| 6 ᠰᠠᠷ᠎ᠠ ᠶᠢᠨ 28 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠂ ᠶᠡᠷᠦᠩᠬᠡᠢ | ᠱᠦᠵᠢ ᠰᠢ ᠶᠢᠨ ᠫᠢᠩ ᠤᠨ ᠪᠦᠭᠦ ᠤᠯᠤᠰ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠶᠡᠭᠡ ᠬᠤᠷᠠᠯ ᠂ ᠤᠯᠤᠰ ᠤᠨ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠬᠥᠬᠢᠭᠦᠯᠦᠨ ᠱᠠᠩᠨᠠᠬᠤ ᠶᠡᠭᠡ ᠬᠤᠷᠠᠯ ᠂ ᠬᠤᠶᠠᠷ ᠬᠦᠷᠢᠶᠡᠯᠡᠩ ᠤᠨ ᠠᠺᠠᠳᠧᠮᠢᠴᠢ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠣᠨ | ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ | ᠡᠷᠭᠢᠯᠡᠵᠡᠢ ᠃ | ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠮᠠᠨ ᠤ | ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠣᠯᠣᠭᠰᠠᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠶᠢ | ᠭᠦᠢᠴᠡᠳ ᠨᠤᠲᠠᠯᠠᠵᠤ ᠂ ᠰᠢᠨ᠎ᠡ ᠴᠠᠭ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠤᠨ ᠬᠥᠭᠵᠢᠯᠲᠡ ᠶᠢᠨ ᠴᠢᠬᠤᠯᠠ ᠲᠤᠷᠰᠢᠯᠭ᠎ᠠ ᠶᠢ | ᠭᠦᠨᠵᠡᠭᠡᠢ ᠳ᠋ᠦᠩᠨᠡᠵᠦ ᠂ ᠰᠢᠨ᠎ᠡ ᠪᠠᠶᠢᠳᠠᠯ ᠳᠣᠣᠷ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠬᠤ ᠦᠨᠳᠦᠰᠦᠨ | ᠠᠭᠤᠯᠤᠭᠳᠠᠬᠤᠨ ᠪᠣᠯᠣᠨ ᠭᠤᠣᠯ ᠡᠭᠦᠷᠭᠡ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ ᠂ ᠰᠢᠨ᠎ᠡ ᠴᠠᠭ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠪᠠ ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠨᠡᠩ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠣᠯᠣᠨ ᠲᠤᠯᠭᠠᠮ ᠪᠤᠳᠤᠯ ᠢᠶᠠᠷ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠠᠵᠢᠯ ᠢ ᠰᠠᠶᠢᠲᠤᠷ ᠬᠢᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ ᠪᠦᠰᠡᠯᠡᠯᠲᠡ ᠰᠢᠪᠲᠤᠯᠬᠤ ︾ ᠢᠨᠵᠧᠨᠧᠷᠢᠩ ᠢ | ᠬᠡᠷᠡᠭᠵᠢᠭᠦᠯᠬᠦ ᠪᠠᠷ ᠭᠤᠣᠯ ᠭᠠᠷᠳᠠᠴᠠ ᠪᠣᠯᠭᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠦᠷᠭᠡᠳᠬᠡᠨ ᠠᠬᠢᠭᠤᠯᠵᠤ ᠂ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ ᠬᠦᠴᠦᠲᠡᠢ ᠲᠤᠯᠭᠠᠭᠤᠷᠢᠯᠠᠯ ᠬᠠᠩᠭᠠᠵᠤ ᠂ ᠬᠦᠴᠦᠷᠬᠡᠭ ᠶᠡᠭᠡ | ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ ᠂ ᠰᠢᠨᠵᠢᠯᠡᠬᠦ | ᠤᠬᠠᠭᠠᠨ ᠲᠦ᠋ᠭᠨᠢᠭ ᠮᠡᠷᠭᠡᠵᠢᠯ ᠤᠨ ᠡᠬᠢ ᠪᠠᠶᠠᠯᠢᠭ ᠪᠠ ᠬᠦᠴᠦᠨ ᠴᠢᠳᠠᠯ ᠢ ᠨᠢᠭᠡᠳᠦᠯᠲᠡᠢ ᠲᠥᠯᠥᠪᠵᠢᠭᠦᠯᠦᠨ ᠪᠠᠶᠢᠷᠢᠰᠢᠭᠤᠯᠬᠤ ᠬᠡᠷᠡᠭᠲᠡᠢ ᠃ ᠬᠥᠭᠵᠢᠯᠲᠡ ᠶᠢᠨ ᠪᠠᠴᠢᠮ | ᠬᠡᠷᠡᠭᠴᠡᠭᠡ ᠲᠠᠢ ᠨᠢᠭᠲᠠ ᠤᠶᠠᠯᠳᠤᠭᠤᠯᠤᠨ ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠡᠷᠬᠡ ᠰᠡᠳᠦᠪ ᠢ ᠰᠢᠢᠳᠪᠦᠷᠢᠯᠡᠬᠦ ᠪᠠ ᠦᠷ᠎ᠡ ᠪᠦᠲᠦᠭᠡᠯ ᠢ ᠣᠨᠳᠣᠣᠰᠢᠭᠤᠯᠬᠤ | ᠡᠷᠴᠢᠮ ᠢᠶᠠᠨ ᠴᠢᠩᠭᠠᠷᠠᠭᠤᠯᠵᠤ ᠂ ᠢᠯᠡᠭᠦᠬᠡᠨ ᠦᠷ᠎ᠡ ᠪᠦᠲᠦᠭᠡᠯ ᠭᠠᠷᠭᠠᠵᠤ ᠂ ᠲᠦᠷᠭᠡᠨ ᠦᠷ᠎ᠡ ᠪᠦᠲᠦᠭᠡᠯ ᠭᠠᠷᠭᠠᠵᠤ ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ | ᠰᠢᠨ᠎ᠡ ᠡᠭᠦᠳᠦᠯᠲᠡ ᠬᠢᠭᠡᠳ ᠠᠵᠤ ᠦᠢᠯᠡᠰ ᠤᠨ ᠰᠢᠨ᠎ᠡ ᠡᠭᠦᠳᠦᠯᠲᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ ᠃ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠦᠨᠳᠦᠰᠦᠨ ᠠᠴᠠ ᠨᠢ ᠰᠢᠢᠳᠪᠦᠷᠢᠯᠡᠬᠦ ᠠᠷᠭ᠎ᠠ ᠪᠠᠷ ᠪᠠᠶᠢᠭᠤᠯᠤᠮᠵᠢ ᠲᠣᠭᠲᠠᠴᠠ ᠶᠢᠨ | ᠬᠠᠷᠰᠢ ᠰᠠᠭᠠᠳ ᠢ ᠠᠷᠢᠯᠭᠠᠵᠤ ᠂ ᠡᠯ᠎ᠡ ᠲᠠᠯ᠎ᠠ ᠶᠢᠨ ᠰᠢᠨ᠎ᠡ ᠶᠢ ᠡᠭᠦᠳᠬᠦ ᠲᠠᠯᠳᠠ ᠬᠦᠴᠦᠨ ᠢ ᠭᠦᠢᠴᠡᠳ ᠬᠥᠭᠵᠢᠭᠡᠬᠦ ᠬᠡᠷᠡᠭᠲᠡᠢ ᠃ ᠳᠠᠪᠠᠭᠤᠯᠢᠭ ᠬᠦᠷᠢᠶᠡᠨ ᠳᠤ | ᠠᠩᠬᠠᠷᠤᠯ ᠢᠶᠠᠨ ᠲᠥᠪᠯᠡᠷᠡᠭᠦᠯᠵᠦ ᠂ ᠡᠯ᠎ᠡ ᠲᠦᠷᠦᠯ ᠤᠨ ᠰᠢᠨ᠎ᠡ ᠶᠢ ᠡᠭᠦᠳᠬᠦ ᠲᠠᠪᠴᠠᠩ ᠢ ᠰᠠᠶᠢᠲᠤᠷ ᠪᠠᠶᠢᠭᠤᠯᠵᠤ ᠰᠠᠶᠢᠲᠤᠷ ᠬᠥᠭᠵᠢᠭᠦᠯᠬᠦ ᠬᠡᠷᠡᠭᠲᠡᠢ ᠃ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠠᠵᠢᠯ ᠢ ᠴᠢᠩᠭᠠᠳᠬᠠᠵᠤ ᠂ ᠪᠦᠭᠦ ᠨᠡᠶᠢᠭᠡᠮ ᠤᠨ ᠰᠢᠨᠵᠢᠯᠡᠬᠦ ᠤᠬᠠᠭᠠᠨ ᠰᠣᠶᠣᠯ ᠤᠨ ᠬᠡᠪ ᠴᠢᠨᠠᠷ ᠢ ᠳᠡᠭᠡᠭᠰᠢᠯᠡᠭᠦᠯᠭᠦ ᠬᠡᠷᠡᠭᠲᠡᠢ ᠭᠡᠵᠦ | ᠵᠢᠭᠠᠵᠤ ᠭᠠᠷᠭᠠᠪᠠ ᠃ | ᠬᠤᠷᠠᠯ ᠠᠴᠠ 6 ᠰᠠᠷ᠎ᠠ ᠶᠢᠨ 27 ᠤ ᠡᠳᠦᠷ ᠤᠨ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ ᠂ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠥᠭᠡᠷᠡᠴᠢᠯᠡᠯᠲᠡ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠶᠢ ᠴᠢᠨᠠᠭᠰᠢᠳᠠ | ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠰᠡᠳᠬᠢᠴᠡ ᠠᠷᠭ᠎ᠠ ᠬᠡᠮᠵᠢᠶ᠎ᠡ ᠶᠢ ᠰᠠᠶᠢᠲᠤᠷ ᠲᠥᠯᠥᠪᠵᠢᠭᠦᠯᠵᠦ ᠂ ᠰᠠᠶᠢᠲᠤᠷ ᠬᠡᠷᠡᠭᠵᠢᠭᠦᠯᠬᠦ ᠬᠡᠷᠡᠭᠲᠡᠢ ᠃ ᠣᠨᠴᠠᠭᠠᠶᠢᠯᠠᠨ | ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠳᠣᠪᠤᠶᠢᠯᠭᠠᠵᠤ ᠂ ᠠᠵᠢᠯ ᠤᠨ ᠨᠢᠭᠡᠳᠦᠯᠲᠡᠢ ᠲᠥᠯᠦᠪᠵᠢᠭᠦᠯᠭᠡ ᠶᠢ ᠴᠢᠩᠭᠠᠳᠬᠠᠵᠤ ᠂ ᠥᠭᠡᠷᠡᠴᠢᠯᠡᠯᠲᠡ ᠶᠢᠨ | ᠴᠢᠭᠯᠡᠭᠦᠯᠦᠯᠲᠦ ᠴᠢᠨᠠᠷ ᠪᠠ ᠰᠢᠰᠲ᠋ᠧᠮᠲᠦ ᠴᠢᠨᠠᠷ ᠢ ᠴᠢᠩᠭᠠᠳᠬᠠᠵᠤ ᠂ ᠪᠠᠶᠢᠭᠤᠯᠤᠮᠵᠢ ᠲᠣᠭᠲᠠᠴᠠ ᠠᠴᠠ ᠭᠠᠷᠳᠠᠵᠤ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ | ᠪᠠᠶᠢᠭ᠎ᠠ ᠡᠯ᠎ᠡ ᠵᠦᠢᠯ ᠤᠨ ᠪᠣᠭᠤᠮᠢ ᠶᠢ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠳᠤ ᠰᠢᠨᠵᠢᠯᠡᠨ | ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠨᠢ ᠥᠪᠥᠷ ᠮᠣᠩᠭᠤᠯ ᠤᠨ ᠠᠵᠢᠯ ᠢ ᠰᠠᠶᠢᠲᠤᠷ ᠬᠢᠬᠦ ᠳᠤ ᠴᠢᠬᠤᠯᠠ ᠵᠢᠯᠤᠭᠤᠳᠬᠤ ᠠᠴᠢ | ᠬᠤᠯᠪᠣᠭᠳᠠᠯ ᠲᠠᠢ ᠶᠤᠮ ᠂ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ | ᠠᠳᠬᠤᠬᠤ ᠬᠡᠷᠡᠭᠲᠡᠢ ᠃ ︽ ᠬᠤᠶᠠᠷ ᠰᠠᠭᠤᠷᠢᠨ ︾ ᠤ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ ᠂ ᠰᠢᠨ᠎ᠡ ᠡᠨᠧᠷᠭᠢ ᠂ ᠬᠤᠪᠣᠷ ᠰᠢᠷᠣᠢ ᠂ ᠮᠠᠯ ᠠᠵᠤ ᠠᠬᠤᠢ | ᠲᠠᠷᠢᠶᠠᠯᠠᠩ ᠵᠡᠷᠭᠡ ᠳᠠᠪᠠᠭᠤᠯᠢᠭ ᠠᠵᠤ ᠦᠢᠯᠡᠰ ᠤᠨ ᠨᠠᠷᠢᠯᠢᠭ ᠠᠷᠠᠴᠢᠯᠠᠵᠤ ᠨᠠᠷᠢᠯᠢᠭ ᠲᠠᠷᠢᠬᠤ ᠳᠤ ᠠᠩᠬᠠᠷᠤᠯ ᠢᠶᠠᠨ ᠲᠥᠪᠯᠡᠷᠡᠭᠦᠯᠵᠦ ᠂ ᠳᠠᠪᠠᠭᠤᠯᠢᠭ ᠢᠶᠠᠨ ᠨᠠᠩ | ᠰᠠᠶᠢᠨ ᠳᠠᠪᠲᠠᠨ ᠪᠤᠯᠪᠠᠰᠤᠷᠠᠭᠤᠯᠬᠤ ᠪᠠᠷ ᠴᠢᠷᠮᠠᠶᠢᠬᠤ ᠬᠡᠷᠡᠭᠲᠡᠢ ᠃ ᠣᠷᠣᠨ ᠨᠤᠲᠤᠭ ᠤᠨ ᠣᠨᠴᠠᠯᠢᠭ ᠲᠠᠢ ᠂ ᠪᠣᠳᠠᠲᠠᠢ ᠬᠥᠭᠵᠢᠯᠲᠡ ᠳᠤ ᠬᠡᠷᠡᠭᠰᠡᠬᠦ | ᠥᠭᠡᠷᠡᠴᠢᠯᠡᠯᠲᠡ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠨ ᠠᠬᠢᠭᠤᠯᠵᠤ ᠂ ᠭᠠᠵᠠᠷ ᠰᠢᠷᠣᠢ ᠂ ᠴᠠᠭᠢᠯᠭᠠᠨ ᠬᠦᠴᠦᠨ ᠂ ᠦᠨ᠎ᠡ ᠬᠠᠩᠰᠢ ᠂ ᠨᠥᠬᠦᠪᠦᠷᠢ ᠣᠯᠭᠤᠬᠤ | ᠵᠡᠷᠭᠡ ᠲᠠᠯ᠎ᠠ ᠶᠢᠨ ᠪᠣᠳᠠᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠬᠢᠨᠠᠮᠠᠭᠠᠢ ᠰᠤᠳᠤᠯᠬᠤ ᠬᠡᠷᠡᠭᠲᠡᠢ ᠃ ᠬᠠᠶᠢᠷ᠎ᠠ ᠬᠠᠯᠠᠮᠵᠢ ᠶᠢᠨ ᠢᠨᠵᠧᠨᠧᠷᠢᠩ ᠢ ᠨᠠᠷᠢᠨ | ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠠᠷᠠᠳ ᠤᠨ ᠠᠮᠢᠳᠤᠷᠠᠯ ᠤᠨ ᠡᠯ᠎ᠡ ᠵᠦᠢᠯ ᠤᠨ ᠪᠣᠳᠠᠲᠤ ᠶᠠᠪᠤᠳᠠᠯ ᠢ ᠰᠡᠳᠬᠢᠯ ᠲᠠᠯᠪᠢᠨ ᠰᠠᠶᠢᠲᠤᠷ ᠬᠢᠵᠦ ᠂ ᠤᠯᠠᠨ | ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠪᠠᠶᠠᠷ ᠤᠨ ᠵᠠᠬᠢᠳᠠᠯ ᠂ ᠪᠠᠶᠠᠷ ᠤᠨ ᠴᠠᠭᠢᠯᠭᠠᠨ | ᠴᠢᠮᠡᠭᠡ ᠂ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠂ ᠳᠤᠮᠳᠠᠳᠤ | ᠠᠮᠧᠷᠢᠺᠠ ᠶᠢᠨ ᠠᠷᠠᠳ ᠤᠨ ᠰᠣᠯᠢᠯᠴᠠᠭ᠎ᠠ ᠶᠢ ᠠᠬᠢᠭᠤᠯᠬᠤ ᠂ ᠤᠯᠤᠰ ᠤᠨ ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠦᠢᠯᠡᠰ ᠲᠤ ᠦᠢᠯᠡᠴᠢᠯᠡᠭᠡ ᠪᠠᠲᠤᠯᠠᠭ᠎ᠠ | ᠬᠠᠩᠭᠠᠬᠤ ᠵᠡᠷᠭᠡ ᠲᠠᠯ᠎ᠠ ᠪᠠᠷ ᠱᠠᠭᠠᠷᠳᠠᠯᠭ᠎ᠠ ᠳᠤᠷᠠᠳᠴᠠᠢ ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃ | | |