷᠡᠯ ᠴᠡᠨᠡᠭ ᠤᠨ ᠨᠢᠭᠤᠷ ᠤᠨ ᠰᠢᠯ ᠨᠢ ᠳᠠᠷᠤᠢ ᠳᠡᠭᠡᠷ᠎ᠠ ᠪᠠᠶᠢᠭ᠎ᠠ ᠲᠠᠯᠬ᠎ᠠ ᠶᠢᠨ ᠭᠡᠰᠡᠭ ᠂ ᠠᠷᠤ ᠬᠠᠪᠲᠠᠰᠤ ᠨᠢ | ᠳᠠᠷᠤᠢ ᠳᠤᠤᠷ᠎ᠠ ᠪᠠᠶᠢᠭ᠎ᠠ ᠲᠠᠯᠬ᠎ᠠ ᠶᠢᠨ ᠭᠡᠰᠡᠭ ᠪᠣᠯᠣᠨ᠎ᠠ ᠂ ᠡᠨᠡ ᠬᠦ ᠲᠥᠷᠥᠯ ᠵᠦᠢᠯ ᠢ ᠪᠠᠶᠢᠭᠤᠯᠤᠭᠰᠠᠨ ᠤ ᠳᠠᠷᠠᠭ᠎ᠠ ᠂ ᠪᠢᠳᠡ ᠬᠡᠷᠡᠯ ᠴᠡᠨᠡᠭ ᠤᠨ ᠲᠣᠨᠣᠭᠯᠠᠯ ᠳᠤ | ᠪᠥᠬᠦ ᠲᠠᠯ᠎ᠠ ᠶᠢᠨ ᠰᠡᠯᠪᠢᠭ ᠲᠣᠨᠤᠭ ᠤᠨ ᠪᠠᠲᠤᠯᠠᠭ᠎ᠠ ᠬᠠᠩᠭᠠᠵᠤ ᠪᠣᠯᠣᠨ᠎ᠠ ︾ ᠭᠡᠵᠦ ᠥᠪᠥᠷ ᠮᠣᠩᠭᠤᠯ ᠤᠨ ᠢᠦᠢ ᠵᠢᠩ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ ᠶᠢᠨ ᠦᠢᠯᠡᠳᠪᠦᠷᠢ ᠶᠢᠨ ᠳᠠᠷᠤᠭ᠎ᠠ ᠶᠢᠨ ᠲᠤᠰᠠᠯᠠᠭᠴᠢ ᠦ᠋ ᠶᠦᠩ ᠺᠧ ᠶᠠᠷᠢᠨ᠎ᠠ᠃ | ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠰᠠᠭᠤᠷᠢᠨ ᠭᠠᠵᠠᠷ ᠲᠤ ᠪᠠᠶᠢᠷᠢᠯᠠᠵᠤ ᠪᠠᠶᠢᠭ᠎ᠠ ᠲᠢᠶᠠᠨ ᠾᠧ | ᠭᠤᠸᠠᠩ ᠨᠧᠩ ᠥᠪᠥᠷ ᠮᠣᠩᠭᠤᠯ ᠤᠨ ᠲᠢᠶᠠᠨ ᠱᠧᠩ ᠰᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ ᠂ | ᠠᠦ᠋ᠲ᠋ᠣᠴᠢᠯᠠᠭᠰᠠᠨ ᠣᠶᠤᠨᠴᠢ ᠦᠢᠯᠡᠳᠪᠦᠷᠢᠯᠡᠯ ᠤᠨ ᠱᠤᠭᠤᠮ ᠢ ᠪᠦᠬᠦ ᠬᠤᠷᠳᠤᠴᠠ ᠪᠠᠷ ᠠᠵᠢᠯᠯᠠᠭᠤᠯᠵᠤ ᠂ ᠮᠠᠲ᠋ᠧᠷᠢᠶᠠᠯ ᠣᠷᠣᠭᠤᠯᠬᠤ ᠂ ᠭᠠᠩᠨᠠᠨ ᠵᠠᠯᠭᠠᠬᠤ ᠂ | ᠬᠠᠪᠲᠠᠰᠤ ᠤᠭᠰᠠᠷᠠᠭᠤᠯᠬᠤ ᠂ ᠰᠢᠯᠭᠠᠨ ᠬᠡᠮᠵᠢᠬᠦ ᠂ ᠪᠢᠲᠡᠭᠦᠮᠵᠢᠯᠡᠨ ᠤᠭᠰᠠᠷᠠᠬᠤ ᠁ ᠠᠷᠪᠠ ᠭᠠᠷᠤᠢ ᠠᠵᠢᠯ ᠤᠨ ᠳᠠᠷᠠᠭᠠᠯᠠᠯ ᠢᠶᠠᠷ ᠨᠠᠷᠢᠨ ᠨᠢᠮᠪᠠᠢ ᠳᠠᠮᠵᠢᠵᠤ ᠂ | ᠬᠡᠰᠡᠭ ᠬᠡᠰᠡᠭ ᠴᠤ᠋ ᠰᠢᠨ᠎ᠡ ᠭᠡᠷᠡᠯ ᠴᠡᠨᠡᠭ ᠤᠨ ᠥᠨᠳᠥᠷ ᠪᠦᠲᠦᠮᠵᠢᠲᠡᠢ ᠳᠤᠨᠤᠬᠯᠠᠭᠠᠰᠤ ᠶᠢ ᠪᠦᠬᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠬᠤ ᠪᠠᠷ ᠬᠦᠯᠢᠶᠡᠵᠤ | ᠪᠤᠢ ᠃ | | | | | ᠵᠢᠷᠤᠭ ᠄ ᠲᠢᠶᠠᠨ ᠾᠧ ᠭᠤᠸᠠᠩ ᠨᠧᠩ ᠥᠪᠥᠷ ᠮᠣᠩᠭᠤᠯ ᠤᠨ ᠲᠢᠶᠠᠨ ᠱᠧᠩ ᠰᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ | ᠦᠢᠯᠡᠳᠪᠦᠷᠢᠯᠡᠭᠰᠡᠨ 2GW ᠬᠡᠷᠡᠯ ᠴᠡᠨᠡᠭ ᠤᠨ ᠳᠤᠨᠤᠬᠯᠠᠭᠠᠰᠤ ᠨᠢ ᠥᠪᠥᠷ ᠮᠣᠩᠭᠤᠯ ᠵᠢᠴᠢ ᠤᠶᠢᠷ᠎ᠠ ᠬᠠᠪᠢ ᠶᠢᠨ ᠭᠠᠵᠠᠷ ᠣᠷᠣᠨ ᠤ ᠬᠡᠷᠡᠯ ᠴᠡᠨᠡᠭ ᠤᠨ ᠠᠵᠤ | ᠦᠢᠯᠡᠰ ᠤᠨ ᠲᠦᠷᠦᠯ ᠵᠦᠢᠯ ᠤᠨ ᠬᠡᠷᠡᠭᠴᠡᠭᠡ ᠶᠢ ᠪᠦᠬᠦ ᠬᠦᠴᠦᠨ ᠢᠶᠠᠷ ᠢᠶᠠᠨ ᠪᠠᠲᠤᠯᠠᠵᠤ ᠪᠠᠶᠢᠨ᠎ᠠ ᠃ ᠸᠠᠩ ᠯᠢ ᠮᠠᠨ ᠰᠡᠭᠦᠳᠡᠷᠯᠡᠪᠡ | | 2022 ᠣᠨ ᠪᠣᠯ ᠵᠡᠭᠦᠨᠭᠠᠷᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠰᠢᠨ᠎ᠡ ᠪᠠᠷ ᠮᠠᠨᠳᠤᠭᠰᠠᠨ ᠬᠡᠷᠡᠯ ᠴᠡᠨᠡᠭ ᠤᠨ ᠠᠵᠤ ᠦᠢᠯᠡᠰ ᠤᠨ ᠬᠥᠭᠵᠢᠯᠲᠡ ᠶᠢᠨ | ᠲᠠᠯ᠎ᠠ ᠪᠠᠷ ᠤᠷᠤᠬᠰᠢ ᠠᠬᠢᠬᠰᠠᠨ ᠴᠢᠬᠤᠯᠠ ᠴᠠᠭ ᠬᠤᠭᠤᠴᠠᠭ᠎ᠠ ᠪᠣᠯᠣᠨ᠎ᠠ᠂ ᠡᠨᠡ ᠨᠢᠭᠡ ᠵᠢᠯ ᠳᠤ ᠂ ᠬᠦᠷᠢᠶᠡᠯᠡᠩ ᠲᠣᠭᠤᠷᠢᠭ ᠤᠨ ᠬᠢᠨ ᠪᠦᠬᠦ ᠪᠥᠮᠪᠥᠷᠴᠡᠭ ᠤᠨ ᠬᠡᠷᠡᠯ | ᠴᠡᠨᠡᠭ ᠤᠨ ᠰᠢᠨ᠎ᠡ ᠡᠨᠧᠷᠭᠢ ᠶᠢᠨ ᠠᠵᠢᠯ ᠲᠦᠷᠦᠯ ᠤᠨ ᠳᠠᠭᠠᠭᠤᠯᠤᠭᠴᠢ ᠠᠵᠤ ᠠᠬᠤᠶᠢᠯᠠᠯ ᠲᠢᠶᠠᠨ ᠾᠧ ᠭᠤᠸᠠᠩ ᠨᠧᠩ ᠢ ᠣᠷᠣᠭᠤᠯᠤᠨ ᠠᠪᠴᠢᠷᠠᠭᠰᠠᠨ ᠤ | ᠬᠠᠮᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠲᠣᠮᠣ ᠬᠡᠮᠵᠢᠶᠡᠨ ᠤ ᠬᠡᠷᠡᠯ ᠴᠡᠨᠡᠭ ᠤᠨ ᠳᠤᠨᠤᠬᠯᠠᠭᠠᠰᠤ ᠶᠢ ᠠᠮᠵᠢᠯᠲᠠ ᠲᠠᠢ ᠪᠠᠷ | ᠤᠶᠢᠯᠡᠳᠪᠤᠷᠢᠯᠡᠨ ᠭᠠᠷᠭᠠᠵᠤ ᠂ ᠬᠡᠷᠡᠯ ᠴᠡᠨᠡᠭ ᠤᠨ ᠠᠵᠤ ᠦᠢᠯᠡᠰ ᠤᠨ ᠬᠡᠯᠬᠢᠶ᠎ᠡ ᠶᠢ ᠦᠷᠭᠦᠯᠵᠢᠯᠡᠨ ᠳᠣᠣᠷᠠᠳᠤ ᠭᠡᠯᠬᠢᠶ᠎ᠠ ᠳᠡᠶᠢᠰᠢ ᠤᠷᠲᠤᠳᠬᠠᠬᠤ ᠶᠢ ᠠᠬᠢᠭᠤᠯᠤᠭᠰᠠᠨ | ᠪᠠᠶᠢᠨ᠎ᠠ᠃ ᠬᠡᠳᠦᠨ ᠵᠢᠯ ᠤᠨ ᠲᠤᠷᠰᠢ ᠂ ᠳᠤᠯᠤᠭᠠᠶᠢᠯᠠᠭᠴᠢ ᠠᠵᠤ ᠠᠬᠤᠶᠢᠯᠠᠯ ᠤᠨ ᠳᠠᠶᠢᠴᠢᠯᠠᠯᠲᠠ ᠳᠣᠣᠷ᠎ᠠ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ | 2GW ᠬᠡᠷᠡᠯ ᠴᠡᠨᠡᠭ ᠤᠨ ᠳᠤᠭᠤᠶᠢᠯᠠᠩ ᠨᠢ ᠥᠪᠥᠷ ᠮᠣᠩᠭᠤᠯ ᠵᠢᠴᠢ ᠤᠶᠢᠷ᠎ᠠ ᠬᠠᠪᠢ ᠶᠢᠨ ᠭᠠᠵᠠᠷ ᠣᠷᠣᠨ ᠤ ᠬᠡᠷᠡᠯ ᠴᠡᠨᠡᠭ ᠤᠨ ᠠᠵᠤ ᠦᠢᠯᠡᠰ ᠤᠨ ᠲᠥᠷᠥᠯ | ᠵᠦᠢᠯ ᠤᠨ ᠬᠡᠷᠡᠭᠴᠡᠭᠡ ᠶᠢ ᠪᠥᠬᠦ ᠲᠠᠯ᠎ᠠ ᠪᠠᠷ ᠪᠠᠲᠤᠯᠠᠪᠠ ᠃ ᠳᠡᠭᠡᠳᠦ ᠭᠡᠯᠬᠢᠶᠠᠨ ᠤ ᠬᠡᠷᠡᠯ ᠴᠡᠨᠡᠭ ᠤᠨ ᠰᠢᠯ ᠤᠨ ᠠᠵᠤ ᠦᠢᠯᠡᠰ ᠤᠨ ᠬᠡᠯᠬᠢᠶ᠎ᠡ ᠶᠢᠨ ᠤᠯᠠᠮ ᠢᠶᠠᠷ | ᠲᠡᠭᠦᠯᠳᠡᠷᠵᠢᠬᠦ ᠶᠢ ᠳᠠᠭᠠᠯᠳᠤᠨ ᠂ ᠺᠣᠮᠫᠠᠨᠢ ᠶᠢᠨ ᠬᠥᠭᠵᠢᠯᠲᠡ ᠶᠢᠨ ᠢᠲᠡᠭᠡᠯ ᠵᠣᠷᠢᠭ ᠢ ᠴᠦ ᠬᠥᠪᠴᠢᠯᠡᠭᠰᠡᠨ ᠪᠠᠶᠢᠨ᠎ᠠ ᠃ ︽ ᠬᠡᠷᠡᠯ ᠴᠡᠨᠡᠭ ᠤᠨ ᠠᠵᠢᠯ ᠲᠥᠷᠥᠯ ᠤᠨ | ᠬᠤᠶᠢᠰᠢᠳᠠ ᠶᠢᠨ 5 ᠵᠢᠯ ᠠᠴᠠ 10 ᠵᠢᠯ ᠤᠨ ᠨᠡᠮᠡᠭᠳᠡᠯ ᠢ ᠨᠢᠭᠡᠨ ᠰᠢᠵᠢᠷ ᠠᠯᠲᠠᠨ ᠤᠷᠤᠯᠳᠤᠭᠠᠨ ᠤ ᠵᠠᠮ ᠭᠡᠵᠦ ᠬᠡᠯᠡᠵᠦ ᠪᠣᠯᠣᠨ᠎ᠠ ᠂ ᠬᠦᠷᠢᠶᠡᠯᠡᠩ ᠲᠣᠭᠤᠷᠢᠭ ᠤᠨ | ᠠᠵᠤ ᠦᠢᠯᠡᠰ ᠤᠨ ᠬᠡᠯᠬᠢᠶ᠎ᠡ ᠲᠠᠰᠤᠷᠠᠯᠲᠠ ᠦᠭᠡᠢ ᠲᠡᠭᠦᠯᠳᠡᠷᠵᠢᠵᠦ ᠪᠠᠶᠢᠭ᠎ᠠ ᠨᠢ ᠪᠢᠳᠡᠨ ᠤ ᠦᠷᠭᠦᠯᠵᠢᠯᠡᠬᠦ ᠬᠥᠭᠵᠢᠯᠲᠡ ᠳᠤ ᠯᠤᠲᠤ ᠶᠡᠭᠡ ᠢᠲᠡᠭᠡᠯ ᠵᠣᠷᠢᠭ ᠢ | ᠣᠯᠭᠤᠭᠰᠠᠨ ᠪᠠᠶᠢᠨ᠎ᠠ ︾ ᠭᠡᠵᠦ ᠲᠢᠶᠠᠨ ᠾᠧ ᠭᠤᠸᠠᠩ ᠨᠧᠩ ᠥᠪᠥᠷ ᠮᠣᠩᠭᠤᠯ ᠤᠨ ᠲᠢᠶᠠᠨ ᠱᠧᠩ ᠰᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠺᠣᠮᠫᠠᠨᠢ ᠶᠢᠨ ᠠᠵᠢᠯᠲᠠᠨ ᠤ ᠶᠠᠪᠤᠳᠠᠯ ᠵᠠᠰᠠᠭ ᠵᠠᠬᠢᠷᠭᠠᠨ ᠤ ᠬᠡᠯᠲᠡᠰ ᠤᠨ ᠬᠠᠷᠢᠭᠤᠴᠠᠯᠭᠠᠲᠠᠨ ᠸᠠᠩ ᠰᠢᠶᠣᠣ ᠮᠢᠩᠢᠯᠡᠷᠭᠡᠶᠢᠯᠡᠨᠠ᠃ | ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠪᠠᠷ ᠬᠥᠳᠡᠯᠭᠡᠭᠦᠷ ᠪᠣᠯᠭᠠᠵᠤ ᠂ ᠪᠦᠬᠦ ᠤᠯᠤᠰ ᠤᠨ ᠡᠨᠧᠷᠭᠢ ᠶᠢᠨ ᠭᠠᠷᠭᠠᠯᠲᠠ ᠶᠢᠨ ᠴᠢᠬᠤᠯᠠ ᠭᠠᠵᠠᠷ | ᠪᠣᠯᠤᠭᠰᠠᠨ ᠤ ᠬᠤᠪᠢ ᠳᠤ ᠂ ᠵᠡᠭᠦᠨᠭᠠᠷ ᠬᠤᠰᠢᠭᠤ ᠡᠨᠧᠷᠭᠢ ᠶᠢᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ ᠂ ᠤᠯᠠᠨ ᠠᠴᠠ ᠣᠨᠴᠠᠭᠠᠢ ︽ ᠰᠠᠯᠬᠢ | ᠭᠡᠷᠡᠯ ᠴᠡᠨᠡᠭ︾ ᠤᠨ ᠳᠠᠪᠠᠭᠤᠯᠢᠭ ᠲᠠᠭᠠᠨ ᠲᠦᠰᠢᠭᠯᠡᠨ᠂ ᠭᠡᠷᠡᠯ ᠴᠡᠨᠡᠭᠤᠨ ᠠᠵᠤ ᠦᠢᠯᠡᠰ ᠤᠨ ᠤᠷᠤᠯᠳᠤᠭᠠᠨ ᠤ ᠵᠠᠮ ᠢ ᠵᠠᠪᠳᠤᠨ ᠨᠡᠭᠡᠭᠡᠵᠡᠢ ᠃ ᠬᠡᠳᠦᠬᠡᠨ ᠵᠢᠯ ᠤᠨ | ᠬᠤᠭᠤᠴᠠᠭᠠᠨ ᠳᠤ ᠂ ᠤᠮᠠᠷᠠᠲᠤ ᠣᠷᠣᠨ ᠤ ᠬᠡᠪᠴᠢᠶ᠎ᠡ ᠪᠠᠷ ᠬᠠᠮᠤᠭ ᠤᠨ ᠶᠡᠭᠡ ᠰᠢᠯᠢᠳᠡᠭ ᠣᠨᠴᠠ ᠲᠥᠷᠥᠯ ᠤᠨ ᠰᠢᠯ ᠤᠨ ᠲᠥᠷᠥᠯ ᠵᠦᠢᠯ ᠤᠨ ᠨᠢᠭᠡᠳᠦᠭᠡᠷ | ᠬᠤᠭᠤᠴᠠᠭᠠᠨ ᠤ ᠪᠠᠷᠢᠯᠭ᠎ᠠ ᠠᠰᠢᠭᠯᠠᠯᠲᠠ ᠳᠤ ᠣᠷᠣᠵᠤ ᠂ ᠳᠡᠭᠡᠳᠦ ᠳᠣᠣᠷᠠᠳᠤ ᠭᠡᠯᠬᠢᠶᠠᠨ ᠤ ᠵᠢᠯ ᠳᠤ 135 ᠲᠦᠮᠡᠨ ᠲᠣᠨ ᠬᠡᠲᠦ ᠴᠠᠭᠠᠨ ᠬᠡᠷᠡᠯ ᠴᠡᠨᠡᠭ ᠤᠨ ᠰᠢᠯ | ᠦᠢᠯᠡᠳᠪᠦᠷᠢᠯᠡᠬᠦ ᠳᠤ ᠬᠡᠷᠡᠭᠯᠡᠬᠦ ᠥᠭᠡᠬᠦᠨ ᠴᠢᠯᠠᠭᠤᠨ ᠡᠯᠡᠰᠦ ᠪᠠ ᠳᠡᠭᠡᠳᠦ ᠲᠠᠰ ᠤᠨ low-e ᠡᠨᠧᠷᠭᠢ ᠠᠷᠪᠢᠯᠠᠬᠤ ᠰᠢᠯ ᠤᠨ ᠲᠥᠷᠥᠯ ᠵᠦᠢᠯ ᠤᠷᠤᠭᠰᠢᠲᠠᠢ ᠪᠠᠷ | ᠠᠰᠢᠭᠯᠠᠯᠲᠠ ᠳᠤ ᠣᠷᠣᠪᠠ ᠃ ᠲᠢᠶᠠᠨ ᠾᠧ ᠭᠤᠸᠠᠩ ᠨᠧᠩ ᠤᠨ 2GW ᠭᠡᠷᠡᠯ ᠴᠡᠨᠡᠭ ᠤᠨ ᠳᠤᠨᠤᠬᠯᠠᠭᠠᠰᠤ ᠶᠢᠨ ᠲᠥᠷᠥᠯ ᠵᠦᠢᠯ ᠢ ᠲᠣᠭᠲᠠᠭᠤᠨ ᠢᠶᠠᠷ | ᠦᠢᠯᠡᠳᠪᠦᠷᠢᠯᠡᠵᠦ ᠂ ᠰᠢᠨ᠎ᠡ ᠪᠠᠷ ᠡᠭᠦᠳᠦᠭᠰᠡᠨ ᠯᠢᠲ᠋ᠢ ᠢᠶᠤᠨ ᠤ ᠳ᠋ᠢᠶᠠᠨ ᡂᠢ ᠶᠢᠨ ᠪᠢᠯᠢᠭ ᠲᠤᠶᠢᠯ ᠤᠨ ᠮᠠᠲ᠋ᠧᠷᠢᠶᠠᠯ ᠤᠨ ᠲᠦᠷᠦᠯ ᠵᠦᠢᠯ ᠤᠳᠠᠯ ᠦᠭᠡᠢ | ᠠᠰᠢᠭᠯᠠᠯᠲᠠ ᠳᠤ ᠣᠷᠣᠬᠤ ᠪᠠᠷ ᠪᠤᠢ ᠂ ᠪᠠᠰᠠ ᠵᠢᠶᠠ ᠶᠠᠩ ᠡᠯᠧᠺᠲᠷᠣᠨ ᠤ ᠲᠡᠰ ᠤᠨ ᠴᠠᠬᠢᠭᠤᠷ ᠠᠯᠺᠠᠨ ᠵᠢᠴᠢ ᠳᠦᠬᠦᠷᠵᠢᠬᠦᠯᠦᠭᠰᠡᠨ ᠮᠥᠬᠦᠯᠢᠭᠲᠦ ᠡᠯᠧᠺᠲᠷᠣᠨ ᠤ | ᠲᠡᠰ ᠤᠨ ᠤᠯᠠᠨ ᠲᠠᠯᠠᠰᠲᠤ ᠴᠠᠬᠢᠭᠤᠷ ᠵᠡᠷᠭᠡ ᠠᠵᠤ ᠦᠢᠯᠡᠰ ᠤᠨ ᠲᠦᠷᠦᠯ ᠵᠦᠢᠯ ᠂ 25GW ᠳᠠᠳᠠᠭᠤᠷ ᠳᠠᠯᠠᠰᠳᠤ ᠂ 25GW ᠬᠠᠶᠢᠯᠤᠭᠤᠷ ᠵᠡᠷᠭᠡ ᠲᠦᠷᠦᠯ | ᠵᠦᠢᠯ ᠵᠠᠯᠭᠠᠪᠡᠷ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠵᠤ ᠪᠤᠢ ᠃ ᠴᠢᠨᠠᠷ ᠰᠠᠶᠢᠲᠠᠢ ᠠᠵᠤ ᠦᠢᠯᠡᠰ ᠤᠨ ᠲᠦᠷᠦᠯ ᠵᠦᠢᠯ ᠤᠳ ᠨᠢ ᠭᠡᠷᠡᠯ ᠴᠡᠨᠡᠭ ᠤᠨ ᠠᠵᠤ | ᠦᠢᠯᠡᠰ ᠤᠨ ᠬᠥᠭᠵᠢᠯᠲᠡ ᠶᠢᠨ ᠲᠣᠮᠣ ᠬᠡᠯᠬᠢᠶ᠎ᠡ ᠶᠢ ᠬᠤᠯᠪᠣᠵᠤ ᠂ ︽ ᠰᠠᠯᠬᠢ ᠭᠡᠷᠡᠯ ᠴᠡᠨᠡᠭ ᠤᠰᠤᠳᠦ᠋ᠷᠦᠭᠴᠢ ᠬᠠᠳᠠᠭᠠᠯᠠᠴᠠ ᠳᠡᠷᠭᠡ ︾ ᠶᠢᠨ ᠰᠢᠨ᠎ᠡ ᠪᠠᠷ ᠮᠠᠨᠳᠤᠭᠰᠠᠨ | ᠪᠣᠬᠢᠷᠲᠤᠯ ᠦᠭᠡᠢ ᠠᠵᠤ ᠦᠢᠯᠡᠰ ᠤᠨ ᠲᠣᠮᠣ ᠵᠢᠷᠤᠭ ᠢ ᠵᠢᠷᠤᠬᠯᠠᠨ᠎ᠠ᠃ | | | | |