1- 4 ᠰᠠᠷ᠎ᠠ ᠳᠤ ᠮᠠᠨ ᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 19.4% ᠪᠠᠷ ᠨᠡᠮᠡᠭᠳᠡᠪᠡ  ( ᠲᠤᠭ᠎ᠠ ᠪᠦᠷᠢᠳᠭᠡᠯ︶
ᠨᠡᠶᠢᠲᠡᠯᠡᠭᠰᠡᠨ ᠴᠠᠭ᠄
2024/7/1
     ᠣᠶᠢᠷ᠎ᠠ ᠳᠤ ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ ᠂ 1- 4 ᠰᠠᠷ᠎ᠠ ᠳᠤ ᠂ ᠮᠠᠨ ᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 19.4% ᠪᠠᠷ ᠨᠡᠮᠡᠭᠳᠡᠵᠦ ᠂ ᠠᠭᠤᠷᠬᠠᠢ ᠮᠠᠯᠲᠠᠬᠤ ᠦᠢᠯᠡᠰ ᠂ ᠴᠠᠬᠢᠯᠭᠠᠨ ᠬᠦᠴᠦᠨ ᠂ ᠢᠯᠴᠢ ᠶᠢᠨ ᠬᠦᠴᠦᠨ ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠴᠠ ᠵᠠᠭᠤᠨ ᠤ ᠬᠤᠪᠢ ᠶᠢᠨ ᠬᠠᠷᠢᠴᠠᠯ ᠢᠶᠠᠷ 14.4 ᠪᠠ 0.1 ᠥᠨᠳᠥᠷ ᠪᠣᠯᠵᠤ ᠂ 3 ᠰᠠᠷ᠎ᠠ ᠳᠠᠷᠠᠭᠠᠯᠠᠨ ᠬᠤᠶᠠᠷ ᠣᠷᠣᠨᠲᠤ ᠲᠤᠭ᠎ᠠ ᠪᠠᠷ ᠨᠡᠮᠡᠭᠳᠡᠬᠦ ᠶᠢ ᠪᠠᠲᠤᠯᠠᠵᠤ ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ ᠵᠠᠭᠤᠨ ᠤ ᠬᠤᠪᠢ ᠶᠢᠨ ᠬᠠᠷᠢᠴᠠᠯ ᠢᠶᠠᠷ 2.4 ᠳᠠᠶᠢᠴᠢᠯᠠᠨ ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 31.8% ᠳᠤ ᠬᠦᠷᠴᠦ ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠤᠪᠢ ᠶᠢᠨ ᠬᠠᠷᠢᠴᠠᠯ ᠢᠶᠠᠷ 29 ᠳᠡᠭᠡᠭᠰᠢᠯᠡᠵᠡᠢ ᠃ ᠡᠭᠦᠨ ᠳᠤ ᠂ ᠲᠣᠨᠣᠭᠯᠠᠯ ᠦᠢᠯᠡᠳᠬᠦ ᠦᠢᠯᠡᠰ ᠤᠨ ᠢᠯᠡᠷᠡᠯ ᠲᠣᠪᠤᠶᠢᠮ᠎ᠠ ᠪᠠᠶᠢᠵᠤ ᠂ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 167.7% ᠪᠠᠷ ᠨᠡᠮᠡᠭᠳᠡᠨ ᠂ ᠦᠢᠯᠡᠳᠬᠦ ᠦᠢᠯᠡᠰ ᠤᠨ ᠨᠡᠮᠡᠭᠳᠡᠯ ᠥᠷᠲᠡᠭ ᠤᠨ ᠨᠡᠮᠡᠭᠳᠡᠯ ᠢ ᠵᠠᠭᠤᠨ ᠤ ᠬᠤᠪᠢ ᠶᠢᠨ ᠬᠠᠷᠢᠴᠠᠯ ᠢᠶᠠᠷ 19.2 ᠳᠠᠶᠢᠴᠢᠯᠠᠵᠤ ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ ᠵᠠᠭᠤᠨ ᠤ ᠬᠤᠪᠢ ᠶᠢᠨ ᠬᠠᠷᠢᠴᠠᠯ ᠢᠶᠠᠷ 2.4 ᠳᠠᠶᠢᠴᠢᠯᠠᠪᠠ ᠃  
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ