| ᠣᠶᠢᠷ᠎ᠠ ᠶᠢᠨ ᠡᠳᠦᠷ ᠂ ᠬᠤᠳᠠ ᠶᠢᠨ ᠨᠠᠮ ᠤᠨ ᠬᠤᠷᠢᠶ᠎ᠠ ᠶᠢᠨ ᠲᠡᠳ᠋ ᠱᠦᠵᠢ ᠂ ᠬᠤᠳᠠ ᠶᠢᠨ ᠲᠠᠷᠤᠭ᠎ᠠ ᠂ ᠬᠤᠳᠠ ᠶᠢᠨ ᠵᠠᠰᠠᠭ ᠤᠨ ᠤᠷᠳᠤᠨ ᠤ ᠨᠠᠮ ᠤᠨ | ᠤᠳᠤᠷᠢᠳᠬᠤ ᠲᠤᠭᠤᠢᠢᠯᠠᠩ ᠤᠨ ᠱᠦᠵᠢ ᠳ᠋ᠦ᠋ ᠬᠤᠢ ᠯᠢᠶᠠᠩ ᠬᠤᠳᠠ ᠶᠢᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠢᠢᠯᠠᠩ ᠤᠨ ᠬᠤᠷᠠᠯ ᠵᠢᠴᠢ | ᠨᠠᠮ ᠤᠨ ᠰᠠᠭᠢᠯᠭ᠎ᠠ ᠪᠠᠳᠤ ᠶᠢᠨ ᠰᠤᠷᠤᠯᠴᠠᠯᠭ᠎ᠠ ᠭᠦᠮᠦᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ ᠂ ︽ ᠲᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠤᠨ | ᠬᠤᠷᠢᠶ᠎ᠠ ︵ ᠨᠠᠮ ᠤᠨ ᠤᠳᠤᠷᠢᠳᠬᠤ ᠲᠤᠭᠤᠢᠢᠯᠠᠩ ︶ ᠶᠢᠨ ᠤᠨᠤᠯ ᠤᠨ ᠰᠤᠷᠤᠯᠴᠠᠯᠭ᠎ᠠ ᠶᠢᠨ ᠭᠤᠤᠯ ᠲᠤᠭᠤᠢᠢᠯᠠᠩ ᠤᠨ ᠰᠤᠷᠤᠯᠴᠠᠠᠬᠤ ᠲᠦᠷᠢᠮ ︾ ᠂ ᠶᠡᠷᠦᠩᠭᠡᠢ | ᠱᠦᠵᠢ ᠰᠢ ᠶᠢᠨ ᠫᠢᠡᠭ ᠤᠨ ᠨᠠᠮ ᠤᠨ ᠰᠠᠭᠢᠯᠭ᠎ᠠ ᠪᠠᠳᠤ ᠶᠢᠨ ᠪᠠᠶᠢᠭᠤᠯᠤᠯᠳᠠ ᠶᠢ ᠪᠦᠭᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠦᠭᠦᠯᠡᠯᠳᠡ ᠶᠢ ᠤᠯᠠᠮᠵᠢᠯᠠᠨ | ᠰᠤᠷᠤᠯᠴᠠᠵᠤ ᠂ ᠦᠵᠠᠯ ᠰᠠᠨᠠᠭ᠎ᠠ ᠪᠠ ᠠᠵᠢᠯ ᠤᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ ᠰᠠᠨᠠᠯ ᠢᠶᠠᠨ ᠰᠤᠯᠢᠯᠴᠠᠪᠠ ᠃ ᠬᠤᠷᠠᠯ ᠠᠴᠠ ᠂ | ᠰᠢᠨ᠎ᠡ ᠪᠠᠷ ᠵᠠᠰᠠᠪᠤᠷᠢ ᠣᠷᠣᠭᠤᠯᠤᠭᠰᠠᠨ ︽ ᠰᠤᠷᠤᠯᠴᠠᠬᠤ ᠲᠦᠷᠢᠮ ︾ ᠢ ᠨᠠᠷᠢᠨ ᠬᠢᠨᠠᠮᠠᠭᠠᠶ ᠰᠤᠷᠤᠯᠴᠠᠵᠤ ᠂ ︽ ᠰᠤᠷᠤᠯᠴᠠᠬᠤ ᠲᠦᠷᠢᠮ ︾ ᠤᠨ ᠰᠢᠨ᠎ᠡ | ᠱᠠᠭᠠᠷᠳᠠᠯᠭ᠎ᠠ ᠶᠢ ᠭᠦᠨᠵᠡᠭᠡᠶ ᠤᠶᠢᠯᠠᠭᠠᠨ ᠡᠵᠡᠮᠰᠢᠵᠦ ᠂ ᠰᠤᠷᠤᠯᠴᠠᠬᠤ ᠠᠭᠤᠯᠭ᠎ᠠ ᠶᠢ ᠲᠠᠰᠤᠷᠠᠯᠲᠠ ᠥᠬᠡᠶ ᠪᠠᠶᠠᠯᠢᠭᠵᠢᠭᠤᠯᠵᠤ ᠂ ᠰᠤᠷᠤᠯᠴᠠᠬᠤ ᠠᠷᠭ᠎ᠠ ᠬᠡᠯᠪᠡᠷᠢ ᠶᠢᠨ | ᠰᠢᠨ᠎ᠡ ᠶᠢ ᠡᠭᠦᠳᠴᠦ ᠂ ᠣᠨᠣᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠬᠦ | ᠬᠡᠷᠡᠭᠲᠡᠶ ︔ ᠰᠤᠷᠤᠯᠴᠠᠬᠤ ᠪᠠ ᠬᠡᠷᠡᠭᠯᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠤᠶᠠᠯᠳᠤᠭᠤᠯᠬᠤ ᠂ ᠮᠡᠳᠡᠬᠦᠢ ᠢᠲᠡᠭᠡᠭᠦᠢ | ᠬᠢᠬᠦᠢ ᠶᠢ ᠨᠢᠭᠡᠳᠬᠡᠬᠦ ᠶᠢ ᠪᠡᠶᠡᠯᠡᠭᠦᠯᠦᠨ ᠂ ᠣᠨᠣᠯ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠠᠵᠢᠯ ᠬᠢᠵᠦ ᠦᠢᠯᠡᠰ ᠪᠦᠲᠦᠭᠡᠬᠦ ᠴᠠᠭᠠᠷᠠᠭᠰᠠᠨ ᠴᠢᠳᠠᠪᠤᠷᠢ ᠂ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠶ ᠭᠡᠵᠦ ᠴᠢᠬᠤᠯᠠᠴᠢᠯᠠᠪᠠ ᠃ ᠬᠤᠷᠠᠯ ᠠᠴᠠ ᠂ | ᠴᠢᠬᠤᠯᠠ ᠥᠭᠦᠯᠡᠯᠲᠡ ᠳᠤ ᠠᠭᠤᠯᠤᠭᠳᠠᠵᠤ ᠪᠠᠶᠢᠭ᠎ᠠ ᠤᠯᠤᠰ ᠲᠦᠷᠦ ᠶᠢᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ︽ ᠬᠤᠶᠠᠷ ᠢ | ᠲᠤᠭᠲᠠᠭᠠᠭᠰᠠᠨ ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠨᠡᠩ ᠭᠦᠨᠵᠡᠭᠡᠢ ᠤᠶᠢᠯᠭᠠᠨ ᠂ ᠤᠬᠠᠮᠰᠠᠷ ᠠᠴᠠ ᠪᠠᠨ ︽ ᠬᠤᠶᠠᠷ ᠢ ᠬᠠᠮᠠᠭᠠᠯᠠᠬᠤ ︾ ᠶᠢ | ᠬᠠᠮᠤᠭ ᠤᠨ ᠳᠡᠭᠡᠳᠦ ᠤᠯᠤᠰ ᠲᠦᠷᠦ ᠶᠢᠨ ᠵᠠᠷᠴᠢᠮ ᠪᠠ ᠦᠨᠳᠦᠰᠦᠨ ᠤᠯᠤᠰ ᠲᠦᠷᠦ ᠶᠢᠨ ᠶᠣᠰᠣ ᠲᠦᠷᠢᠮ ᠪᠣᠯᠭᠠᠬᠤ ᠬᠡᠷᠡᠭᠲᠡᠢ ᠃ ᠴᠢᠬᠤᠯᠠ ᠥᠭᠦᠯᠡᠯᠲᠡ ᠶᠢᠨ | ᠰᠢᠨᠵᠢᠯᠡᠬᠦ ᠤᠬᠠᠭᠠᠨᠴᠢ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ ᠂ ᠨᠠᠮ ᠤᠨ ᠥᠪᠡᠷ ᠤᠨ ᠪᠡᠶ᠎ᠡ ᠶᠢᠨ ᠬᠤᠪᠢᠰᠬᠠᠯ ᠂ | ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠵᠢᠮ᠎ᠡ ᠶᠣᠰᠣᠴᠢ ᠴᠢᠨᠠᠷ ᠤᠨ ᠲᠤᠬᠠᠶ ᠲᠠᠨᠢᠯᠲᠠ ᠶᠢ ᠴᠢᠨᠠᠭᠰᠢᠲᠠ ᠭᠦᠨᠵᠡᠭᠡᠶᠢᠷᠡᠭᠦᠯᠬᠦ ᠬᠡᠷᠡᠭᠲᠡᠶ ᠃ ᠴᠢᠬᠤᠯᠠ | ᠥᠭᠦᠯᠡᠯᠲᠡ ᠶᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ ᠂ ᠤᠯᠤᠰ ᠲᠦᠷᠦ ᠶᠢᠨ ᠰᠠᠬᠢᠯᠭ᠎ᠠ ᠪᠠᠲᠤ ᠶᠢ | ᠴᠢᠩᠳᠠᠯᠠᠬᠤ ᠪᠠᠷ ᠦᠨᠳᠦᠰᠦ ᠪᠣᠯᠭᠠᠵᠤ ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ ᠂ ᠤᠯᠠᠨ ᠲᠦᠮᠡᠨ ᠤ | ᠰᠠᠬᠢᠯᠭ᠎ᠠ ᠪᠠᠲᠤ ᠂ ᠠᠵᠢᠯ ᠤᠨ ᠰᠠᠬᠢᠯᠭ᠎ᠠ ᠪᠠᠲᠤ ᠂ ᠠᠮᠢᠳᠤᠷᠠᠯ ᠤᠨ ᠰᠠᠬᠢᠯᠭ᠎ᠠ ᠪᠠᠲᠤ ᠶᠢ ᠪᠦᠬᠦ ᠲᠠᠯ᠎ᠠ ᠪᠠᠷ ᠴᠢᠩᠭ᠎ᠠ ᠪᠠᠶᠢᠯᠭᠠᠬᠤ ᠶᠢ ᠲᠠᠶᠢᠴᠢᠯᠠᠵᠤ ᠂ ᠨᠠᠮ ᠤᠨ ᠲᠦᠷᠢᠮ | ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ᠤᠬᠠᠮᠰᠠᠷ ᠠᠴᠠ ᠪᠠᠨ ᠡᠷᠬᠢᠯᠡᠭᠴᠢ ᠂ ᠵᠢᠱᠢᠶᠡᠴᠢ ᠪᠠᠷ ᠦᠢᠯᠡᠳᠦᠯᠭᠡᠵᠢᠭᠦᠯᠦᠭᠴᠢ ᠂ ᠦᠨᠡᠨᠴᠢ ᠰᠢᠳᠤᠷᠭᠤ | ᠬᠠᠮᠭᠠᠯᠠᠭᠴᠢ ᠪᠤᠯᠬᠤ ᠬᠡᠷᠡᠭᠲᠡᠢ ᠭᠡᠵᠤ ᠴᠢᠬᠤᠯᠠᠴᠢᠯᠠᠪᠠ ᠃ | | |