| ᠸᠢᠴᠠᠲ ᠢᠶᠠᠷ ᠵᠣᠭᠤᠰ ᠶᠠᠪᠤᠭᠤᠯᠬᠤ ᠪᠠ ᠤᠯᠠᠭᠠᠨ ᠪᠠᠭᠯᠠᠭ᠎ᠠ ᠪᠠᠷ ᠵᠣᠭᠤᠰ ᠶᠠᠪᠤᠭᠤᠯᠬᠤ ᠠᠵᠤ ᠠᠬᠤᠢ ᠶᠢᠨ ᠶᠠᠪᠤᠯᠴᠠᠭ᠎ᠠ ᠨᠢ ᠠᠳᠠᠯᠢ ᠰᠢᠨᠵᠢ ᠴᠢᠨᠠᠷ ᠲᠠᠢ ᠦᠦ ︖ | ᠣᠶᠢᠷ᠎ᠠ ᠳᠤ ᠂ ᠪᠡᠭᠡᠵᠢᠩ ᠬᠤᠲᠠ ᠶᠢᠨ ᠬᠠᠢ ᠳ᠋ᠢᠶᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠨᠢ ᠵᠣᠭᠤᠰ ᠵᠢᠭᠡᠯᠡᠭᠰᠡᠨ ᠵᠢᠭᠤᠷᠠᠯᠳᠤᠭᠠᠨ ᠤ ᠬᠡᠷᠡᠭ ᠢ | ᠰᠢᠭᠦᠨ ᠳᠠᠭᠤᠰᠬᠠᠵᠤ ᠂ ᠸᠢᠴᠠᠲ ᠢᠶᠠᠷ ᠵᠣᠭᠤᠰ ᠶᠠᠪᠤᠭᠤᠯᠬᠤ ᠪᠠ ᠤᠯᠠᠭᠠᠨ ᠪᠠᠭᠯᠠᠭ᠎ᠠ ᠪᠠᠷ ᠵᠣᠭᠤᠰ ᠶᠠᠪᠤᠭᠤᠯᠬᠤ ᠨᠢ ᠰᠢᠨᠵᠢ ᠴᠢᠨᠠᠷ ᠤᠨ ᠢᠯᠭᠠᠭ᠎ᠠ ᠲᠠᠢ ᠪᠠᠶᠢᠳᠠᠭ ᠢ | ᠮᠠᠭᠠᠳᠯᠠᠨ ᠲᠣᠭᠲᠠᠭᠠᠵᠠᠢ ᠂ ᠲᠤᠬᠠᠶᠢᠯᠠᠪᠠᠯ ᠤᠯᠠᠭᠠᠨ ᠪᠠᠭᠯᠠᠭ᠎ᠠ ᠪᠠᠷ ᠵᠣᠭᠤᠰ ᠶᠠᠪᠤᠭᠤᠯᠬᠤ ᠨᠢ ᠪᠡᠯᠡᠭᠯᠡᠨ ᠥᠭᠭᠦᠭᠰᠡᠨ ᠳᠤ ᠲᠣᠭᠠᠴᠠᠭᠳᠠᠵᠤ ᠂ ᠸᠢᠴᠠᠲ ᠢᠶᠠᠷ ᠵᠣᠭᠤᠰ | ᠶᠠᠪᠤᠭᠤᠯᠬᠤ ᠨᠢ ᠵᠣᠭᠤᠰ ᠵᠢᠭᠡᠯᠡᠭᠰᠡᠨ ᠳᠤ ᠲᠣᠭᠠᠴᠠᠭᠳᠠᠨ᠎ᠠ ᠃ | ︽ ᠸᠢᠴᠠᠲ ᠢᠶᠠᠷ ᠵᠣᠭᠤᠰ ᠶᠠᠪᠤᠭᠤᠯᠬᠤ ᠪᠠ ᠤᠯᠠᠭᠠᠨ ᠪᠠᠭᠯᠠᠭ᠎ᠠ ᠪᠠᠷ ᠵᠣᠭᠤᠰ ᠶᠠᠪᠤᠭᠤᠯᠬᠤ ᠨᠢ ᠬᠡᠳᠦ᠋ᠢᠪᠡᠷ ᠸᠢᠴᠠᠲ ᠤᠨ ᠵᠥᠭᠡᠯᠡᠨ ᠲᠤᠨᠤᠭ ᠢᠶᠠᠷ | ᠳᠠᠮᠵᠢᠭᠤᠯᠤᠨ ᠵᠣᠭᠤᠰ ᠶᠠᠪᠤᠭᠤᠯᠵᠤ ᠪᠠᠶᠢᠭ᠎ᠠ ᠪᠣᠯᠪᠠᠴᠤ ᠸᠢᠴᠠᠲ ᠤᠨ ᠵᠥᠭᠡᠯᠡᠨ ᠲᠤᠨᠤᠭ ᠤᠨ ᠠᠳᠠᠯᠢ ᠪᠤᠰᠤ ᠴᠢᠳᠠᠮᠵᠢ ᠵᠢᠴᠢ ᠰᠢᠨᠵᠢ ᠴᠢᠨᠠᠷ ᠤᠨ | ᠲᠠᠯ᠎ᠠ ᠡᠴᠠᠵᠣᠭᠤᠰ ᠶᠠᠪᠤᠭᠤᠯᠬᠤ ᠬᠤᠶᠠᠷ ᠵᠦᠢᠯ ᠤᠨ ᠰᠢᠨᠵᠢ ᠴᠢᠨᠠᠷ ᠢ ᠢᠯᠭᠠᠵᠤ ᠮᠠᠭᠠᠳᠯᠠᠨ ᠲᠣᠭᠲᠠᠭᠠᠬᠤ ᠬᠡᠷᠡᠭᠲᠡᠢ ︾ ᠭᠡᠵᠦ ᠰᠢᠭᠦᠬᠦ ᠲᠤᠰᠢᠶᠠᠯᠲᠠᠨ | ᠬᠡᠯᠡᠭᠰᠡᠨ ᠢᠶᠠᠨ ᠵᠠᠯᠭᠠᠭᠠᠳ ᠂ ᠸᠢᠴᠠᠲ ᠤᠨ ᠵᠥᠭᠡᠯᠡᠨ ᠲᠣᠨᠤᠭ ᠨᠢ ᠨᠡᠶᠢᠭᠡᠮ ᠤᠨ ᠬᠠᠷᠢᠯᠴᠠᠭᠠᠨ ᠤ ᠪᠠᠭᠠᠵᠢ ᠪᠣᠯᠤᠭᠰᠠᠨ ᠤ ᠬᠤᠪᠢ ᠳᠤ ᠡᠳᠦᠷ ᠲᠤᠲᠤᠮ ᠤᠨ | ᠨᠡᠪᠲᠡᠷᠡᠯᠴᠡᠵᠦ ᠰᠣᠯᠢᠯᠴᠠᠬᠤ ᠴᠢᠳᠠᠮᠵᠢ ᠶᠢ ᠪᠦᠷᠢᠯᠳᠦᠭᠦᠯᠦᠭᠰᠡᠨ ᠠᠴᠠ ᠭᠠᠳᠠᠨ᠎ᠠ ᠪᠠᠰᠠ ᠨᠡᠶᠢᠭᠡᠮ ᠤᠨ ᠬᠠᠷᠢᠯᠴᠠᠭᠠᠨ ᠤ ᠴᠢᠳᠠᠮᠵᠢ ᠶᠢ ᠪᠦᠷᠢᠯᠳᠦᠭᠦᠯᠦᠭᠰᠡᠨ ᠪᠠᠶᠢᠳᠠᠭ ᠂ | ᠭᠡᠲᠡᠯ᠎ᠡ ᠸᠢᠴᠠᠲ ᠤᠨ ᠤᠯᠠᠭᠠᠨ ᠪᠠᠭᠯᠠᠭ᠎ᠠ ᠨᠢ ᠬᠠᠷᠢᠨ ᠸᠢᠴᠠᠲ ᠤᠨ ᠵᠥᠭᠡᠯᠡᠨ ᠲᠣᠨᠤᠭ ᠤᠨ ᠨᠡᠶᠢᠭᠡᠮ ᠤᠨ ᠬᠠᠷᠢᠯᠴᠠᠭᠠᠨ ᠤ ᠴᠢᠳᠠᠮᠵᠢ ᠶᠢᠨ ᠨᠡᠶᠢᠲᠡᠯᠢᠭ ᠢᠯᠡᠷᠡᠯ | ᠪᠣᠯᠣᠨ᠎ᠠ ᠃ | ᠸᠢᠴᠠᠲ ᠤᠨ ᠤᠯᠠᠭᠠᠨ ᠪᠠᠭᠯᠠᠭ᠎ᠠ ᠪᠠᠷ ᠵᠣᠭᠤᠰ ᠶᠠᠪᠤᠭᠤᠯᠬᠤ ᠳᠤ ᠬᠠᠮᠤᠭ ᠠᠷᠪᠢᠨ ᠳᠠᠭᠠᠨ 200 ᠲᠥᠭᠦᠷᠢᠭ ᠶᠠᠪᠤᠭᠤᠯᠵᠤ ᠪᠤᠯᠬᠤ ᠪᠥᠭᠡᠳ ᠲᠡᠭᠦᠨ ᠢ ︽ | ᠤᠯᠠᠭᠠᠨᠪᠠᠭᠯᠠᠭᠠ ︾ ᠭᠡᠳᠡᠭ ᠂ ᠮᠠᠨ ᠤ ᠤᠯᠤᠰ ᠤᠨ ᠠᠷᠠᠳ ᠤᠨ ᠵᠠᠩ ᠳᠠᠳᠬᠠᠯ ᠢ ᠦᠨᠳᠦᠰᠦᠯᠡᠨ ︽ ᠤᠯᠠᠭᠠᠨ ᠪᠠᠭᠯᠠᠭ᠎ᠠ ︾ ᠥᠭᠬᠦ ᠨᠢ ᠡᠩ ᠤᠨ ᠪᠠᠶᠢᠳᠠᠯ ᠳᠣᠣᠷ᠎ᠠ | ᠰᠠᠶᠢᠨ ᠳᠤᠷ᠎ᠠ ᠠᠴᠠ ᠪᠠᠨ ᠪᠡᠯᠡᠭᠯᠡᠨ ᠬᠦᠷᠭᠡᠭᠰᠡᠨ ᠢ ᠬᠠᠷᠠᠭᠤᠯᠵᠤ ᠂ ᠪᠤᠴᠠᠭᠠᠬᠤ ᠴᠢᠬᠤᠯᠠ ᠦᠭᠡᠢ ᠪᠠᠶᠢᠳᠠᠭ ᠃ ᠸᠢᠴᠠᠲ ᠢᠶᠠᠷ ᠵᠣᠭᠤᠰ ᠶᠠᠪᠤᠭᠤᠯᠬᠤ ᠨᠢ ᠤᠯᠠᠭᠠᠨ | ᠪᠠᠭᠯᠠᠭ᠎ᠠ ᠪᠠᠷ ᠵᠣᠭᠤᠰ ᠶᠠᠪᠤᠭᠤᠯᠬᠤ ᠲᠠᠢ ᠠᠳᠠᠯᠢ ᠦᠭᠡᠢ ᠂ ︽ ᠪᠡᠯᠡᠭᠯᠡᠨ ᠬᠦᠷᠭᠡᠬᠦ ︾ ᠤᠳᠬ᠎ᠠ ᠦᠭᠡᠢ ᠂ ᠲᠡᠷᠡ ᠨᠢ ᠵᠥᠪᠬᠡᠨ ᠸᠢᠴᠠᠲ ᠤᠨ ᠵᠥᠭᠡᠯᠡᠨ ᠲᠤᠨᠤᠭ ᠤᠨ | ᠵᠣᠭᠤᠰ ᠶᠠᠪᠤᠭᠤᠯᠬᠤ ᠴᠢᠳᠠᠮᠵᠢ ᠂ ᠨᠡᠶᠢᠭᠡᠮ ᠤᠨ ᠪᠡᠶᠡᠴᠢ ᠴᠣᠭᠴᠠ ᠶᠢᠨ ᠬᠤᠭᠤᠷᠣᠨᠳᠤ ᠦᠷᠭᠦᠯᠵᠢ ᠬᠡᠷᠡᠭᠯᠡᠳᠡᠭ ᠵᠣᠭᠤᠰ ᠶᠠᠪᠤᠭᠤᠯᠬᠤ ᠠᠷᠭ᠎ᠠ ᠮᠠᠶ᠋ᠢᠭ ᠤᠨ ᠨᠢᠭᠡ | ᠪᠣᠯᠣᠨ᠎ᠠ ᠃ | ᠲᠤᠰ ᠬᠡᠷᠡᠭ ᠲᠤ ᠂ ᠵᠠᠭᠠᠯᠳᠤᠭᠴᠢ ᠨᠢ ᠸᠢᠴᠠᠲ ᠢᠶᠠᠷ ᠠᠷᠠᠳ ᠤᠨ ᠬᠤᠭᠤᠷᠣᠨᠳᠣᠬᠢ ᠵᠢᠭᠡᠯᠡᠯᠭᠡ ᠶᠢᠨ ᠬᠠᠷᠢᠴᠠᠭ᠎ᠠ ᠪᠠᠶᠢᠭᠤᠯᠬᠤ ᠪᠠᠷ ᠵᠣᠷᠢᠪᠠ ᠂ ᠵᠠᠭᠠᠯᠳᠤᠭᠳᠠᠭᠴᠢ | ᠬᠡᠷᠪᠡ ᠵᠣᠭᠤᠰ ᠤᠨ ᠰᠢᠨᠵᠢ ᠴᠢᠨᠠᠷ ᠢ ᠪᠡᠯᠡᠭᠯᠡᠨ ᠬᠦᠷᠭᠡᠭᠰᠡᠨ ᠭᠡᠵᠦ ᠵᠣᠷᠢᠬᠤ ᠳᠤ ᠬᠦᠷᠪᠡᠯ ᠵᠣᠬᠢᠴᠠᠩᠭᠤᠢ ᠭᠡᠷᠡᠴᠢ ᠪᠠᠷᠢᠮᠲᠠ ᠲᠤᠰᠢᠶᠠᠬᠤ ᠴᠢᠬᠤᠯᠠᠲᠠᠢ ᠂ ᠡᠰᠡ | ᠲᠡᠭᠡᠪᠡᠯ ᠭᠡᠷᠡᠴᠢ ᠪᠠᠷᠢᠮᠲᠠ ᠳᠤᠷᠠᠳᠴᠤ ᠦᠯᠦ ᠪᠤᠯᠬᠤ ᠠᠰᠢᠭ ᠦᠭᠡᠢ ᠦᠷ᠎ᠡ ᠳ᠋ᠦᠩ ᠢ ᠡᠭᠦᠷᠭᠡᠯᠡᠬᠦ ᠪᠣᠯᠣᠨ᠎ᠠ ᠃ | | |