| ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 27 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ 6 | ᠰᠠᠷ᠎ᠠ ᠶᠢᠨ 27 ᠤ ᠡᠳᠦᠷ ᠬᠤᠷᠠᠯ ᠬᠤᠷᠠᠯᠳᠤᠭᠤᠯᠵᠤ ᠂ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠠᠰᠠᠭᠤᠳᠠᠯ ᠢ ᠰᠤᠳᠤᠯᠪᠠ ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ ᠃ | ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠢ 7 | ᠰᠠᠷ᠎ᠠ ᠶᠢᠨ 15 ᠠᠴᠠ 18 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠭᠤᠯᠬᠤ ᠪᠠᠷ ᠲᠣᠭᠲᠠᠪᠠ ᠃ | ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ︽ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠨᠠᠮ ᠤᠨ ᠲᠥᠪ ᠬᠤᠷᠢᠶ᠎ᠠ ᠶᠢᠨ ᠲᠣᠭᠲᠠᠭᠠᠯ ︾ ᠤᠨ ᠨᠣᠣᠷᠠᠭ ᠤᠨ ᠲᠤᠬᠠᠢ ᠨᠠᠮ ᠤᠨ ᠳᠣᠲᠣᠨ᠎ᠠ | ᠭᠠᠳᠠᠨᠠᠬᠢ ᠵᠣᠬᠢᠬᠤ ᠬᠡᠪᠴᠢᠶᠡᠨ ᠳᠤ ᠰᠠᠨᠠᠯ ᠬᠤᠷᠢᠶᠠᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠴᠤ ᠂ ᠲᠣᠰ ᠤᠳᠠᠭᠠᠨ ᠤ ᠬᠤᠷᠠᠯ ᠳᠤ ᠶᠠᠷᠢᠯᠴᠠᠭᠰᠠᠨ | ᠰᠠᠨᠠᠯ ᠢ ᠦᠨᠳᠦᠰᠦᠯᠡᠨ ᠵᠠᠰᠠᠪᠤᠷᠢ ᠣᠷᠣᠭᠤᠯᠤᠭᠰᠠᠨ ᠤ ᠳᠠᠷᠠᠭ᠎ᠠ ᠪᠢᠴᠢᠭ ᠮᠠᠲ᠋ᠧᠷᠢᠶᠠᠯ ᠤᠨ ᠨᠣᠣᠷᠠᠭ ᠢ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠭᠤᠷᠪᠠᠳᠤᠭᠠᠷ ᠪᠦᠭᠦᠳᠡ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠲᠣᠭᠲᠠᠪᠠ ᠃ | ᠬᠤᠷᠠᠯ ᠠᠴᠠ ᠂ ᠡᠨᠡ ᠤᠳᠠᠭ᠎ᠠ ᠰᠠᠨᠠᠯ ᠬᠤᠷᠢᠶᠠᠬᠤ ᠳᠠᠭᠠᠨ ᠨᠠᠮ ᠤᠨ ᠳᠣᠲᠣᠭᠠᠳᠤ ᠶᠢᠨ ᠠᠷᠠᠳᠴᠢᠯᠠᠯ ᠂ ᠤᠯᠡᠠ ᠤ ᠤᠶᠤᠨ ᠤᠬᠠᠭᠠᠨ ᠢ ᠲᠥᠪᠯᠡᠷᠡᠭᠦᠯᠬᠦ | ᠰᠤᠷᠲᠠᠯ ᠢ ᠭᠦᠢᠴᠡᠳ ᠪᠠᠳᠠᠷᠠᠭᠤᠯᠵᠤ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠲᠠᠯ᠎ᠠ ᠶᠢᠨ ᠬᠢᠨ ᠲᠣᠭᠲᠠᠭᠠᠯ ᠤᠨ ᠨᠣᠣᠷᠠᠭ ᠢ ᠭᠦᠢᠴᠡᠳ ᠨᠤᠲᠠᠯᠠᠵᠠᠢ | ᠭᠡᠵᠦ ᠵᠢᠭᠠᠵᠤ ᠭᠠᠷᠭᠠᠨ ᠂ ᠲᠣᠭᠲᠠᠭᠠᠯ ᠤᠨ ᠨᠣᠣᠷᠠᠭ ᠲᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠲᠤᠯᠭᠠᠷᠠᠵᠤ ᠪᠠᠶᠢᠭ᠎ᠠ ᠰᠢᠨ᠎ᠡ | ᠪᠠᠶᠢᠳᠠᠯ ᠰᠢᠨ᠎ᠡ ᠠᠰᠠᠭᠤᠳᠠᠯ ᠢ ᠭᠦᠨᠵᠡᠭᠡᠢ ᠵᠠᠳᠠᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠣᠭᠤᠷᠢᠨ ᠳᠤ ᠥᠭᠡᠷᠡᠴᠢᠯᠡᠯᠲᠡ ᠶᠢ ᠴᠢᠨᠠᠭᠰᠢᠳᠠ | ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠢ ᠪᠠᠶᠢᠷᠢᠯᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠯᠡᠵᠦ ᠂ ᠰᠢᠨ᠎ᠡ ᠠᠶᠠᠨ ᠳᠤ ᠥᠭᠡᠷᠡᠴᠢᠯᠡᠯᠲᠡ ᠶᠢ | ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠵᠢᠯᠤᠭᠤᠳᠬᠤ ᠬᠥᠲᠥᠯᠪᠦᠷᠢ ᠶᠢᠨ ᠴᠢᠨᠠᠷᠲᠠᠢ ᠪᠢᠴᠢᠭ ᠮᠠᠲ᠋ᠧᠷᠢᠶᠠᠯ ᠪᠣᠯᠵᠤ ᠂ ᠰᠢ ᠶᠢᠨ ᠫᠢᠩ ᠨᠥᠬᠦᠷ ᠢᠶᠠᠷ | ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠲᠡᠭᠦᠯᠳᠡᠷᠵᠢᠭᠦᠯᠦᠨ ᠬᠥᠭᠵᠢᠭᠦᠯᠬᠦ ᠂ | ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠲᠡᠦᠬᠡ ᠶᠢᠨ ᠰᠠᠨᠠᠭᠠᠴᠢᠯᠠᠭᠠᠲᠤ ᠴᠢᠨᠠᠷ ᠂ | ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠠᠷᠠᠭᠤᠯ ᠢᠷᠡᠭᠡᠳᠦᠢ ᠶᠢ | ᠨᠡᠭᠡᠭᠡᠬᠦ ᠴᠢᠩᠭ᠎ᠠ ᠬᠠᠲᠠᠭᠤ ᠡᠷᠡᠰ ᠵᠣᠷᠢᠭ ᠢ ᠭᠦᠢᠴᠡᠳ ᠢᠯᠡᠷᠡᠭᠦᠯᠵᠡᠢ ᠭᠡᠵᠦ ᠦᠵᠡᠪᠡ ᠃ | ᠬᠤᠷᠠᠯ ᠠᠴᠠ ᠂ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠶᠡᠷᠦᠩᠬᠡᠢ ᠬᠠᠷᠠᠯᠲᠠ ᠪᠣᠯ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠪᠠᠶᠢᠭᠤᠯᠤᠯ ᠢ ᠦᠷᠭᠦᠯᠵᠢᠯᠡᠨ ᠲᠡᠭᠦᠯᠳᠡᠷᠵᠢᠭᠦᠯᠦᠨ ᠬᠥᠭᠵᠢᠭᠦᠯᠵᠦ ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠠᠪᠤᠳᠠᠯ ᠪᠣᠯᠣᠨ᠎ᠠ ᠃ 2035 ᠣᠨ ᠪᠤᠯᠬᠤ ᠳᠤ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ | ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠦᠭᠦ ᠲᠠᠯ᠎ᠠ ᠪᠠᠷ ᠪᠡᠶᠡᠯᠡᠭᠦᠯᠵᠦ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ | ᠨᠠᠩ ᠲᠡᠭᠦᠯᠳᠡᠷᠵᠢᠭᠦᠯᠵᠦ ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ ᠂ | ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ ᠂ ᠲᠣᠰ ᠵᠠᠭᠤᠨ ᠤ ᠳᠤᠮᠳᠠᠴᠢ ᠪᠤᠯᠬᠤ ᠳᠤ ᠨᠡᠶᠢᠭᠡᠮ ᠵᠢᠷᠤᠮᠲᠤ ᠣᠳᠣᠬᠢᠴᠢᠯᠠᠭᠰᠠᠨ | ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ ᠭᠡᠵᠦ ᠴᠢᠬᠤᠯᠠᠴᠢᠯᠠᠪᠠ ᠃ | ᠬᠤᠷᠠᠯ ᠠᠴᠠ ᠂ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢᠬᠢ ᠢᠯᠠᠩᠭᠤᠶ᠎ᠠ | ᠰᠢᠨ᠎ᠡ ᠴᠠᠭ ᠦᠶ᠎ᠡ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠡᠷᠬᠢᠮ ᠨᠠᠨᠳᠢᠨ ᠲᠤᠷᠰᠢᠯᠭ᠎ᠠ ᠶᠢ ᠳ᠋ᠦᠩᠨᠡᠨ ᠬᠡᠷᠡᠭᠯᠡᠵᠦ ᠂ ᠳᠣᠣᠷᠠᠬᠢ | ᠵᠠᠷᠴᠢᠮ ᠢ ᠲᠤᠭᠤᠰᠢᠯᠠᠭᠤᠯᠬᠤ ᠬᠡᠷᠡᠭᠲᠡᠢ ᠄ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ ᠂ ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠣᠯᠣᠨ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ ᠂ ᠨᠠᠮ ᠤᠨ ᠪᠦᠭᠦ ᠲᠠᠯ᠎ᠠ ᠶᠢ ᠶᠡᠷᠦᠩᠬᠡᠶᠢᠯᠡᠨ ᠡᠵᠡᠮᠳᠡᠬᠦ ᠂ ᠡᠯ᠎ᠡ ᠲᠠᠯ᠎ᠠ ᠶᠢ ᠵᠣᠬᠢᠴᠠᠭᠤᠯᠬᠤ | ᠤᠳᠤᠷᠢᠳᠬᠤ ᠭᠤᠣᠯᠯᠠᠭᠴᠢ ᠶᠢᠨ ᠦᠢᠯᠡᠳᠦᠯ ᠢ ᠪᠠᠳᠠᠷᠠᠭᠤᠯᠵᠤ ᠂ ᠨᠠᠮ ᠤᠨ ᠤᠳᠤᠷᠢᠳᠤᠯᠭ᠎ᠠ ᠶᠢ ᠥᠭᠡᠷᠡᠴᠢᠯᠡᠯᠲᠡ ᠶᠢᠨ ᠡᠯ᠎ᠡ ᠲᠠᠯ᠎ᠠ ᠪᠦᠭᠦ ᠶᠠᠪᠤᠴᠠ ᠳᠤ | ᠲᠤᠭᠤᠰᠢᠯᠠᠭᠤᠯᠵᠤ ᠂ ᠥᠭᠡᠷᠡᠴᠢᠯᠡᠯᠲᠡ ᠶᠢᠨ ᠢᠮᠠᠭᠲᠠ ᠵᠥᠪ ᠣᠨᠣᠪᠴᠢᠲᠠᠢ ᠤᠯᠤᠰ ᠲᠦᠷᠦ ᠶᠢᠨ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠭᠡᠷᠡᠭᠲᠡᠢ ︔ ᠠᠷᠠᠳ | ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ ᠂ ᠠᠷᠠᠳ ᠲᠦᠮᠡᠨ ᠤ ᠭᠤᠣᠯ ᠴᠣᠭᠴᠠ ᠶᠢᠨ ᠪᠠᠶᠢᠷᠢ ᠰᠠᠭᠤᠷᠢ ᠪᠠ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ | ᠭᠦᠨᠳᠦᠳᠭᠡᠵᠦ ᠂ ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠣᠯ ᠥᠭᠡᠷᠡᠴᠢᠯᠡᠯᠲᠡ ᠨᠢ ᠬᠠᠷᠢᠭᠤ ᠲᠤᠰᠬᠠᠯ ᠲᠠᠢ ᠪᠠᠶᠢᠬᠤ ᠶᠢ ᠪᠠᠷᠢᠮᠲᠠᠯᠠᠵᠤ ᠂ ᠥᠭᠡᠷᠡᠴᠢᠯᠡᠯᠲᠡ ᠨᠢ | ᠠᠷᠠᠳ ᠲᠦᠮᠡᠨ ᠤ ᠲᠥᠯᠥᠭᠡ ᠂ ᠥᠭᠡᠷᠡᠴᠢᠯᠡᠯᠲᠡ ᠨᠢ ᠠᠷᠠᠳ ᠲᠦᠮᠡᠨ ᠳᠤ ᠲᠦᠰᠢᠭᠯᠡᠵᠦ ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠳᠤ | ᠬᠠᠮᠲᠤ ᠪᠠᠷ ᠡᠳ᠋ᠯᠡᠭᠦᠯᠭᠦ ᠶᠢ ᠪᠡᠶᠡᠯᠡᠭᠦᠯᠬᠦ ᠭᠡᠷᠡᠭᠳᠡᠢ ︔ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ ᠂ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠢ ᠭᠤᠶᠢᠪᠢᠰᠢ ᠦᠭᠡᠢ ᠪᠠᠷᠢᠮᠲᠠᠯᠠᠨ ᠂ ᠴᠠᠭ ᠦᠶ᠎ᠡ ᠶᠢᠨ ᠠᠯᠬᠤᠭ᠎ᠠ ᠶᠢ ᠴᠢᠩᠭ᠎ᠠ ᠲᠠᠭᠠᠵᠤ ᠂ ᠦᠢᠯᠡᠳᠦᠯᠭᠡ ᠶᠢᠨ ᠬᠥᠭᠵᠢᠯᠲᠡ ᠲᠠᠢ ᠵᠣᠬᠢᠴᠠᠵᠤ ᠂ | ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠲᠣᠪᠤᠶᠢᠯᠭᠠᠨ ᠂ ᠰᠢᠨ᠎ᠡ ᠡᠭᠢᠯᠡᠯᠲᠡ ᠶᠢᠨ ᠴᠡᠭ ᠳᠡᠭᠡᠷ᠎ᠡ ᠤᠨᠤᠯ ᠤᠨ ᠰᠢᠨ᠎ᠡ ᠶᠢ ᠡᠭᠦᠳᠬᠦ ᠂ ᠦᠢᠯᠡᠳᠦᠯᠭᠡ ᠶᠢᠨ | ᠰᠢᠨ᠎ᠡ ᠶᠢ ᠡᠭᠦᠳᠬᠦ ᠂ ᠳᠦᠷᠢᠮ ᠤᠨ ᠰᠢᠨ᠎ᠡ ᠶᠢ ᠡᠭᠦᠳᠬᠦ ᠂ ᠰᠣᠶᠣᠯ ᠤᠨ ᠰᠢᠨ᠎ᠡ ᠶᠢ ᠡᠭᠦᠳᠬᠦ ᠪᠠ ᠪᠤᠰᠤᠳ ᠡᠯ᠎ᠡ ᠲᠠᠯ᠎ᠠ ᠳᠤ ᠰᠢᠨ᠎ᠡ ᠶᠢ ᠡᠭᠦᠳᠬᠦ ᠶᠢ ᠠᠬᠢᠭᠤᠯᠬᠤ | ᠭᠡᠷᠡᠭᠳᠡᠢ ︔ ᠳᠦᠷᠢᠮ ᠤᠨ ᠪᠠᠶᠢᠭᠤᠯᠤᠯᠲᠠ ᠪᠠᠷ ᠭᠤᠣᠯ ᠰᠢᠵᠢᠮ ᠪᠤᠯᠭᠠᠬᠤ ᠶᠢ ᠪᠠᠷᠢᠮᠲᠠᠯᠠᠵᠤ ᠂ ᠦᠵᠦ ᠲᠥᠯᠥᠪᠯᠡᠭᠡ ᠬᠢᠬᠦ ᠂ ᠶᠡᠷᠦᠩᠬᠡᠢ ᠳᠤᠨᠢ ᠲᠥᠯᠥᠪᠵᠢᠭᠦᠯᠬᠦ ᠂ | ᠡᠪᠳᠡᠵᠦ ᠪᠠᠶᠢᠭᠤᠯᠬᠤ ᠶᠢ ᠵᠡᠷᠭᠡ ᠪᠠᠷ ᠠᠳᠬᠤᠬᠤ ᠂ ᠤᠷᠢᠳ ᠢᠶᠠᠷ ᠰᠢᠨ᠎ᠡ ᠶᠢ ᠪᠠᠶᠢᠭᠤᠯᠤᠨ ᠳᠠᠷᠠᠭ᠎ᠠ ᠨᠢ ᠬᠠᠭᠤᠴᠢᠨ ᠢ ᠡᠪᠳᠡᠬᠦ ᠶᠢ ᠴᠢᠩᠭᠠᠳᠬᠠᠵᠤ ᠂ ᠦᠨᠳᠦᠰᠦ | ᠪᠤᠯᠬᠤ ᠳᠦᠷᠢᠮ ᠢ ᠪᠠᠬᠢᠵᠢᠭᠦᠯᠵᠦ ᠂ ᠦᠨᠳᠦᠰᠦᠨ ᠳᠦᠷᠢᠮ ᠢ ᠲᠡᠭᠦᠯᠳᠡᠷᠵᠢᠭᠦᠯᠵᠦ ᠂ ᠴᠢᠬᠤᠯᠠ ᠳᠦᠷᠢᠮ ᠤᠨ ᠰᠢᠨ᠎ᠡ ᠶᠢ ᠡᠭᠦᠳᠬᠦ ᠭᠡᠷᠡᠭᠳᠡᠢ ︔ ᠪᠦᠭᠦ ᠲᠠᠯ᠎ᠠ ᠪᠠᠷ | ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠵᠤ ᠂ ᠬᠠᠤᠯᠢ ᠪᠠᠷ ᠵᠠᠰᠠᠬᠤ ᠵᠠᠮ ᠳᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠵᠤ ᠂ ᠥᠭᠡᠷᠡᠴᠢᠯᠡᠯᠲᠡ ᠪᠠ ᠬᠠᠤᠯᠢ ᠪᠠᠷ ᠵᠠᠰᠠᠬᠤ ᠶᠢ ᠬᠠᠷᠢᠯᠴᠠᠨ ᠨᠢᠭᠡᠳᠬᠡᠬᠦ ᠶᠢ ᠪᠡᠶᠡᠯᠡᠭᠦᠯᠵᠦ ᠂ ᠴᠢᠬᠤᠯᠠ ᠶᠡᠭᠡ ᠥᠭᠡᠷᠡᠴᠢᠯᠡᠯᠲᠡ ᠶᠢ | ᠬᠠᠤᠯᠢ ᠶᠢᠨ ᠦᠨᠳᠦᠰᠦᠯᠡᠯ ᠲᠠᠢ ᠪᠤᠯᠭᠠᠵᠤ ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠴᠠᠭ ᠲᠤᠬᠠᠢ ᠳᠤᠨᠢ ᠬᠠᠤᠯᠢ ᠴᠠᠭᠠᠵᠠ ᠶᠢᠨ ᠳᠦᠷᠢᠮ ᠪᠣᠯᠭᠠᠨ | ᠳᠡᠭᠡᠭᠰᠢᠯᠡᠭᠦᠯᠭᠦ ᠭᠡᠷᠡᠭᠳᠡᠢ ︔ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ ᠂ ᠠᠵᠤ ᠠᠬᠤᠢ ᠪᠠ ᠨᠡᠶᠢᠭᠡᠮ ᠂ ᠵᠠᠰᠠᠭ ᠤᠨ ᠣᠷᠳᠣᠨ ᠪᠠ ᠵᠠᠬ᠎ᠠ ᠳᠡᠯᠭᠡᠭᠦᠷ ᠂ ᠦᠷ᠎ᠡ | ᠪᠦᠲᠦᠮᠵᠢ ᠪᠠ ᠲᠥᠪ ᠭᠤᠣᠯᠴᠢ ᠂ ᠠᠮᠢᠵᠢᠷᠠᠯ ᠤᠨ ᠬᠦᠴᠦᠨ ᠪᠠ ᠡᠮᠬᠢ ᠳᠢᠭᠯᠢᠮ ᠂ ᠬᠥᠭᠵᠢᠯᠲᠡ ᠪᠠ ᠠᠮᠤᠷ ᠲᠦᠪᠰᠢᠨ ᠵᠡᠷᠭᠡ ᠴᠢᠬᠤᠯᠠ ᠶᠡᠭᠡ ᠬᠠᠷᠢᠴᠠᠭ᠎ᠠ ᠶᠢ | ᠰᠠᠶᠢᠲᠤᠷ ᠰᠢᠢᠳᠪᠦᠷᠢᠯᠡᠵᠦ ᠂ ᠥᠭᠡᠷᠡᠴᠢᠯᠡᠯᠲᠡ ᠶᠢᠨ ᠰᠢᠰᠲ᠋ᠧᠮᠲᠦ ᠴᠢᠨᠠᠷ ᠂ ᠪᠦᠬᠦᠯᠢ ᠴᠣᠭᠴᠠᠲᠤ ᠴᠢᠨᠠᠷ ᠂ ᠬᠠᠮᠵᠢᠯᠴᠠᠬᠤ ᠴᠢᠨᠠᠷ ᠢ ᠴᠢᠩᠭᠠᠳᠬᠠᠬᠤ ᠬᠡᠷᠡᠭᠲᠡᠢ ᠭᠡᠵᠦ | ᠵᠢᠭᠠᠵᠤ ᠭᠠᠷᠭᠠᠪᠠ ᠃ | ᠬᠤᠷᠠᠯ ᠠᠴᠠ ᠂ ᠨᠠᠮ ᠤᠨ ᠤᠳᠤᠷᠢᠳᠤᠯᠭ᠎ᠠ ᠪᠣᠯ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠦᠨᠳᠦᠰᠦᠨ ᠪᠠᠲᠤᠯᠠᠭ᠎ᠠ ᠮᠥᠨ ᠃ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠡᠷᠬᠡᠪᠰᠢ | ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠢᠶᠠᠷ ᠨᠡᠶᠢᠭᠡᠮ ᠤᠨ | ᠬᠤᠪᠢᠰᠬᠠᠯ ᠢ ᠬᠥᠲᠥᠯᠥᠨ ᠳᠠᠭᠠᠭᠤᠯᠬᠤ ᠳᠡᠭᠡᠳᠦ ᠬᠡᠮᠵᠢᠶᠡᠨ ᠤ ᠤᠬᠠᠮᠰᠠᠷ ᠢ ᠪᠠᠷᠢᠮᠲᠠᠯᠠᠵᠤ ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠᠷ ᠨᠠᠮ ᠢ ᠬᠠᠮᠢᠶᠠᠷᠴᠤ ᠨᠠᠮ ᠢ | ᠵᠠᠰᠠᠬᠤ ᠶᠢ ᠪᠠᠷᠢᠮᠲᠠᠯᠠᠵᠤ ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ ᠂ ᠥᠭᠡᠷᠡᠴᠢᠯᠡᠯᠲᠡ ᠶᠢ | ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃ | | |