| ᠣᠶᠢᠷ᠎ᠠ ᠳᠤ ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ | ᠮᠥᠩᠭᠦᠨ ᠤ ᠨᠣᠷᠮ᠎ᠠ ᠶᠢ 0.25 ᠵᠠᠭᠤᠨ ᠤ ᠴᠡᠭ ᠪᠠᠭᠤᠷᠠᠭᠤᠯᠪᠠ ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ︽ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦᠨ ᠤ | ᠨᠣᠷᠮ᠎ᠠ ᠶᠢ ᠪᠠᠭᠤᠷᠠᠭᠤᠯᠬᠤ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ ︾ ᠢ ᠳᠠᠷᠤᠮᠠᠯᠯᠠᠨ ᠲᠠᠷᠬᠠᠭᠠᠵᠤ ᠂ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦᠨ ᠤ ᠨᠣᠷᠮ᠎ᠠ ᠶᠢ ᠴᠠᠭ ᠲᠤᠬᠠᠢ ᠳᠤ ᠨᠢ | ᠲᠣᠬᠢᠷᠠᠭᠤᠯᠵᠤ ᠂ ᠦᠯᠡᠳᠡᠭᠡᠯ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ | ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠵᠣᠯᠭᠠᠭᠤᠯᠬᠤ ᠶᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ ᠃ ᠲᠣᠰ ᠤᠳᠠᠭ᠎ᠠ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦᠨ ᠤ ᠨᠣᠷᠮ᠎ᠠ ᠶᠢ ᠪᠠᠭᠤᠷᠠᠭᠤᠯᠬᠤ ᠳᠤ ᠬᠡᠷᠬᠢᠨ | ᠪᠣᠳᠠᠲᠠᠢ ᠪᠠᠷ ᠬᠡᠷᠡᠭᠵᠢᠭᠦᠯᠬᠦ ᠪᠣᠢ ︖ ᠲᠤᠰᠢᠶᠠᠨ ᠬᠠᠳᠠᠭᠠᠯᠠᠭᠤᠯᠤᠭᠴᠢ ᠲᠡᠭᠦᠨ ᠤ ᠳᠤᠮᠳᠠ ᠠᠴᠠ ᠬᠡᠳᠦᠢ ᠠᠰᠢᠭ ᠭᠥᠷᠳᠡᠬᠦ ᠪᠣᠶ ︖ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠵᠤᠷᠭᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ ᠂ ᠲᠣᠰ ᠤᠳᠠᠭ᠎ᠠ ᠵᠢᠭᠡᠯᠡᠯᠭᠡ ᠶᠢᠨ | ᠬᠦᠦ ᠮᠥᠩᠭᠦᠨ ᠤ ᠨᠣᠷᠮ᠎ᠠ ᠶᠢ ᠲᠣᠬᠢᠷᠠᠭᠤᠯᠬᠤ ᠬᠡᠪᠴᠢᠶᠡᠨ ᠳᠤ ᠰᠢᠨ᠎ᠡ ᠪᠠᠷ ᠲᠠᠯᠪᠢᠭᠰᠠᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ | ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠪᠠᠭᠲᠠᠬᠤ ᠪᠥᠭᠡᠳ ᠦᠯᠡᠳᠡᠭᠡᠯ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ | ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠴᠦ ᠪᠠᠭᠲᠠᠨ᠎ᠠ ᠃ 2024 ᠣᠨ ᠤ 5 ᠳ᠋ᠤᠭᠠᠷ ᠰᠠᠷ᠎ᠠ ᠶᠢᠨ 18 ᠤ ᠡᠳᠦᠷ ᠠᠴᠠ ᠡᠮᠦᠨ᠎ᠡ ᠲᠠᠯᠪᠢᠭᠰᠠᠨ | ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠳᠤ 2025 ᠣᠨ ᠤ 1 ᠳ᠋ᠦ᠋ᠭᠡᠷ ᠰᠠᠷ᠎ᠠ ᠶᠢᠨ 1 ᠤ | ᠡᠳᠦᠷ ᠠᠴᠠ ᠡᠬᠢᠯᠡᠨ ᠬᠦᠦ ᠨᠣᠷᠮ᠎ᠠ ᠶᠢᠨ ᠰᠢᠨ᠎ᠡ ᠪᠠᠷᠢᠮᠵᠢᠶ᠎ᠠ ᠶᠢ ᠬᠡᠷᠡᠭᠵᠢᠭᠦᠯᠦᠨ᠎ᠡ ᠃ 2024 ᠣᠨ ᠤ 5 ᠳ᠋ᠤᠭᠠᠷ ᠰᠠᠷ᠎ᠠ ᠶᠢᠨ 18 ᠤ ᠡᠳᠦᠷ ︵ ᠪᠠᠭᠲᠠᠨ᠎ᠠ ︶ | ᠠᠴᠠ ᠰᠡᠭᠦᠯᠡᠷ ᠲᠠᠯᠪᠢᠭᠰᠠᠨ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠳᠤ ᠲᠣᠬᠢᠷᠠᠭᠤᠯᠤᠭᠰᠠᠨ ᠤ | ᠳᠠᠷᠠᠭᠠᠬᠢ ᠬᠦᠦ ᠮᠥᠩᠭᠦᠨ ᠤ ᠰᠢᠨ᠎ᠡ ᠨᠣᠷᠮ᠎ᠠ ᠶᠢ ᠰᠢᠭᠤᠳ ᠬᠡᠷᠡᠭᠵᠢᠭᠦᠯᠦᠨ᠎ᠡ ᠭᠡᠵᠡᠢ ᠃ | ᠣᠶᠢᠯᠠᠭᠠᠭᠰᠠᠨ ᠢᠶᠠᠷ ᠂ ᠲᠣᠬᠢᠷᠠᠭᠤᠯᠤᠭᠰᠠᠨ ᠤ ᠳᠠᠷᠠᠭ᠎ᠠ ᠂ 5 ᠵᠢᠯ ᠠᠴᠠ ᠳᠣᠷᠣᠭᠰᠢᠬᠢ ︵ 5 ᠵᠢᠯ ᠪᠠᠭᠲᠠᠨ᠎ᠠ ︶ ᠪᠠ 5 ᠵᠢᠯ ᠠᠴᠠ ᠳᠡᠭᠡᠭᠰᠢᠬᠢ ᠠᠩᠬᠠᠳᠤᠭᠠᠷ | ᠢᠵᠢ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠶᠢᠨ ᠬᠦᠦ ᠮᠥᠩᠭᠦᠨ ᠤ ᠨᠣᠷᠮ᠎ᠠ ᠶᠢ ᠲᠣᠰ ᠲᠣᠰ | 2.35% ᠪᠠ 2.85% ᠪᠣᠯᠭᠠᠨ ᠲᠣᠬᠢᠷᠠᠭᠤᠯᠵᠤ ᠂ 5 ᠵᠢᠯ ᠠᠴᠠ ᠳᠣᠷᠣᠭᠰᠢᠬᠢ ︵ 5 ᠵᠢᠯ ᠪᠠᠭᠲᠠᠨ᠎ᠠ ︶ ᠪᠠ 5 ᠵᠢᠯ ᠠᠴᠠ ᠳᠡᠭᠡᠭᠰᠢᠬᠢ ᠬᠤᠶᠠᠳᠤᠭᠠᠷ ᠢᠵᠢ | ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠶᠢᠨ ᠬᠦᠦ ᠮᠥᠩᠭᠦᠨ ᠤ ᠨᠣᠷᠮ᠎ᠠ ᠶᠢ ᠲᠣᠰ ᠲᠣᠰ 2. | 775% ᠪᠠ 3.325% ᠠᠴᠠ ᠳᠣᠣᠷ᠎ᠠ ᠦᠭᠡᠢ ᠪᠠᠷ ᠲᠣᠬᠢᠷᠠᠭᠤᠯᠪᠠ ᠃ | ᠵᠢᠭᠡᠯᠡᠯᠭᠡ ᠶᠢᠨ ᠬᠦᠦ ᠮᠥᠩᠭᠦᠨ ᠤ ᠨᠣᠷᠮ᠎ᠠ ᠶᠢ ᠪᠠᠭᠤᠷᠠᠭᠤᠯᠪᠠᠯ ᠰᠢᠭᠤᠳ ᠠᠰᠢᠭ ᠭᠥᠷᠳᠡᠬᠦ ᠨᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦᠨ ᠤ ᠵᠢᠭᠡᠯᠡᠯᠭᠡ ᠵᠢᠭᠡᠯᠡᠭᠴᠢᠳ ᠪᠣᠯᠣᠨ᠎ᠠ ᠃ 100 ᠲᠦᠮᠡᠨ ᠲᠥᠭᠦᠷᠢᠭ ᠂ 30 ᠵᠢᠯ ᠤᠨ ᠬᠤᠭᠤᠴᠠᠭᠠᠲᠤ ᠠᠩᠬᠠᠳᠤᠭᠠᠷ ᠢᠵᠢ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠪᠠᠷ ᠵᠢᠱᠢᠶᠡᠯᠡᠪᠡᠯ ᠂ ᠲᠡᠩᠴᠡᠭᠦᠦ ᠲᠣᠭᠠᠨ ᠤ ᠡᠬᠡ ᠬᠦᠦ | ᠮᠥᠩᠭᠦ ᠪᠠᠷ ᠵᠣᠭᠤᠰ ᠲᠥᠯᠥᠬᠦ ᠠᠷᠭ᠎ᠠ ᠶᠢ ᠰᠣᠩᠭᠤᠪᠠᠯ ᠂ ᠰᠠᠷ᠎ᠠ ᠶᠢᠨ ᠬᠠᠩᠭᠠᠯᠭ᠎ᠠ ᠶᠢ 4270.16 ᠲᠥᠭᠦᠷᠢᠭ ᠪᠠᠶᠢᠭᠰᠠᠨ ᠠᠴᠠ 4135.57 ᠲᠥᠭᠦᠷᠢᠭ | ᠪᠣᠯᠭᠠᠨ ᠪᠠᠭᠤᠷᠠᠭᠤᠯᠵᠤ ᠂ ᠪᠠᠷᠤᠭ 135 ᠲᠥᠭᠦᠷᠢᠭ ᠬᠠᠰᠤᠭᠳᠠᠵᠤ ᠂ ᠶᠡᠷᠦᠩᠬᠡᠢ ᠬᠦᠦ ᠮᠥᠩᠭᠦᠨ ᠤ ᠵᠠᠷᠤᠯᠭ᠎ᠠ 4.85 ᠲᠦᠮᠡᠨ ᠲᠥᠭᠦᠷᠢᠭ ᠬᠠᠰᠤᠭᠳᠠᠬᠤ | ᠪᠣᠯᠣᠨ᠎ᠠ ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠦᠢᠯᠡᠳᠦᠯ ᠢ ᠢᠳᠡᠪᠬᠢᠲᠡᠢ ᠪᠠᠳᠠᠷᠠᠭᠤᠯᠵᠤ ᠂ ᠲᠤᠰᠢᠶᠠᠨ ᠬᠠᠳᠠᠭᠠᠯᠠᠭᠤᠯᠤᠭᠴᠢ ᠶᠢᠨ ᠣᠷᠣᠨ | ᠰᠠᠭᠤᠴᠠ ᠶᠢᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠪᠠ ᠃ 2012 ᠣᠨ ᠠᠴᠠ ᠨᠠᠭᠠᠰᠢ ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢ ᠨᠡᠶᠢᠳᠡ 12.9 ᠲᠦᠮᠡᠨ ᠳ᠋ᠦᠩᠰᠢᠭᠤᠷ ᠲᠥᠭᠦᠷᠢᠭ ᠲᠠᠯᠪᠢᠵᠤ ᠂ ᠵᠢᠭᠡᠯᠡᠯᠭᠡ ᠶᠢᠨ | ᠦᠯᠡᠳᠡᠪᠦᠷᠢ ᠲᠤᠭ᠎ᠠ 2.7 ᠲᠦᠮᠡᠨ ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 2023 ᠣᠨ ᠳᠤ 7.8 ᠲᠦᠮᠡᠨ ᠳ᠋ᠦᠩᠰᠢᠭᠤᠷ ᠲᠥᠭᠦᠷᠢᠭ ᠪᠣᠯᠣᠨ | ᠨᠡᠮᠡᠭᠳᠡᠵᠦ ᠂ 5000 ᠲᠦᠮᠡ ᠰᠢᠬᠠᠮ ᠲᠤᠰᠢᠶᠠᠨ ᠬᠠᠳᠠᠭᠠᠯᠠᠭᠤᠯᠤᠭᠴᠢ ᠶᠢᠨ ᠣᠷᠣᠨ ᠰᠠᠭᠤᠴᠠ ᠲᠠᠢ ᠪᠠᠶᠢᠬᠤ ᠶᠢ ᠪᠡᠶᠡᠯᠡᠭᠦᠯᠬᠦ ᠶᠢ ᠳᠡᠮᠵᠢᠪᠡ ᠂ ᠡᠭᠦᠨ ᠳᠤ | 80% ᠠᠴᠠ ᠳᠡᠭᠡᠭᠰᠢᠬᠢ ᠨᠢ ᠠᠩᠬᠠᠳᠤᠭᠠᠷ ᠢᠵᠢ ᠣᠷᠣᠨ ᠰᠠᠭᠤᠴᠠ ᠬᠤᠳᠠᠯᠳᠤᠨ ᠠᠪᠤᠭᠰᠠᠳ ᠪᠣᠯᠣᠨ᠎ᠠ ᠃ ᠣᠶᠢᠷ᠎ᠠ ᠶᠢᠨ ᠵᠢᠯ ᠤᠳ ᠲᠤ ᠂ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠵᠢᠯ ᠳᠠᠷᠠᠭᠠᠯᠠᠨ ᠲᠣᠭᠲᠠᠭᠤᠨ ᠢᠶᠠᠷ | ᠨᠡᠮᠡᠭᠳᠡᠵᠦ ᠂ 2023 ᠣᠨ ᠤ ᠵᠢᠭᠡᠯᠡᠯᠭᠡ ᠶᠢᠨ ᠦᠯᠡᠳᠡᠪᠦᠷᠢ 7% ᠰᠢᠬᠠᠮ ᠢᠶᠠᠷ ᠨᠡᠮᠡᠭᠳᠡᠵᠦ ᠂ ᠰᠢᠨ᠎ᠡ ᠪᠠᠷ ᠲᠠᠯᠪᠢᠭᠰᠠᠨ ᠵᠢᠭᠡᠯᠡᠯᠭᠡ ᠠᠳᠠᠯᠢ | ᠬᠤᠭᠤᠴᠠᠭᠠᠨ ᠤ ᠬᠢ ᠠᠴᠠ 24% ᠪᠠᠷ ᠨᠡᠮᠡᠭᠳᠡᠨ ᠂ ᠲᠤᠰᠢᠶᠠᠨ ᠬᠠᠳᠠᠭᠠᠯᠠᠭᠤᠯᠤᠭᠴᠢ ᠶᠢᠨ ᠣᠷᠣᠨ ᠰᠠᠭᠤᠴᠠ ᠶᠢᠨ ᠬᠡᠷᠡᠭᠯᠡᠭᠡ ᠶᠢ ᠬᠦᠴᠦᠲᠡᠢ ᠳᠡᠮᠵᠢᠭᠰᠡᠨ ᠪᠠᠶᠢᠨ᠎ᠠ ᠃ | ︽ ᠪᠢᠳᠡ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠠᠮᠢᠶᠠᠷᠤᠯᠲᠠ ᠶᠢᠨ ᠲᠥᠪ ᠢ ᠵᠢᠯᠣᠭᠤᠳᠤᠨ ᠲᠣᠭᠲᠠᠭᠠᠯ | ᠶᠣᠰᠣᠭᠠᠷ ᠲᠥᠷᠥ ᠶᠢᠨ ᠪᠣᠳᠣᠯᠭ᠎ᠠ ᠶᠢ ᠵᠣᠯᠭᠠᠭᠤᠯᠬᠤ ᠠᠵᠢᠯ ᠢ ᠰᠠᠶᠢᠲᠤᠷ ᠬᠢᠵᠦ ᠂ ᠬᠠᠮᠤᠭ ᠤᠨ ᠲᠡᠷᠢᠭᠦᠨ ᠳᠤ ᠲᠤᠰᠢᠶᠠᠨ ᠬᠠᠳᠠᠭᠠᠯᠠᠭᠤᠯᠤᠭᠴᠢ ᠳᠤ ᠲᠥᠷᠥ ᠶᠢᠨ | ᠪᠣᠳᠣᠯᠭ᠎ᠠ ᠶᠢᠨ ᠬᠠᠷᠠᠭᠠᠯᠵᠠᠯ ᠬᠦᠷᠲᠡᠭᠡᠬᠦ ᠶᠢ ᠦᠨᠡᠨ ᠬᠦ ᠪᠠᠲᠤᠯᠠᠨ᠎ᠠ ᠃ ︾ ᠭᠡᠵᠦ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠶᠠᠮᠤᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠵᠤᠷᠭᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ | ᠬᠡᠯᠡᠪᠡ ᠃ | | |