ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠪᠠᠶᠢᠭᠤᠯᠭ᠎ᠠ ᠶᠢᠨ ᠨᠠᠮ ᠪᠠᠶᠢᠭᠤᠯᠤᠭᠳᠠᠭᠰᠠᠨ 103 ᠵᠢᠯ ᠤᠨ ᠣᠢ ᠶᠢ ᠪᠡᠯᠭᠡᠯᠡᠬᠦ ᠵᠢᠴᠢ ︽7.1︾ ᠤ ᠬᠥᠬᠢᠭᠦᠯᠦᠨ ᠰᠠᠶᠢᠰᠢᠶᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/1
    ᠣᠶᠢᠷ᠎ᠠ ᠶᠢᠨ ᠡᠳᠦᠷ ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠪᠠᠶᠢᠭᠤᠯᠭ᠎ᠠ ᠶᠢᠨ ᠨᠠᠮ ᠪᠠᠶᠢᠭᠤᠯᠤᠭᠳᠠᠭᠰᠠᠨ 103 ᠵᠢᠯ ᠤᠨ ᠣᠢ ᠶᠢ ᠪᠡᠯᠭᠡᠯᠡᠬᠦ ᠵᠢᠴᠢ ︽ 7.1 ︾ ᠤ ᠬᠥᠬᠢᠭᠦᠯᠦᠨ ᠰᠠᠶᠢᠰᠢᠶᠠᠬᠤ ᠬᠤᠷᠠᠯ ᠬᠤᠷᠠᠯᠳᠤᠪᠠ ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠡᠷᠬᠢᠯᠡᠭᠴᠢ ᠵᠠᠩ ᠵᠠᠨ ᠯᠢᠨ ︽ ᠳᠦᠷᠢᠮ ᠢ ᠰᠤᠷᠤᠯᠴᠠᠵᠤ ᠬᠤᠷᠢᠭ᠎ᠠ ᠱᠤᠭᠤᠮ ᠢ ᠲᠣᠳᠣᠷᠬᠠᠶᠢᠯᠠᠵᠤ ᠨᠠᠮ ᠤᠨ ᠰᠠᠬᠢᠯᠭ᠎ᠠ ᠪᠠᠲᠤ ᠶᠢ ᠰᠠᠬᠢᠵᠤ ᠵᠣᠷᠢᠭᠲᠠᠢ ᠪᠠᠷ ᠡᠭᠦᠷᠭᠡᠯᠡᠨ ᠰᠠᠬᠢᠯᠭ᠎ᠠ ᠪᠠᠲᠤ ᠶᠢ ᠴᠢᠩᠳᠠᠯᠠᠬᠤ ᠪᠠᠷ ᠠᠷᠠᠳ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠶ᠎ᠠ ︾ ᠭᠡᠬᠦ ᠰᠡᠳᠦᠪ ᠢᠶᠠᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠦᠮᠦᠵᠢᠯ ᠤᠨ ᠲᠤᠰᠬᠠᠢ ᠰᠡᠲᠤᠪᠲᠤ ᠨᠠᠮ ᠤᠨ ᠬᠢᠴᠢᠶᠡᠯ ᠣᠷᠣᠪᠠ ᠃ ᠵᠠᠩ ᠵᠠᠨ ᠯᠢᠨ ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠦᠮᠦᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠤᠭᠳᠠᠯ ᠢ ᠭᠦᠢᠴᠡᠳ ᠲᠠᠨᠢᠵᠤ ᠂ ︽ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠥᠷᠢᠮ ︾ ᠤᠨ ᠭᠤᠣᠯᠳᠠᠯᠭ᠎ᠠ ᠴᠢᠬᠤᠯᠠ ᠠᠭᠤᠯᠭ᠎ᠠ ᠶᠢ ᠣᠨᠣᠪᠴᠢᠲᠠᠢ ᠡᠵᠡᠮᠰᠢᠵᠤ ᠂ ᠨᠠᠮ ᠤᠨ ᠬᠡᠰᠢᠭᠦᠨ ᠺᠠᠳ᠋ᠷᠴᠤᠳ ᠤᠨ ᠤᠯᠤᠰ ᠲᠥᠷᠥ ᠶᠢᠨ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠵᠤ ᠂ ᠤᠯᠤᠰ ᠲᠥᠷᠥ ᠶᠢᠨ ᠰᠠᠬᠢᠯᠭ᠎ᠠ ᠪᠠᠲᠤ ᠶᠢᠨ ᠤᠬᠠᠮᠰᠠᠷ ᠲᠠᠢ ᠪᠣᠯᠬᠤ ᠶᠢ ᠠᠬᠢᠭᠤᠯᠵᠤ ᠂ ᠤᠯᠤᠰ ᠲᠥᠷᠥ ᠶᠢᠨ ᠲᠠᠯ᠎ᠠ ᠪᠠᠷ ᠡᠷᠡᠰ ᠪᠠᠲᠤ ᠂ ᠦᠵᠡᠯ ᠰᠠᠨᠠᠭᠠᠨ ᠤ ᠲᠠᠯ᠎ᠠ ᠪᠠᠷ ᠡᠷᠡᠰ ᠪᠠᠲᠤ ᠂ ᠢᠲᠡᠭᠡᠯ ᠵᠣᠷᠢᠭ ᠤᠨ ᠲᠠᠯ᠎ᠠ ᠪᠠᠷ ᠡᠷᠡᠰ ᠪᠠᠲᠤ ᠪᠠᠶᠢᠬᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠺᠠᠳ᠋ᠷᠴᠤᠳ ᠤᠨ ᠡᠩᠨᠡᠭᠡ ᠶᠢ ᠬᠦᠴᠦᠯᠡᠨ ᠪᠠᠶᠢᠭᠤᠯᠵᠤ ᠂ ᠰᠠᠬᠢᠯᠭ᠎ᠠ ᠪᠠᠲᠤ ᠶᠢ ᠴᠢᠩᠳᠠᠯᠠᠬᠤ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠪᠡ ᠃ ᠬᠤᠷᠠᠯ ᠳᠡᠭᠡᠷ᠎ᠡ ᠂ ︽ ᠨᠠᠮ ᠤᠨ ᠬᠡᠰᠢᠭᠦᠨ ᠪᠣᠯᠣᠭᠰᠠᠨ ᠢᠷᠠᠭᠤ ᠠᠯᠳᠠᠷ ᠲᠠᠢ 50 ᠵᠢᠯ ︾ ᠭᠡᠬᠦ ᠳᠤᠷᠠᠰᠬᠠᠯ ᠤᠨ ᠲᠡᠮᠳᠡᠭ ᠢ ᠣᠯᠭᠤᠵᠤ ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠪᠠᠶᠢᠭᠤᠯᠭ᠎ᠠ ᠶᠢᠨ 2023 — 2024 ᠣᠨ ᠤ ᠰᠢᠯᠢᠳᠡᠭ ᠡᠪ ᠬᠠᠮᠲᠤ ᠨᠠᠮ ᠤᠨ ᠬᠡᠰᠢᠭᠦᠨ ᠂ ᠰᠢᠯᠢᠳᠡᠭ ᠨᠠᠮ ᠤᠨ ᠠᠵᠢᠯ ᠤᠨ ᠠᠵᠢᠯᠲᠠᠨ ᠪᠣᠯᠣᠨ 2023 ᠣᠨ ᠤ ᠲᠡᠷᠢᠭᠦᠨ ᠤ ᠠᠵᠢᠯᠲᠠᠨ ᠂ 2023 ᠣᠨ ᠤ ᠠᠯᠪᠠᠨ ᠪᠠᠶᠢᠭᠤᠯᠭ᠎ᠠ ᠶᠢᠨ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠥᠬᠢᠭᠦᠯᠦᠨ ᠰᠠᠶᠢᠰᠢᠶᠠᠭᠰᠠᠨ ᠤ ᠬᠠᠮᠲᠤ ᠰᠡᠷᠡᠮᠵᠢᠯᠡᠭᠦᠯᠬᠦ ᠬᠦᠮᠦᠵᠢᠯ ᠤᠨ ᠹᠢᠯᠢᠮ ᠢ ᠦᠵᠡᠵᠡᠭᠡᠪᠡ ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠪᠠᠶᠢᠭᠤᠯᠭ᠎ᠠ ᠶᠢᠨ ᠪᠦᠬᠦ ᠨᠠᠮ ᠤᠨ ᠬᠡᠰᠢᠭᠦᠨ ᠺᠠᠳ᠋ᠷ ᠵᠢᠴᠢ ᠵᠠᠷᠢᠮ ᠠᠵᠢᠯ ᠠᠴᠠ ᠪᠠᠨ ᠠᠮᠠᠷᠠᠭᠰᠠᠨ ᠠᠬᠠᠮᠠᠳ ᠨᠠᠮ ᠤᠨ ᠬᠡᠰᠢᠭᠦᠨ ᠨᠠᠮ ᠤᠨ ᠬᠢᠴᠢᠶᠡᠯ ᠢ ᠰᠤᠨᠤᠰᠪᠠ ᠃   
ᠢᠷᠡᠯᠲᠡ᠄ ᠣᠷᠳᠣᠰ ᠤᠨ ᠡᠳᠦᠷ ᠤᠨ ᠰᠤᠨᠢᠨ