| ᠲᠦᠷᠦᠭᠦᠬᠡᠨ ᠂ ᠶᠡᠷᠦᠩᠭᠡᠢ ᠪᠡᠯᠡ ᠤᠷᠤᠭᠤᠯᠤᠯᠳᠠ ᠨᠢ 2200 ᠳᠦᠮᠡᠨ ᠳᠦᠬᠦᠷᠢᠭ ᠂ ᠪᠠᠷᠢᠯᠭ᠎ᠠ ᠶᠢᠨ ᠲᠠᠯᠠᠪᠠᠶ ᠨᠢ 4000 ᠭᠠᠷᠤᠢ ᠲᠡᠭᠰᠢ ᠳᠥᠷᠪᠡᠯᠵᠢᠨ | ᠮᠧᠲᠷ ᠪᠦᠬᠦᠢ ᠵᠡᠭᠦᠨᠭᠠᠷ ᠵᠣᠣ ᠪᠠᠯᠭᠠᠰᠤᠨ ᠤ ᠭᠤᠤᠯᠳᠠᠯᠭᠠᠳᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠰᠢᠨᠡᠡᠮᠨᠡᠯᠭᠡ ᠶᠢᠨ ᠲᠣᠭᠤᠷᠢᠭ ᠪᠥᠬᠦ ᠲᠠᠯ᠎ᠠ ᠪᠠᠷ | ᠠᠰᠢᠬᠯᠠᠯᠳᠠ ᠳᠤ ᠤᠷᠤᠬᠰᠠᠨ ᠪᠠᠶᠢᠨ᠎ᠠ ᠃ | ᠵᠡᠭᠦᠨᠭᠠᠷ ᠵᠤᠤ ᠪᠠᠯᠭᠠᠰᠤᠨ ᠤ ᠭᠤᠤᠯᠳᠠᠯᠭᠠᠳᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠳᠡᠭᠡᠷ᠎ᠡ ᠵᠠᠭᠤᠨ ᠤ ᠵᠢᠷᠠᠭᠠᠳ ᠣᠨ ᠳᠤ ᠡᠬᠢᠯᠡᠨ ᠪᠠᠶᠢᠭᠤᠯᠵᠤ ᠂ | ᠦᠨᠳᠦᠰᠦᠨ ᠡᠮ ᠡᠮᠨᠡᠯᠭᠡ᠂ ᠦᠨᠳᠦᠰᠦᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠂ ᠡᠬᠡ ᠨᠢᠯᠬᠠᠰ ᠤᠨ ᠤᠷᠢᠳᠴᠢᠯᠠᠬᠰᠠᠨ ᠰᠡᠷᠭᠡᠶᠢᠯᠡᠯᠭᠡ ᠡᠷᠡᠭᠦᠯ ᠮᠡᠨᠳᠦ ᠶᠢ | ᠬᠠᠮᠠᠭᠠᠯᠠᠬᠤ ᠶᠢ ᠨᠢᠭᠡ ᠴᠣᠭᠴᠠᠵᠢᠭᠤᠯᠤᠭᠰᠠᠨ ᠨᠢᠭᠡᠳᠦᠭᠡᠷ ᠳᠡᠰ ᠤᠨ ᠡᠮ ᠡᠮᠨᠡᠯᠭᠡ ᠶᠢᠨ ᠪᠠᠶᠢᠭᠤᠯᠤᠮᠵᠢ ᠪᠠᠶᠢᠵᠤ ᠂ ᠪᠦᠬᠦ ᠪᠠᠯᠭᠠᠰᠤᠨ ᠤ 1.2 ᠲᠦᠮᠡᠨ ᠬᠥᠮᠥᠨ ᠤ | ᠡᠮ ᠡᠮᠨᠡᠯᠭᠡ᠂ ᠤᠷᠢᠳᠴᠢᠯᠠᠬᠰᠠᠨ ᠰᠡᠷᠭᠡᠶᠢᠯᠡᠯᠭᠡ ᠂ ᠡᠷᠡᠭᠦᠯ ᠮᠡᠨᠳᠦ ᠶᠢ ᠬᠠᠮᠠᠭᠠᠯᠠᠬᠤ ᠡᠭᠦᠷᠭᠡ ᠶᠢ ᠡᠭᠦᠷᠭᠡᠯᠡᠵᠦ ᠪᠠᠶᠢᠳᠠᠭ ᠃ ᠪᠦᠲᠦᠭᠡᠨ ᠪᠠᠶᠢᠭᠤᠯᠤᠬᠰᠠᠨ ᠣᠨ ᠵᠢᠯ ᠨᠢ | ᠤᠳᠠᠵᠤ ᠂ ᠰᠠᠭᠤᠷᠢ ᠲᠥᠬᠦᠭᠡᠷᠦᠮᠵᠢ ᠬᠠᠷᠢᠴᠠᠩᠭᠤᠢ ᠪᠠᠷ ᠮᠠᠭᠤᠳᠠᠬᠰᠠᠨ ᠠᠴᠠ ᠪᠤᠯᠵᠤ ᠂ ᠬᠥᠭᠵᠢᠯᠲᠡ ᠶᠢᠨ ᠣᠷᠣᠨ ᠵᠠᠢ ᠨᠢ ᠬᠢᠵᠠᠭᠠᠷᠯᠠᠭᠳᠠᠵᠠᠢ ᠃ ᠣᠯᠠᠨ ᠲᠦᠮᠡᠨ ᠤ | ᠡᠪᠡᠳᠴᠢᠨ ᠦᠵᠡᠭᠦᠯᠵᠤ ᠪᠡᠶ᠎ᠡ ᠶᠢᠨ ᠪᠠᠶᠢᠴᠠᠭᠠᠯᠳᠠ ᠬᠢᠬᠦ ᠶᠢ ᠤᠯᠠᠮ ᠴᠢᠨᠠᠬᠰᠢᠳᠠ ᠰᠠᠶᠢᠵᠢᠷᠠᠭᠤᠯᠤᠨ ᠳᠡᠭᠡᠭᠰᠢᠯᠡᠭᠦᠯᠬᠦ ᠶᠢᠨ ᠳᠤᠰᠠᠳᠠ ᠂ 2022 ᠣᠨ ᠤ 8 | ᠰᠠᠷ᠎ᠠ ᠳᠤ ᠰᠢᠨ᠎ᠡ ᠡᠮᠨᠡᠯᠭᠡ ᠶᠢᠨ ᠬᠤᠷᠢᠶ᠎ᠠ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ ᠂ ᠡᠨᠡ ᠵᠢᠯ ᠤᠨ 5 ᠰᠠᠷ᠎ᠠ ᠶᠢᠨ ᠡᠬᠢ ᠪᠠᠷ ᠰᠢᠨ᠎ᠡ | ᠪᠠᠭᠤᠴᠠᠨ ᠳᠠᠭᠠᠨ ᠵᠢᠩᠬᠢᠨᠢ ᠪᠠᠷ ᠨᠡᠭᠦᠭᠰᠡᠨ ᠤ ᠬᠠᠮᠲᠤ ᠠᠰᠢᠭᠯᠠᠯᠲᠠ ᠳᠤ ᠣᠷᠣᠭᠤᠯᠪᠠ ᠃ | | ᠵᠢᠷᠤᠭ ᠄ ᠵᠡᠭᠦᠨᠭᠠᠷ ᠵᠤᠤ ᠪᠠᠯᠭᠠᠰᠤᠨ ᠤ ᠭᠤᠤᠯᠳᠠᠯᠭᠠᠳᠤ ᠡᠷᠡᠭᠦᠯ ᠬᠠᠮᠠᠭᠠᠯᠠᠯ ᠤᠨ ᠬᠤᠷᠢᠶᠠᠨ ᠤ ᠰᠢᠨ᠎ᠡ ᠡᠮᠨᠡᠯᠭᠡ ᠶᠢᠨ ᠲᠣᠭᠤᠷᠢᠭ ᠃ ᠾᠧ ᠷᠦᠨ ᠰᠡᠭᠦᠳᠡᠷᠯᠡᠪᠡ | | ᠰᠢᠨ᠎ᠡ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠡᠭᠦᠳᠡᠨ ᠡᠮᠨᠡᠯᠭᠡ ᠶᠢᠨ ᠶᠡᠭᠡ ᠲᠢᠩᠬᠢᠮ ᠨᠢ ᠠᠭᠤᠵᠢᠮ ᠰᠠᠷᠠᠭᠤᠯᠬᠠᠨ ᠪᠠᠶᠢᠵᠤ ᠂ ᠣᠯᠠᠨ ᠲᠦᠮᠡᠨ ᠡᠪᠡᠳᠴᠢᠨ | ᠦᠵᠡᠭᠦᠯᠬᠦ ᠳᠤ ᠳ᠋ᠤᠭᠠᠷᠯᠠᠬᠤ ᠂ ᠰᠦᠢᠳᠬᠡᠯ ᠲᠤᠰᠢᠶᠠᠵᠤ ᠡᠮ ᠠᠪᠬᠤ ᠨᠢ ᠡᠮᠬᠢ ᠴᠡᠭᠴᠡ ᠲᠡᠶᠪᠠᠶᠢᠪᠠ ᠃ ᠬᠢᠲᠠᠳ ᠡᠸᠦ᠋ᠷᠦᠫᠡ ᠡᠮᠨᠡᠯᠭᠡ ᠶᠢᠨ ᠣᠨᠴᠠᠯᠢᠭᠲᠤ | ᠡᠮᠴᠢᠯᠡᠭᠡᠨ ᠤ ᠲᠠᠰᠤᠭ ᠲᠤ ᠂ ᠬᠤᠸᠠ ᠳᠡᠮᠡᠭᠡᠳᠤ ᠲᠣᠰᠬᠤᠨ ᠤ 72 ᠨᠠᠰᠤᠲᠠᠢ ᠲᠣᠰᠬᠤᠨ ᠤ ᠠᠷᠠᠳ ᠸᠠᠩ ᠡᠯ ᠰᠢᠶᠣᠣ ᠠᠳᠡ ᠶᠠᠭ ᠡᠮᠨᠡᠭᠦᠯᠵᠦ ᠪᠠᠶᠢᠯ᠎ᠠ᠃ ᠬᠢᠲᠠᠳ | ᠡᠸᠦ᠋ᠷᠦᠫᠡ ᠡᠮᠨᠡᠯᠭᠡ ᠶᠢᠨ ᠣᠨᠴᠠᠯᠢᠭᠲᠤ ᠡᠮᠴᠢᠯᠡᠭᠡᠨ ᠤ ᠲᠠᠰᠤᠭ ᠨᠢ ᠬᠢᠳᠠᠳ ᠡᠮᠨᠡᠯᠭᠡ ᠪᠣᠯᠣᠨ ᠡᠸᠦ᠋ᠷᠦᠫᠡ ᠡᠮᠨᠡᠯᠭᠡ ᠶᠢᠨ ᠮᠡᠷᠭᠡᠵᠢᠯ ᠢ ᠨᠢᠭᠡ ᠴᠤᠬᠴᠠᠵᠢᠭᠤᠯᠵᠤ ᠂ | ᠲᠡᠷᠢᠭᠦᠨ ᠤ ᠣᠨᠣᠰᠢᠯᠠᠨ ᠡᠮᠨᠡᠬᠦ ᠲᠥᠬᠦᠭᠡᠷᠦᠮᠵᠢ ᠪᠣᠯᠣᠨ ᠬᠢᠲᠠᠳ ᠡᠸᠦ᠋ᠷᠦᠫᠡ ᠡᠮᠨᠡᠯᠭᠡ ᠶᠢᠨ ᠬᠤᠶᠠᠷ ᠲᠤᠰᠬᠠᠢ ᠮᠡᠷᠭᠡᠵᠢᠯᠲᠡᠨ ᠢ ᠲᠣᠬᠢᠷᠠᠭᠤᠯᠵᠤ ᠂ ᠡᠪᠡᠳᠴᠢᠲᠡᠨ ᠳᠤ | ᠬᠢᠲᠠᠳ ᠡᠸᠦ᠋ᠷᠦᠫᠡ ᠡᠮᠨᠡᠯᠭᠡ ᠶᠢᠨ ᠶᠡᠷᠦᠩᠬᠡᠶᠢᠯᠡᠭᠰᠡᠨ ᠣᠨᠣᠰᠢᠯᠠᠨ ᠡᠮᠨᠡᠬᠦ ᠲᠥᠰᠥᠯ ᠢ ︽ᠪᠡᠶ᠎ᠡ ᠶᠢᠨ ᠪᠠᠶᠢᠳᠠᠯ ᠳᠤᠨᠢ ᠲᠣᠬᠢᠷᠠᠭᠤᠯᠤᠨ ᠲᠣᠭᠲᠠᠭᠠᠵᠤ ᠥᠭᠬᠦᠨ᠎ᠠ︾᠃ | | ᠵᠢᠷᠤᠭ ᠄ ᠬᠢᠲᠠᠳ ᠡᠸᠦ᠋ᠷᠦᠫᠡ ᠡᠮᠨᠡᠯᠭᠡ ᠶᠢᠨ ᠣᠨᠴᠠᠯᠢᠭᠲᠤ ᠡᠮᠴᠢᠯᠡᠭᠡᠨ ᠤ ᠲᠠᠰᠤᠭ ᠃ ᠾᠧ ᠷᠦᠨ ᠰᠡᠭᠦᠳᠡᠷᠯᠡᠪᠡ | | ︽ ᠪᠢ ᠠᠭᠤᠰᠬᠢ ᠵᠢᠷᠦᠬᠡᠨ ᠤ ᠡᠪᠡᠳᠴᠢᠨ ᠲᠠᠢ ᠂ ᠴᠢᠰᠤᠨ ᠳᠠᠷᠤᠯᠲᠠ ᠥᠨᠳᠥᠷ ᠡᠪᠡᠳᠴᠢᠨ ᠳᠤ ᠨᠡᠷᠪᠡᠭᠳᠡᠭᠡᠳ ᠤᠨ ᠤᠳᠠᠵᠤ ᠪᠠᠶᠢᠨ᠎ᠠ ᠂ ᠥᠩᠭᠡᠷᠡᠭᠰᠡᠨ ᠳᠤ | ᠭᠡᠷ ᠲᠡᠭᠡᠨ ᠬᠠᠨᠵᠤᠨ ᠠᠴᠠ ᠪᠠᠨ ᠪᠠᠭᠤᠵᠤ ᠳᠡᠶᠢᠯᠬᠦ ᠦᠭᠡᠢ ᠂ ᠵᠣᠷᠯᠣᠩ ᠳᠤ ᠴᠤ ᠣᠷᠣᠵᠤ ᠳᠡᠶᠢᠯᠬᠦ ᠦᠭᠡᠢ ᠪᠠᠶᠢᠭᠰᠠᠨ ᠂ ᠬᠢᠲᠠᠳ ᠡᠸᠦ᠋ᠷᠦᠫᠡ ᠡᠮᠨᠡᠯᠭᠡ ᠶᠢᠨ | ᠲᠤᠰᠬᠠᠢ ᠮᠡᠷᠭᠡᠵᠢᠯᠲᠡᠨ ᠢᠶᠠᠷ ᠡᠮᠴᠢᠯᠡᠭᠡ ᠬᠢᠭᠰᠡᠨ ᠤ ᠦᠷ᠎ᠡ ᠳ᠋ᠦᠩ ᠨᠢ ᠮᠠᠰᠢ ᠰᠠᠶᠢᠨ ᠪᠤᠯᠬᠤᠷ ᠂ ᠣᠳᠣ ᠪᠢ ᠭᠠᠵᠠᠷ ᠪᠣᠯᠭᠠᠨ ᠢᠶᠠᠷ ᠲᠣᠭᠤᠷᠢᠵᠤ ᠴᠢᠳᠠᠬᠤ | ᠪᠣᠯᠤᠭᠰᠠᠨ ︾ ᠭᠡᠵᠤ ᠸᠠᠩ ᠡᠯ ᠰᠢᠶᠤᠤ ᠶᠠᠷᠢᠨ᠎ᠠ᠃ | ᠶᠡᠭᠡ ᠲᠢᠩᠬᠢᠮ ᠳᠤ ᠂ ᠲᠠᠨ ᠶᠣᠣ ᠴᠢᠦᠢ ᠲᠣᠰᠬᠤᠨ ᠤ ᠠᠷᠠᠳ ᠾᠧ ᠽᠠᠢ ᠵᠢᠶᠠᠩ ᠳᠣᠲᠣᠷ ᠰᠠᠯᠠᠭᠠᠨ ᠤ ᠡᠮᠴᠢ ᠵᠠᠩᠯᠢᠨ ᠳᠤ ︽ᠥᠷᠥᠰᠢᠶᠡᠯᠲᠦ ᠡᠮᠴᠢ ᠶᠢᠨ | ᠶᠣᠰᠣ ᠰᠤᠷᠲᠠᠬᠤᠨ ᠡᠷᠬᠢᠮ ᠳᠡᠭᠡᠳᠤ ᠂ ᠨᠡᠶᠢᠭᠡᠮ ᠳᠤ ᠳᠤᠰᠠ ᠬᠢᠵᠤ ᠡᠪᠡᠳᠴᠢᠳᠡᠨ ᠢ ᠡᠳᠡᠭᠡᠷᠡᠬᠦᠯᠤᠨᠡᠮ︾ᠭᠡᠰᠡᠨ ᠦᠰᠦᠭ ᠲᠠᠢ ᠬᠡᠮᠡᠷᠯᠢᠭ ᠲᠤᠭ ᠢ ᠬᠦᠷᠭᠡᠵᠦ | ᠢᠷᠡᠭᠰᠡᠨ ᠪᠠᠶᠢᠯ᠎ᠠ᠃ ︽ ᠮᠢᠨᠤ ᠬᠥᠯ ᠮᠠᠭᠤ ᠂ ᠡᠩ ᠤᠨ ᠦᠶ᠎ᠡ ᠳᠤ ᠬᠥᠳᠡᠯᠵᠦ ᠪᠠᠷᠢᠬᠤ ᠳᠤ ᠳᠥᠭᠦᠮ ᠦᠭᠡᠢ ᠪᠣᠯᠬᠤᠷ ᠵᠠᠩ ᠯᠢᠨ ᠡᠮᠴᠢ ᠦᠷᠭᠦᠯᠵᠢ ᠭᠡᠷ ᠲᠤ | ᠢᠷᠡᠵᠦ ᠨᠠᠳᠠ ᠳᠤ ᠦᠢᠯᠡᠴᠢᠯᠡᠭᠡ ᠬᠠᠩᠭᠠᠳᠠᠭ ᠂ ᠵᠠᠩ ᠡᠮᠴᠢ ᠡᠷᠬᠢᠮ ᠳᠡᠭᠡᠳᠦ ᠮᠣᠷᠠᠯ ᠲᠠᠢ ᠂ ᠡᠪᠡᠳᠴᠢᠲᠡᠨ ᠳᠤ ᠬᠠᠶᠢᠷ᠎ᠠ ᠬᠠᠯᠠᠮᠵᠢ ᠲᠠᠢ ᠂ ᠲᠡᠰᠪᠦᠷᠢ | ᠲᠡᠪᠴᠢᠶᠡᠷᠢ ᠲᠠᠢ ᠪᠠᠶᠢᠳᠠᠭ ᠂ ᠲᠡᠭᠦᠨ ᠳᠤ ᠮᠠᠰᠢ ᠲᠠᠯᠠᠷᠬᠠᠵᠤ ᠪᠠᠶᠢᠨ᠎ᠠ ︕ ᠭᠡᠷ ᠤᠨ ᠡᠭᠦᠳᠡᠨ ᠳᠤ ᠡᠶᠢᠮᠦ ᠰᠠᠶᠢᠨ ᠡᠮᠨᠡᠯᠭᠡ ᠶᠢᠨ ᠬᠤᠷᠢᠶ᠎ᠠ ᠲᠠᠢ ᠪᠠᠶᠢᠬᠤ ᠨᠢ ᠮᠠᠨ ᠤ | ᠡᠪᠡᠳᠴᠢᠨ ᠦᠵᠡᠭᠦᠯᠬᠦ ᠬᠡᠷᠡᠭᠴᠡᠭᠡ ᠶᠢ ᠶᠡᠭᠡ ᠪᠠᠷ ᠬᠠᠩᠭᠠᠵᠤ ᠪᠠᠶᠢᠨ᠎ᠠ ︾ ᠭᠡᠵᠦ ᠾᠧ ᠽᠠᠢ ᠵᠢᠶᠠᠩ ᠶᠠᠷᠢᠨ᠎ᠠ᠃ | | ᠵᠢᠷᠤᠭ ᠄ ᠡᠪᠡᠳᠴᠢᠲᠡᠨ ᠠᠴᠠ ᠲᠠᠯᠠᠷᠬᠠᠯ ᠤᠨ ᠭᠡᠮᠡᠷᠯᠢᠭ ᠲᠤᠭ ᠬᠦᠷᠭᠡᠨ᠎ᠡ ᠃ ᠾᠧ ᠷᠦᠨ ᠰᠡᠭᠦᠳᠡᠷᠯᠡᠪᠡ | | ᠵᠡᠭᠦᠨᠭᠠᠷ ᠵᠤᠤ ᠪᠠᠯᠭᠠᠰᠤ ᠶᠢᠨ ᠭᠤᠤᠯᠳᠠᠯᠭᠠᠳᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠡᠭᠦᠳᠡᠨ ᠡᠮᠨᠡᠯᠭᠡ ᠶᠢᠨ ᠭᠠᠵᠠᠷ ᠂ ᠡᠮᠨᠡᠯᠭᠡ ᠳᠤ ᠰᠠᠭᠤᠬᠤ ᠭᠠᠵᠠᠷ ᠂ | ᠴᠢᠳᠠᠮᠵᠢᠲᠤ ᠰᠠᠯᠠᠭ᠎ᠠ ᠲᠠᠰᠤᠭ ᠂ ᠦᠨᠳᠦᠰᠦᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠲᠠᠢ ᠪᠠᠶᠢᠳᠠᠭ ᠃ ᠡᠭᠦᠳᠡᠨ | ᠡᠮᠨᠡᠯᠭᠡ ᠶᠢᠨ ᠭᠠᠵᠠᠷ ᠲᠤ ᠬᠢᠲᠠᠳ ᠡᠮᠨᠡᠯᠭᠡ ᠶᠢᠨ ᠣᠷᠳᠣᠨ᠂ ᠡᠸᠦ᠋ᠷᠦᠫᠡ ᠡᠮᠨᠡᠯᠭᠡ ᠶᠢᠨ ᠶᠡᠷᠦᠩᠬᠡᠢ ᠰᠠᠯᠠᠭ᠎ᠠ᠂ ᠳᠣᠲᠣᠷ ᠡᠮᠨᠡᠯᠭᠡ᠂ ᠭᠠᠳᠠᠷ ᠡᠮᠨᠡᠯᠭᠡ᠂ ᠬᠥᠩᠭᠡᠵᠢᠭᠦᠯᠬᠦ | ᠰᠠᠯᠠᠭ᠎ᠠ᠂ ᠬᠡᠦᠬᠡᠳ ᠤᠨ ᠰᠠᠯᠠᠭ᠎ᠠ᠂ ᠲᠦᠷᠭᠡᠨ ᠡᠮᠨᠡᠬᠦ ᠲᠠᠰᠤᠭ ᠵᠡᠷᠭᠡ ᠡᠮᠴᠢᠯᠡᠭᠡᠨ ᠤ ᠰᠠᠯᠠᠭ᠎ᠠ ᠲᠠᠰᠤᠭ ᠲᠠᠢ ︔ ᠡᠮᠨᠡᠯᠭᠡ ᠳᠤ ᠰᠠᠭᠤᠬᠤ ᠭᠠᠵᠠᠷ ᠲᠤ ᠰᠤᠪᠢᠯᠠᠭᠴᠢ ᠶᠢᠨ | ᠠᠯᠪᠠᠨ ᠭᠡᠷ ᠂ ᠡᠪᠡᠳᠴᠢᠲᠡᠨ ᠤ ᠦᠷᠦᠭᠡ︵ᠣᠷᠣᠨ ᠲᠣᠭᠠᠨ ᠤ ᠣᠷᠣ 50 ᠪᠤᠢ︶ ᠭᠠᠷᠭᠠᠵᠠᠢ︔ ᠴᠢᠳᠠᠮᠵᠢᠲᠤ ᠰᠠᠯᠠᠭ᠎ᠠ ᠲᠠᠰᠤᠭ ᠲᠤ ᠵᠢᠷᠦᠬᠡᠨ ᠤ ᠯᠤᠭᠰᠢᠯᠲᠠ ᠶᠢᠨ | ᠵᠢᠷᠤᠭ ᠬᠢᠬᠦ ᠂ ᠹᠢᠯᠢᠫ ᠤᠨ ᠪᠤᠳᠤᠭᠲᠤ ᠬᠡᠳᠦ ᠳᠣᠯᠭᠢᠶᠠᠨ᠂ DR ᠮᠠᠰᠢᠨ᠂ ᠪᠦᠷᠢᠨ ᠠᠦ᠋ᠲ᠋ᠣ᠋ ᠴᠢᠰᠤᠨ ᠴᠣᠭᠴᠠ ᠶᠢᠨ ᠵᠠᠳᠠᠯᠤᠯᠲᠠ ᠶᠢᠨ ᠬᠡᠮᠵᠢᠭᠦᠷᠯᠢᠭ︵ᠲᠠᠪᠤᠨ | ᠠᠩᠭᠢᠯᠠᠯ ᠲᠠᠢ︶ ᠂ ᠪᠦᠷᠢᠨ ᠠᠦ᠋ᠲ᠋ᠣ᠋ ᠴᠠᠬᠢᠯᠭᠠᠨ ᠵᠠᠳᠠᠯᠤᠭᠳᠠᠬᠤᠨ ᠤ ᠵᠠᠳᠠᠯᠤᠯᠲᠠ ᠶᠢᠨ ᠬᠡᠮᠵᠢᠭᠦᠷᠯᠢᠭ᠂ ᠪᠦᠷᠢᠨ ᠠᠦ᠋ᠲ᠋ᠣ᠋ ᠰᠢᠭᠡᠰᠤ ᠴᠢᠰᠤᠨ ᠤ ᠵᠠᠳᠠᠯᠤᠯᠲᠠ ᠶᠢᠨ | ᠬᠡᠮᠵᠢᠭᠦᠷᠯᠢᠭ᠂ ᠢᠰᠬᠡᠭᠦᠷ ᠤᠨ ᠲᠡᠮᠳᠡᠭ ᠤᠨ ᠬᠡᠮᠵᠢᠭᠦᠷᠯᠢᠭ᠂ ᠨᠡᠭᠦᠷᠡᠰᠦᠲᠥ᠋ᠷᠥᠭᠴᠢ ᠠᠷᠪᠠᠨ ᠭᠤᠷᠪᠠ᠂ ᠬᠤᠳᠣᠭᠤᠳᠤ ᠤᠬᠢᠶᠠᠬᠤ ᠮᠠᠰᠢᠨ ᠵᠡᠷᠭᠡ ᠶᠢ ᠬᠠᠪᠰᠤᠷᠭᠠᠵᠠᠢ ᠃ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠳᠤ ᠰᠡᠷᠭᠡᠶᠢᠯᠡᠬᠦ ᠲᠠᠷᠢᠯᠭ᠎ᠠ ᠶᠢᠨ ᠲᠠᠰᠤᠭ ᠂ ᠡᠬᠡ ᠨᠢᠯᠬᠠᠰ ᠤᠨ ᠡᠷᠡᠭᠦᠯᠵᠢᠯ ᠤᠨ ᠲᠠᠰᠤᠭ ᠂ ᠤᠳᠠᠭᠠᠨ ᠴᠢᠨᠠᠷᠲᠠᠢ | ᠡᠪᠡᠳᠴᠢᠨ ᠤ ᠬᠠᠮᠢᠶᠠᠷᠤᠯᠲᠠ ᠵᠡᠷᠭᠡ ᠰᠠᠯᠠᠭ᠎ᠠ ᠲᠠᠰᠤᠭ ᠲᠠᠢ ᠪᠠᠶᠢᠨ᠎ᠠ ᠃ | | ᠵᠢᠷᠤᠭ ᠄ ᠲᠡᠷᠢᠭᠦᠨ ᠤ ᠲᠥᠬᠦᠭᠡᠷᠦᠮᠵᠢ — ᠡᠷᠭᠢᠭᠦᠯᠭᠡᠨ CT ᠮᠠᠰᠢᠨ ᠃ ᠾᠧ ᠷᠦᠨ ᠰᠡᠭᠦᠳᠡᠷᠯᠡᠪᠡ | | ︽ ᠣᠳᠣᠬᠠᠨ ᠳᠤ ᠂ ᠰᠢᠨ᠎ᠡ ᠡᠮᠨᠡᠯᠭᠡ ᠶᠢᠨ ᠲᠣᠭᠤᠷᠢᠭ ᠢ ᠨᠢᠭᠡᠨᠲᠡ ᠪᠥᠬᠦ ᠲᠠᠯ᠎ᠠ ᠪᠠᠷ ᠡᠬᠢᠯᠡᠨ ᠬᠡᠷᠡᠭᠯᠡᠵᠦ ᠂ ᠰᠠᠭᠤᠭᠠᠯᠢᠠᠷᠠᠳ ᠤᠨ ᠡᠪᠡᠳᠴᠢᠨ ᠦᠵᠡᠭᠦᠯᠬᠦ | ᠣᠷᠴᠢᠨ ᠲᠣᠭᠤᠷᠢᠨ ᠪᠠ ᠦᠢᠯᠡᠴᠢᠯᠡᠭᠡᠨ ᠤ ᠴᠢᠨᠠᠷ ᠢ ᠶᠡᠭᠡ ᠪᠠᠷ ᠳᠡᠭᠡᠭᠰᠢᠯᠡᠭᠦᠯᠪᠡ ᠃ ᠪᠢᠳᠠ 40 ᠮᠥᠷ ᠡᠷᠭᠢᠭᠦᠯᠭᠡ CT ᠮᠠᠰᠢᠨ ᠂ ᠳ᠋ᠤᠫᠯᠧᠷ ᠤᠨ ᠭᠡᠳᠦ ᠲᠡᠭᠤᠠ | ᠵᠡᠷᠭᠡ ᠲᠡᠷᠢᠭᠦᠨ ᠤ ᠡᠮ ᠡᠮᠨᠡᠯᠭᠡ ᠶᠢᠨ ᠲᠥᠬᠦᠭᠡᠷᠦᠮᠵᠢ ᠶᠢ ᠲᠣᠬᠢᠷᠠᠭᠤᠯᠤᠭᠰᠠᠨ ᠢᠶᠠᠷ ᠦᠯᠤ ᠪᠠᠷᠠᠨ ᠪᠠᠰᠠ ᠡᠪᠡᠳᠴᠢᠨ ᠦᠵᠡᠭᠦᠯᠬᠦ ᠶᠠᠪᠤᠴᠠ ᠪᠠ ᠦᠢᠯᠡᠴᠢᠯᠡᠭᠡ ᠶᠢ | ᠰᠢᠯᠢᠳᠡᠭᠵᠢᠭᠦᠯᠵᠦ ᠂ ᠡᠮᠴᠢᠯᠡᠭᠡᠨ ᠳᠤ ᠭᠠᠷᠬᠤ ᠡᠮᠴᠢ ᠶᠢᠨ ᠲᠤᠭ᠎ᠠ ᠶᠢ ᠨᠡᠮᠡᠭᠳᠡᠭᠦᠯᠬᠦ ᠪᠠᠷ ᠳᠠᠮᠵᠢᠭᠤᠯᠤᠨ ᠂ ᠡᠮᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ | ᠬᠤᠰᠢᠭᠤᠨ ᠤ ᠭᠤᠤᠯᠳᠠᠯᠭᠠᠳᠤ ᠡᠮᠨᠡᠯᠭᠡ ᠶᠢᠨ ᠬᠤᠷᠢᠶ᠎ᠠ ᠲᠠᠢ ᠬᠠᠮᠲᠤᠷᠠᠯᠴᠠᠬᠤ ᠶᠢ ᠴᠢᠩᠭᠠᠳᠬᠠᠨ ᠂ ᠬᠤᠰᠢᠭᠤᠨ ᠤ ᠭᠤᠤᠯᠳᠠᠯᠭᠠᠳᠤ ᠡᠮᠨᠡᠯᠭᠡ ᠶᠢᠨ ᠬᠤᠷᠢᠶ᠎ᠠ ᠶᠢᠨ | ᠲᠣᠮᠢᠯᠠᠭᠰᠠᠨ ᠲᠤᠰᠬᠠᠢ ᠮᠡᠷᠭᠡᠵᠢᠯᠲᠡᠨ ᠣᠷᠳᠣ ᠬᠤᠭᠤᠴᠠᠭ᠎ᠠ ᠪᠠᠷ ᠮᠠᠨ ᠤ ᠬᠤᠷᠢᠶᠠᠨ ᠳᠤ ᠰᠠᠬᠢᠨ ᠰᠠᠭᠤᠵᠤ ᠂ ᠡᠮᠴᠢᠯᠡᠭᠡᠨ ᠳᠤ ᠭᠠᠷᠴᠤ ᠂ ᠪᠠᠰᠠ ︿ ᠨᠡᠬᠦᠳᠡᠯ | ᠡᠮᠨᠡᠯᠭᠡ ᠶᠢᠨ ᠬᠤᠷᠢᠶ᠎ᠠ ﹀ ᠶᠢ ᠠᠰᠢᠭᠯᠠᠨ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠪᠡᠭᠡᠵᠢᠩ ᠱᠠᠩᠬᠠᠢ ᠶᠢᠨ ᠲᠤᠰᠬᠠᠢ ᠮᠡᠷᠭᠡᠵᠢᠯᠲᠡᠨ ᠢ ᠳ᠋ᠤᠭᠠᠷᠯᠠᠨ ᠦᠭᠴᠤ ᠂ | ᠨᠠᠩ ᠳᠥᠭᠦᠮ ᠳᠥᠲᠡ ᠪᠥᠭᠡᠳ ᠴᠢᠨᠠᠷ ᠰᠠᠶᠢᠲᠠᠢ ᠡᠮᠴᠢᠯᠡᠭᠡᠨ ᠤ ᠦᠢᠯᠡᠴᠢᠯᠡᠭᠡ ᠬᠦᠷᠲᠡᠭᠡᠵᠦ ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠨᠠᠩ ᠰᠠᠶᠢᠨ | ᠦᠢᠯᠡᠴᠢᠯᠡᠵᠤ ᠪᠠᠶᠢᠨ᠎ᠠ ︾ ᠭᠡᠵᠦ ᠵᠡᠭᠦᠨᠭᠠᠷ ᠵᠤᠤ ᠪᠠᠯᠭᠠᠰᠤᠨ ᠤ ᠭᠤᠤᠯᠳᠠᠯᠭᠠᠳᠤ ᠡᠷᠡᠭᠦᠯ ᠬᠠᠮᠠᠭᠠᠯᠠᠯ ᠤᠨ ᠬᠤᠷᠢᠶᠠᠨ ᠤ ᠳᠠᠷᠤᠭ᠎ᠠ ᠯᠢᠦ ᠾᠧ ᠵᠢᠶᠠᠩ ᠶᠠᠷᠢᠨ᠎ᠠ᠃ | |