| 5 ᠳ᠋ᠤᠭᠠᠷ ᠰᠠᠷ᠎ᠠ ᠶᠢᠨ 15 ᠤ ᠡᠳᠦᠷ ᠠᠴᠠ ᠡᠬᠢᠯᠡᠨ ᠂ ᠮᠠᠨ ᠤ ᠤᠯᠤᠰ ᠭᠠᠳᠠᠭᠠᠳᠤ ᠶᠢᠨ ᠵᠢᠭᠤᠯᠴᠢᠯᠠᠯ ᠤᠨ ᠪᠦᠯᠬᠦᠮ ᠤᠨ ᠬᠥᠯᠭᠡ ᠣᠩᠭᠤᠴᠠ ᠪᠠᠷ ᠬᠢᠯᠢ | ᠣᠷᠣᠬᠤ ᠳᠤ ᠸᠢᠰᠠ ᠠᠴᠠ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠪᠡ ᠃ ᠬᠥᠯᠭᠡ ᠣᠩᠭᠤᠴᠠ ᠪᠠᠷ ᠳᠤᠮᠳᠠᠳᠤ ᠤᠯᠤᠰ ᠲᠤ ᠢᠷᠡᠵᠦ ᠂ | ᠬᠢᠯᠢ ᠶᠢᠨ ᠳᠣᠲᠣᠷᠠᠬᠢ ᠵᠢᠭᠤᠯᠴᠢᠯᠠᠯ ᠤᠨ ᠭᠠᠵᠠᠷ ᠵᠣᠬᠢᠶᠠᠨ ᠪᠠᠶᠢᠭᠤᠯᠵᠤ ᠬᠦᠯᠢᠶᠡᠨ ᠠᠪᠤᠭᠰᠠᠨ ᠭᠠᠳᠠᠭᠠᠳᠤ ᠶᠢᠨ ᠵᠢᠭᠤᠯᠴᠢᠯᠠᠯ ᠤᠨ ᠪᠦᠯᠬᠦᠮ ︵ 2 ᠬᠥᠮᠥᠨ ᠵᠢᠴᠢ | ᠲᠡᠭᠦᠨ ᠠᠴᠠ ᠳᠡᠭᠡᠭᠰᠢ ︶ ᠨᠢ ᠲᠢᠶᠠᠨᠵᠢᠨ ᠂ ᠳ᠋ᠠᠯᠢᠶᠠᠨ ᠂ ᠱᠠᠩᠬᠠᠢ ᠂ ᠴᠢᠩᠳᠣᠣ ᠵᠡᠷᠭᠡ 13 ᠬᠤᠳᠠ ᠶᠢᠨ ᠬᠥᠯᠭᠡ ᠣᠩᠭᠤᠴᠠᠨ ᠤ ᠪᠣᠭᠤᠮᠲᠠ ᠪᠠᠷ ᠸᠢᠰᠠ ᠬᠡᠷᠡᠭᠰᠡᠬᠦ | ᠦᠭᠡᠢ ᠪᠠᠷ ᠪᠦᠬᠦᠯᠢ ᠪᠦᠯᠬᠦᠮ ᠢᠶᠠᠷ ᠢᠶᠠᠨ ᠬᠢᠯᠢ ᠳᠤ ᠣᠷᠣᠵᠤ ᠪᠣᠯᠣᠨ᠎ᠠ ᠂ ᠳᠤᠮᠳᠠᠳᠤ ᠤᠯᠤᠰ ᠤᠨ ᠬᠢᠯᠢ ᠳᠣᠲᠣᠷ᠎ᠠ 15 ᠡᠳᠦᠷ ᠠᠴᠠ ᠢᠯᠡᠭᠦᠦ ᠰᠠᠭᠠᠲᠠᠵᠤ ᠪᠣᠯᠬᠤ | ᠦᠭᠡᠢ ᠃ | ᠪᠥᠬᠦ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠶᠢᠨ ᠬᠦᠴᠦᠨ ᠮᠡᠬᠦᠰᠳᠡᠵᠦ ᠂ ᠲᠣᠭᠲᠠᠭᠤᠨ ᠪᠤᠰᠤ ᠴᠢᠨᠠᠷ ᠲᠣᠭᠲᠠᠭᠠᠯᠲᠤ ᠪᠤᠰᠤ ᠴᠢᠨᠠᠷ ᠳᠡᠭᠡᠭᠰᠢᠯᠡᠵᠦ | ᠪᠠᠶᠢᠭ᠎ᠠ ᠠᠬᠤᠢ ᠪᠠᠶᠢᠳᠠᠯ ᠤᠨ ᠳᠣᠣᠷ᠎ᠠ ᠂ ᠮᠠᠨ ᠤ ᠤᠯᠤᠰ ᠭᠠᠳᠠᠭᠠᠳᠤ ᠶᠢᠨ ᠵᠢᠭᠤᠯᠴᠢᠯᠠᠯ ᠤᠨ ᠪᠦᠯᠬᠦᠮ ᠤᠨ ᠬᠥᠯᠭᠡ ᠣᠩᠭᠤᠴᠠ ᠪᠠᠷ ᠬᠢᠯᠢ ᠳᠤ ᠣᠷᠣᠬᠤ ᠳᠤ | ᠸᠢᠰᠠ ᠠᠴᠠ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ ᠂ ᠨᠡᠭᠡᠭᠡᠯᠲᠡ ᠬᠢᠬᠦ ᠂ ᠬᠠᠮᠲᠤᠷᠠᠯᠴᠠᠬᠤ ᠂ ᠬᠠᠮᠲᠤ ᠪᠠᠷ ᠠᠰᠢᠭ ᠭᠥᠷᠳᠡᠬᠦ | ᠢᠳᠡᠪᠬᠢᠲᠡᠢ ᠳᠣᠬᠢᠶ᠎ᠠ ᠶᠢ ᠳᠠᠮᠵᠢᠭᠤᠯᠵᠤ ᠪᠠᠶᠢᠨ᠎ᠠ ᠃ ᠸᠢᠰᠠ ᠠᠴᠠ ᠬᠡᠯᠲᠦᠷᠢᠭᠦᠯᠬᠦ ᠭᠡᠳᠡᠭ ᠨᠢ ᠦᠵᠡᠬᠦ ᠳᠤ ᠵᠦᠪᠬᠡᠨ ᠵᠠᠰᠠᠭ ᠵᠠᠬᠢᠷᠭᠠᠨ ᠤ ᠭᠠᠷ ᠭᠦᠢᠴᠡᠳᠬᠡᠯ ᠢ | ᠳᠥᠭᠦᠮᠴᠢᠯᠡᠭᠰᠡᠨ ᠰᠢᠭ ᠂ ︽ ᠪᠠᠭ᠎ᠠ ᠭᠠᠷᠳᠠᠴᠠ ︾ ᠪᠣᠯᠬᠤ ᠪᠣᠯᠪᠠᠴᠤ ︽ ᠶᠡᠭᠡ ᠡᠨᠧᠷᠭᠢ ︾ ᠠᠭᠤᠯᠤᠭᠳᠠᠵᠤ ᠪᠠᠶᠢᠳᠠᠭ ᠃ ᠲᠡᠷᠡ ᠨᠢ ᠮᠠᠨ ᠤ ᠤᠯᠤᠰ ᠤᠨ ᠬᠥᠯᠭᠡ | ᠣᠩᠭᠤᠴᠠᠨ ᠤ ᠠᠵᠤ ᠠᠬᠤᠢ ᠪᠠ ᠬᠥᠯᠭᠡ ᠣᠩᠭᠤᠴᠠᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠠᠰᠢᠭᠲᠠᠢ ᠮᠥᠷᠲᠡᠭᠡᠨ ᠪᠠᠰᠠ ᠳᠤᠮᠳᠠᠳᠤ | ᠭᠠᠳᠠᠭᠠᠳᠤ ᠶᠢᠨ ᠬᠥᠮᠥᠰ ᠤᠨ ᠰᠣᠯᠢᠯᠴᠠᠭ᠎ᠠ ᠶᠠᠪᠤᠯᠴᠠᠭ᠎ᠠ ᠶᠢ ᠠᠬᠢᠭᠤᠯᠵᠤ ᠂ ᠨᠡᠩ ᠤᠯᠠᠨ ᠬᠥᠭᠵᠢᠯᠲᠡ ᠶᠢᠨ ᠠᠵᠠ ᠲᠣᠬᠢᠶᠠᠯ ᠢ ᠡᠭᠦᠳᠬᠦ ᠳᠤ ᠠᠰᠢᠭᠲᠠᠢ ᠶᠤᠮ ᠃ | ᠬᠥᠯᠭᠡ ᠣᠩᠭᠤᠴᠠᠨ ᠤ ᠵᠢᠭᠤᠯᠴᠢᠯᠠᠯ ᠨᠢ ︽ ᠳᠠᠯᠠᠢ ᠳᠡᠭᠡᠷᠡᠬᠢ ᠰᠢᠵᠢᠷ ᠠᠯᠲᠠᠨ ᠠᠵᠤ ᠦᠢᠯᠡᠰ ︾ ᠬᠡᠮᠡᠭᠳᠡᠵᠦ ᠂ ᠬᠤᠨᠤᠭ ᠪᠠᠭᠤᠳᠠᠯ ᠂ ᠬᠤᠭᠤᠯᠠ ᠤᠮᠳᠠ ᠂ | ᠪᠠᠷᠠᠭ᠎ᠠ ᠬᠤᠳᠠᠯᠳᠤᠨ ᠠᠪᠬᠤ ᠵᠡᠷᠭᠡ ᠬᠡᠷᠡᠭᠯᠡᠭᠡᠨ ᠤ ᠬᠡᠷᠡᠭᠴᠡᠭᠡ ᠵᠢᠴᠢ ᠭᠠᠷᠠᠮ ᠤᠨ ᠦᠢᠯᠡᠴᠢᠯᠡᠭᠡ ᠂ ᠣᠩᠭᠤᠴᠠ ᠰᠠᠯ ᠤᠨ ᠰᠡᠯᠪᠢᠨ ᠵᠠᠰᠠᠯᠲᠠ ᠵᠡᠷᠭᠡ ᠠᠵᠤ | ᠦᠢᠯᠡᠰ ᠤᠨ ᠬᠡᠷᠡᠭᠴᠡᠭᠡ ᠶᠢ ᠬᠠᠮᠤᠷᠴᠤ ᠂ ᠡᠬᠡ ᠭᠠᠷᠠᠮ ᠤᠨ ᠬᠤᠲᠠ ᠳᠤ ᠲᠦᠢᠯ ᠤᠨ ᠴᠢᠩᠭ᠎ᠠ ᠠᠵᠤ ᠠᠬᠤᠢ ᠶᠢᠨ ᠳᠠᠶᠢᠴᠢᠯᠠᠬᠤ ᠦᠢᠯᠡᠳᠦᠯ ᠲᠠᠢ ᠶᠤᠮ ᠃ | ᠣᠶᠢᠷ᠎ᠠ ᠶᠢᠨ 10 ᠵᠢᠯ ᠤᠨ ᠲᠤᠷᠰᠢ ᠂ ᠣᠯᠠᠨ ᠤᠯᠤᠰ ᠤᠨ ᠬᠥᠯᠭᠡ ᠣᠩᠭᠤᠴᠠᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠵᠢᠯ ᠳᠤᠮᠳᠠᠴᠢ ᠪᠠᠷ 6% ᠠᠴᠠ 8% ᠶᠢᠨ | ᠨᠡᠮᠡᠭᠳᠡᠯ ᠤᠨ ᠬᠤᠷᠳᠤᠴᠠ ᠪᠠᠨ ᠪᠠᠲᠤᠯᠠᠭᠰᠠᠭᠠᠷ ᠢᠷᠡᠵᠡᠶ ᠃ ᠭᠡᠲᠡᠯ᠎ᠡ ᠥᠩᠭᠡᠷᠡᠭᠰᠡᠨ ᠳᠤ ᠲᠢᠶᠠᠨᠵᠢᠨ ᠂ ᠱᠠᠩᠬᠠᠢ ᠮᠡᠲᠦ ᠶᠢᠨ ᠬᠡᠪᠴᠢᠶ᠎ᠡ ᠪᠠᠷ ᠨᠡᠯᠢᠶᠡᠳ ᠶᠡᠭᠡ ᠬᠥᠯᠭᠡ | ᠣᠩᠭᠤᠴᠠᠨ ᠤ ᠡᠬᠡ ᠭᠠᠷᠠᠮ ᠠᠴᠠ ᠭᠠᠳᠠᠨ᠎ᠠ ᠂ ᠬᠡᠪᠴᠢᠶ᠎ᠡ ᠪᠠᠷ ᠨᠡᠯᠢᠶᠡᠳ ᠪᠠᠭ᠎ᠠ ᠬᠥᠯᠭᠡ ᠣᠩᠭᠤᠴᠠᠨ ᠤ ᠵᠠᠷᠢᠮ ᠡᠬᠡ ᠭᠠᠷᠠᠮ ᠨᠢ ᠲᠣᠮᠣ ᠬᠡᠯᠪᠡᠷᠢ ᠶᠢᠨ ᠣᠯᠠᠨ | ᠤᠯᠤᠰ ᠤᠨ ᠬᠥᠯᠭᠡ ᠣᠩᠭᠤᠴᠠᠨ ᠤ ᠬᠢᠯᠢ ᠪᠠᠷ ᠣᠷᠣᠵᠤ ᠵᠣᠭᠰᠣᠬᠤ ᠭᠠᠷᠠᠮ ᠪᠣᠯᠵᠤ ᠳᠡᠶᠢᠯᠬᠦ ᠦᠭᠡᠢ ᠪᠠᠶᠢᠵᠤ ᠂ ᠵᠣᠭᠰᠣᠭᠰᠠᠨ ᠴᠤ ᠴᠠᠭ ᠨᠢ ᠨᠡᠯᠢᠶᠡᠳ ᠣᠬᠤᠷ | ᠪᠠᠶᠢᠳᠠᠭ ᠃ ᠵᠢᠱᠢᠶᠡᠯᠡᠪᠡᠯ ᠭᠠᠷᠠᠮ ᠳᠤ ᠣᠷᠣᠬᠤ ᠬᠥᠯᠭᠡ ᠣᠩᠭᠤᠴᠠᠨ ᠤ ᠴᠢᠩᠳᠣᠣ ᠳᠤ ᠵᠣᠭᠰᠣᠬᠤ ᠴᠠᠭ ᠨᠢ ᠳᠤᠮᠳᠠᠴᠢ ᠪᠠᠷ 1 ᠯᠡ ᠡᠳᠦᠷ ᠶᠤᠮ ᠃ ᠡᠨᠡ ᠤᠳᠠᠭ᠎ᠠ | ᠮᠠᠨ ᠤ ᠤᠯᠤᠰ ᠤᠨ ᠲᠡᠯᠡᠶ ᠳᠠᠭᠠᠤ ᠣᠷᠣᠨ ᠳᠤ ᠬᠥᠯᠭᠡ ᠣᠩᠭᠤᠴᠠᠨ ᠤ ᠵᠢᠭᠤᠯᠴᠢᠯᠠᠯ ᠤᠨ ᠪᠦᠯᠬᠦᠮ ᠤᠨ ᠬᠢᠯᠢ ᠪᠠᠷ ᠣᠷᠣᠬᠤ ᠳᠤ ᠸᠢᠰᠠ ᠠᠴᠠ ᠬᠡᠯᠲᠦᠷᠢᠭᠦᠯᠬᠦ | ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠦᠭᠰᠡᠨ ᠨᠢ ᠤᠯᠠᠮ ᠠᠴᠠ ᠣᠯᠠᠨ ᠭᠠᠳᠠᠭᠠᠳᠤ ᠶᠢᠨ ᠵᠢᠭᠤᠯᠴᠢᠯᠠᠭᠴᠢᠳ ᠤᠨ ᠳᠤᠮᠳᠠᠳᠤ ᠤᠯᠤᠰ ᠲᠤ ᠢᠷᠡᠵᠦ | ᠶᠣᠰᠣ ᠵᠠᠩᠰᠢᠯ ᠢ ᠣᠶᠢᠯᠠᠭᠠᠨ ᠮᠡᠳᠡᠷᠡᠬᠦ ᠳᠤ ᠳᠦᠭᠦᠮᠯᠡᠵᠦ ᠂ ᠮᠠᠨ ᠤ ᠤᠯᠤᠰ ᠤᠨ ᠲᠡᠯᠡᠶ ᠳᠠᠭᠠᠤ ᠮᠤᠵᠢ ᠶᠢᠨ ᠬᠥᠯᠭᠡ ᠣᠩᠭᠤᠴᠠᠨ ᠤ ᠠᠵᠤ ᠠᠬᠤᠢ ᠶᠢᠨ ᠡᠷᠴᠢᠮᠯᠢᠭ | ᠬᠥᠭᠵᠢᠯᠲᠡ ᠶᠢ ᠠᠬᠢᠭᠤᠯᠬᠤ ᠪᠣᠯᠣᠨ᠎ᠠ ᠃ | ᠸᠢᠰᠠ ᠠᠴᠠ ᠬᠡᠯᠲᠦᠷᠢᠭᠦᠯᠬᠦ ᠪᠣᠯ ᠪᠠᠰᠠ ᠴᠤ ᠳᠡᠯᠡᠬᠡᠶᠢᠴᠢᠯᠡᠬᠦ ᠵᠣᠷᠢᠭ ᠰᠠᠨᠠᠭᠠᠨ ᠤ ᠪᠣᠳᠠᠲᠠᠢ ᠢᠯᠡᠷᠡᠯ ᠮᠥᠨ ᠃ ᠬᠡᠳᠦᠢ ᠪᠠᠷ ᠣᠳᠣᠬᠠᠨ ᠳᠤ ︽ ᠰᠥᠷᠭᠡᠦ | ᠳᠡᠯᠡᠬᠡᠶᠢᠵᠢᠯ ︾ ᠤᠨ ᠳᠠᠯᠳᠠ ᠤᠷᠤᠰᠬᠠᠯ ᠪᠣᠯᠵᠤ ᠪᠠᠶᠢᠭ᠎ᠠ ᠪᠣᠯᠪᠠᠴᠤ ᠂ ᠳᠡᠯᠡᠬᠡᠢ ᠶᠢᠨ ᠪᠥᠮᠪᠥᠷᠴᠡᠭ ᠲᠣᠰᠬᠤᠨ ᠤ ︽ ᠢᠷᠭᠡᠨ ︾ ᠪᠣᠯᠤᠭᠰᠠᠨ ᠤ ᠬᠤᠪᠢ ᠳᠤ ᠂ ︽ | ᠦᠷᠭᠦᠯᠵᠢ ᠭᠠᠳᠠᠭᠰᠢ ᠭᠠᠷᠴᠤ ᠦᠵᠡᠬᠦ ︾ ᠨᠢ ᠨᠢᠭᠡᠨᠲᠡ ᠨᠢᠭᠡ ᠵᠦᠢᠯ ᠤᠨ ᠠᠮᠢᠳᠤᠷᠠᠯ ᠤᠨ ᠬᠡᠷᠡᠭᠴᠡᠭᠡ ᠪᠣᠯᠤᠭᠰᠠᠨ ᠪᠠᠶᠢᠨ᠎ᠠ ᠃ ᠪᠠᠶᠢᠩᠭᠤ ᠶᠠᠪᠤᠯᠴᠠᠬᠤ ᠳᠤᠮᠳᠠ ᠪᠠᠨ ᠂ | ᠬᠤᠭᠤᠷᠣ ᠬᠤᠭᠤᠷᠣᠨᠳᠤ ᠪᠠᠨ ᠢᠲᠡᠭᠡᠯᠴᠡᠵᠦ ᠂ ᠣᠶᠢᠯᠠᠭᠠᠯᠴᠠᠭ᠎ᠠ ᠪᠠᠨ ᠭᠦᠨᠵᠡᠭᠡᠶᠢᠷᠡᠭᠦᠯᠦᠨ ᠂ ᠠᠷᠠᠯᠵᠢᠶ᠎ᠠ ᠬᠤᠳᠠᠯᠳᠤᠭ᠎ᠠ ᠂ ᠰᠢᠨᠵᠢᠯᠡᠬᠦ ᠤᠬᠠᠭᠠᠨ ᠮᠡᠷᠭᠡᠵᠢᠯ ᠂ | ᠰᠣᠶᠣᠯ ᠢᠷᠭᠡᠨᠰᠢᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠥᠷᠭᠡᠳᠬᠡᠵᠦ ᠴᠢᠳᠠᠨ᠎ᠠ ᠃ ᠨᠢᠳᠤᠨᠤᠨ ᠠᠴᠠ ᠨᠠᠭᠠᠰᠢ ᠂ ᠮᠠᠨ ᠤ ᠤᠯᠤᠰ | ᠳᠤᠮᠳᠠᠳᠤ ᠭᠠᠳᠠᠭᠠᠳᠤ ᠶᠢᠨ ᠨᠥᠬᠦᠷᠰᠡᠭ ᠶᠠᠪᠤᠯᠴᠠᠭ᠎ᠠ ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠥᠷᠳᠡᠬᠦ ᠶᠢ ᠠᠬᠢᠭᠤᠯᠬᠤ ᠶᠢᠨ ᠲᠥᠯᠥᠭᠡ ᠳᠤᠮᠳᠠᠳᠤ | ᠤᠯᠤᠰ ᠲᠤ ᠢᠷᠡᠵᠦ ᠰᠤᠷᠤᠯᠴᠠᠬᠤ ᠶᠢ ᠬᠢᠨᠠᠨ ᠵᠥᠪᠰᠢᠶᠡᠷᠡᠬᠦ ᠭᠠᠷ ᠭᠦᠢᠴᠡᠳᠬᠡᠯ ᠢ ᠳᠥᠭᠦᠮᠴᠢᠯᠡᠬᠦ ᠂ ᠬᠡᠰᠡᠭ ᠤᠯᠤᠰ ᠲᠤ ᠸᠢᠰᠠ ᠠᠴᠠ ᠬᠡᠯᠲᠦᠷᠢᠭᠦᠯᠬᠦ ᠲᠥᠷᠥ ᠶᠢᠨ | ᠪᠣᠳᠣᠯᠭ᠎ᠠ ᠶᠢ ᠲᠤᠷᠰᠢᠨ ᠬᠡᠷᠡᠭᠵᠢᠭᠦᠯᠬᠦ ᠵᠡᠷᠭᠡ ᠶᠢ ᠪᠠᠭᠲᠠᠭᠠᠭᠰᠠᠨ ᠸᠢᠰᠠ ᠶᠢᠨ ᠲᠥᠷᠥ ᠶᠢᠨ ᠪᠣᠳᠣᠯᠭ᠎ᠠ ᠨᠤᠭᠤᠳ ᠢᠶᠠᠨ ᠲᠠᠰᠤᠷᠠᠯᠲᠠ ᠦᠭᠡᠢ ᠰᠢᠯᠢᠳᠡᠭᠵᠢᠭᠦᠯᠦᠭᠰᠡᠨ | ᠶᠤᠮ ᠃ | ᠭᠠᠳᠠᠭᠠᠳᠤ ᠶᠢᠨ ᠬᠥᠮᠥᠰ ᠤᠨ ᠳᠤᠮᠳᠠᠳᠤ ᠤᠯᠤᠰ ᠲᠤ ᠢᠷᠡᠬᠦ ᠨᠢ ᠨᠡᠮᠡᠭᠳᠡᠵᠦ ᠂ ᠤᠯᠠᠮ ᠠᠴᠠ ᠣᠯᠠᠨ ᠤᠯᠤᠰ ᠤᠨ ᠬᠦᠮᠦᠰ ᠳᠤᠮᠳᠠᠳᠤ ᠤᠯᠤᠰ ᠢ ᠨᠡᠩ ᠪᠦᠬᠦ | ᠲᠠᠯ᠎ᠠ ᠪᠠᠷ ᠂ ᠭᠦᠨᠵᠡᠭᠡᠢ ᠣᠶᠢᠯᠠᠭᠠᠵᠤ ᠪᠠᠶᠢᠨ᠎ᠠ ᠃ ᠡᠨᠡ ᠵᠢᠯ ᠤᠨ ᠨᠢᠭᠡᠳᠦᠭᠡᠷ ᠤᠯᠠᠷᠢᠯ ᠳᠤ ᠂ ᠭᠠᠳᠠᠭᠠᠳᠤ ᠶᠢᠨ ᠬᠦᠮᠦᠰ ᠤᠨ ᠳᠤᠮᠳᠠᠳᠤ ᠤᠯᠤᠰ ᠲᠤ ᠢᠷᠡᠭᠰᠡᠨ | ᠲᠤᠭ᠎ᠠ 2023 ᠣᠨ ᠤ ᠠᠳᠠᠯᠢ ᠬᠤᠭᠤᠴᠠᠭᠠᠨ ᠤ ᠬᠢ ᠠᠴᠠ 3 ᠲᠠᠬᠢᠨ ᠢᠯᠡᠭᠦᠦ ᠨᠡᠮᠡᠭᠳᠡᠵᠦ ᠂ ᠮᠠᠨ ᠤ ᠤᠯᠤᠰ ᠤᠨ ᠰᠢᠨ᠎ᠡ ᠪᠠᠷ ᠪᠠᠶᠢᠭᠤᠯᠤᠭᠰᠠᠨ ᠭᠠᠳᠠᠭᠠᠳᠤ | ᠪᠡᠯᠡ ᠶᠢᠨ ᠠᠵᠤ ᠠᠬᠤᠶᠢᠯᠠᠯ ᠤᠨ ᠲᠤᠭ᠎ᠠ 1.2 ᠲᠦᠮᠡ ᠳᠤ ᠬᠦᠷᠴᠡᠢ ᠃ ᠨᠡᠭᠡᠭᠡᠯᠲᠡ ᠲᠠᠢ ᠠᠰᠢᠭᠲᠠᠢ ᠲᠥᠷᠥ ᠶᠢᠨ ᠪᠣᠳᠣᠯᠭ᠎ᠠ ᠶᠢ ᠲᠠᠰᠤᠷᠠᠯᠲᠠ ᠦᠭᠡᠢ | ᠬᠡᠷᠡᠭᠵᠢᠭᠦᠯᠦᠭᠰᠡᠨ ᠨᠢ ᠮᠠᠨ ᠤ ᠤᠯᠤᠰ ᠤᠨ ᠳᠡᠯᠡᠬᠡᠢ ᠳ᠋ᠠᠬᠢᠨ ᠢ ᠬᠦᠷᠢᠶᠡᠯᠡᠵᠦ ᠪᠠᠶᠢᠭ᠎ᠠ ᠦᠨᠡᠨᠴᠢ ᠰᠡᠳᠬᠢᠯ ᠢ ᠬᠠᠷᠠᠭᠤᠯᠵᠤ ᠂ ᠭᠠᠳᠠᠭᠠᠳᠤ ᠶᠢᠨ ᠬᠤᠳᠠᠯᠳᠤᠭᠠᠴᠢᠳ ᠤᠨ | ᠳᠤᠮᠳᠠᠳᠤ ᠤᠯᠤᠰ ᠲᠤ ᠢᠷᠡᠬᠦ ᠢᠲᠡᠭᠡᠯ ᠢ ᠨᠡᠮᠡᠭᠳᠡᠭᠦᠯᠦᠭᠰᠡᠨ ᠶᠤᠮ ᠃ ᠲᠦᠷᠦᠭᠦᠬᠡᠨ ᠂ ᠳᠡᠯᠡᠬᠡᠢ ᠶᠢᠨ ᠨᠠᠷᠠᠲᠤ ᠬᠠᠮᠢᠶᠠᠷᠤᠯᠲᠠ ᠶᠢᠨ ᠵᠥᠪᠯᠡᠯᠭᠡ ᠶᠢᠨ ᠺᠣᠮᠫᠠᠨᠢ ᠪᠣᠯᠬᠤ | ᠺᠣᠷᠨᠢ ᠺᠣᠮᠫᠠᠨᠢ ᠶᠢᠨ ᠨᠡᠶᠢᠲᠡᠯᠡᠭᠰᠡᠨ 2024 ᠣᠨ ᠤ ᠪᠥᠬᠦ ᠳᠡᠯᠡᠬᠡᠢ ᠶᠢᠨ ᠭᠠᠳᠠᠭᠠᠳᠤ ᠶᠢᠨ ᠬᠤᠳᠠᠯᠳᠤᠭᠠᠴᠢᠨ ᠤ ᠰᠢᠭᠤᠳ ᠪᠡᠯᠡ ᠣᠷᠣᠭᠤᠯᠤᠯᠲᠠ ᠶᠢᠨ | ᠢᠲᠡᠭᠡᠯ ᠤᠨ ᠢᠯᠡᠳᠬᠡᠭᠴᠢ ᠶᠢᠨ ᠮᠡᠳᠡᠭᠦᠯᠦᠯᠲᠡ ᠳᠤ ᠂ ᠮᠠᠨ ᠤ ᠤᠯᠤᠰ ᠢ ᠨᠢᠳᠤᠨᠤᠨ ᠳᠣᠯᠣᠳᠤᠭᠠᠷ ᠲᠤ ᠵᠢᠭᠰᠠᠭᠠᠵᠤ ᠪᠠᠶᠢᠭᠰᠠᠨ ᠠᠴᠠ ᠪᠠᠨ ᠥᠨᠥ ᠭᠤᠷᠪᠠᠳᠤᠭᠠᠷ ᠲᠤ | ᠵᠢᠭᠰᠠᠭᠠᠬᠤ ᠪᠠᠷ ᠪᠠᠶᠢᠨ᠎ᠠ ᠃ | ᠭᠡᠪᠡᠴᠦ ᠂ ᠬᠢᠯᠢ ᠪᠠᠷ ᠣᠷᠣᠵᠤ ᠵᠢᠭᠤᠯᠴᠢᠯᠠᠬᠤ ᠬᠥᠮᠥᠨ ᠤ ᠲᠤᠭ᠎ᠠ ᠣᠯᠠᠰᠢᠷᠠᠭᠰᠠᠨ ᠨᠢ ᠰᠣᠶᠣᠯ ᠵᠢᠭᠤᠯᠴᠢᠯᠠᠯ ᠤᠨ ᠬᠥᠭᠵᠢᠯᠲᠡ ᠶᠢ ᠳᠠᠶᠢᠴᠢᠯᠠᠬᠤ ᠶᠢᠨ | ᠵᠡᠷᠭᠡ ᠳᠤ ᠪᠠᠰᠠ ᠬᠤᠲᠠ ᠶᠢᠨ ᠬᠠᠮᠢᠶᠠᠷᠤᠯᠲᠠ ᠦᠢᠯᠡᠴᠢᠯᠡᠭᠡ ᠳᠤ ᠥᠷᠢᠰᠦᠯᠳᠦᠭᠡᠨ ᠤᠴᠠᠷᠠᠭᠤᠯᠵᠤ ᠪᠠᠶᠢᠨ᠎ᠠ ᠃ ᠳᠠᠷᠠᠭᠠᠴᠢ ᠪᠠᠷ ᠂ ᠲᠦᠭᠵᠢᠷᠡᠯ ᠬᠦᠴᠢᠷᠳᠡᠯ ᠢ | ᠡᠮᠬᠢᠯᠡᠨ ᠡᠷᠢᠵᠦ ᠂ ᠬᠢᠯᠢ ᠪᠠᠷ ᠣᠷᠣᠵᠤ ᠢᠷᠡᠬᠦ ᠵᠢᠭᠤᠯᠴᠢᠯᠠᠯ ᠤᠨ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠵᠤ ᠂ ᠦᠵᠡᠮᠵᠢ ᠶᠢᠨ | ᠣᠷᠣᠨ ᠤ ᠰᠠᠭᠤᠷᠢ ᠪᠡᠯᠡᠳᠬᠡᠮᠵᠢ ᠶᠢᠨ ᠲᠦᠪᠰᠢᠨ ᠢ ᠳᠡᠭᠡᠭᠰᠢᠯᠡᠭᠦᠯᠵᠦ ᠂ ᠭᠠᠳᠠᠭᠠᠳᠤ ᠶᠢᠨ ᠵᠢᠭᠤᠯᠴᠢᠯᠠᠭᠰᠠᠳ ᠤᠨ ᠳᠤᠮᠳᠠᠳᠤ ᠤᠯᠤᠰ ᠲᠠᠬᠢ ᠵᠢᠭᠤᠯᠴᠢᠯᠠᠯ ᠢ ᠨᠡᠩ | ᠤᠷᠤᠭᠰᠢᠲᠠᠢ ᠂ ᠲᠠᠭᠠᠯᠠᠮᠵᠢᠲᠠᠢ ᠪᠣᠯᠭᠠᠨ᠎ᠠ ᠃ | | | |