| 6 ᠰᠠᠷ᠎ᠠ ᠶᠢᠨ 28 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ | ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠳᠡᠳ᠋ ᠲᠡᠷᠢᠭᠦᠯᠡᠭᠴᠢ ᠨᠠᠷ ᠂ ᠡᠯ᠎ᠡ ᠰᠠᠯᠠᠭ᠎ᠠ ᠮᠥᠴᠢᠷ ᠤᠨ ᠬᠢᠨ ᠠᠵᠢᠯ ᠢᠶᠠᠨ ᠬᠤᠪᠢᠶᠠᠷᠢᠯᠠᠨ ᠪᠣᠭᠤᠮᠲᠠ ᠰᠠᠬᠢᠵᠤ ᠂ | ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠵᠦ ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠡᠷᠡ ᠶᠣᠰᠣᠭᠠᠷ ᠨᠢ ᠰᠠᠶᠢᠲᠤᠷ ᠠᠳᠬᠤᠬᠤ ᠬᠡᠷᠡᠭᠲᠡᠢ ᠃ | ᠨᠠᠮ ᠪᠠ ᠴᠡᠷᠢᠭ ᠠᠩᠭᠢ ᠶᠢᠨ ᠦᠢᠯᠡᠰ ᠲᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠠᠴᠠ ᠰᠤᠳᠤᠯᠤᠭᠰᠠᠨ ᠰᠠᠭᠤᠭ᠎ᠠ ᠴᠡᠷᠢᠭ ᠠᠩᠭᠢ ᠶᠢᠨ ᠰᠠᠨᠠᠯ ᠳᠤᠷᠠᠳᠤᠯᠭ᠎ᠠ ᠶᠢᠨ ᠠᠰᠠᠭᠤᠳᠠᠯ ᠢ ᠪᠦᠭᠦ ᠬᠦᠴᠦᠨ ᠢᠶᠠᠷ ᠢᠶᠠᠨ | ᠰᠠᠶᠢᠲᠤᠷ ᠰᠢᠢᠳᠪᠦᠷᠢᠯᠡᠵᠦ ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠂ ᠴᠡᠷᠢᠭ ᠤᠨ | ᠠᠯᠪᠠ ᠠᠴᠠ ᠬᠠᠯᠠᠭᠳᠠᠭᠰᠠᠳ ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠵᠡᠷᠭᠡ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠬᠦ ᠪᠠ ᠠᠵᠢᠯ ᠢ ᠨᠢᠭᠡᠳᠦᠯᠲᠡᠢ ᠲᠥᠯᠥᠪᠵᠢᠭᠦᠯᠬᠦ ᠶᠢ | ᠴᠢᠩᠭᠠᠳᠬᠠᠵᠤ ᠂ ᠡᠯ᠎ᠡ ᠲᠥᠷᠥᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠪᠴᠠᠩ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ ᠂ ᠶᠡᠭᠡ ᠳᠡᠭᠡᠳᠦ | ᠰᠤᠷᠭᠠᠭᠤᠯᠢ ᠂ ᠬᠦᠷᠢᠶᠡᠯᠡᠩ ᠭᠠᠵᠠᠷ ᠂ ᠠᠵᠤ ᠠᠬᠤᠶᠢᠯᠠᠯ ᠂ ᠨᠡᠶᠢᠭᠡᠮ ᠤᠨ ᠬᠦᠴᠦᠨ ᠢ ᠭᠦᠢᠴᠡᠳ ᠳᠠᠶᠢᠴᠢᠯᠠᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ | ᠪᠦᠰᠡᠯᠡᠯᠲᠡ ᠰᠢᠪᠲᠤᠯᠬᠤ ︾ ᠳᠤ ᠬᠦᠴᠦ ᠪᠠᠨ ᠲᠥᠪᠯᠡᠷᠡᠭᠦᠯᠬᠦ ᠬᠡᠷᠡᠭᠲᠡᠢ ᠃ ᠳᠡᠭᠡᠷ᠎ᠡ ᠬᠠᠭᠠᠰ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ | ᠨᠠᠷᠢᠨ ᠬᠢᠨᠠᠮᠠᠭᠠᠢ ᠳ᠋ᠦᠩᠨᠡᠵᠦ ᠂ ᠳᠣᠣᠷ᠎ᠠ ᠬᠠᠭᠠᠰ ᠵᠢᠯ ᠤᠨ ᠠᠵᠢᠯ ᠢ ᠰᠠᠶᠢᠲᠤᠷ ᠲᠥᠯᠥᠪᠵᠢᠭᠦᠯᠵᠦ ᠂ ᠪᠦᠭᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ | ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ ᠃ | ᠬᠤᠷᠠᠯ ᠠᠴᠠ ᠶᠡᠭᠡ ᠬᠡᠪᠴᠢᠶᠡᠨ ᠤ ᠲᠤᠨᠤᠭ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ ᠂ ᠠᠵᠢᠯ ᠲᠦᠷᠦᠯ ᠤᠨ ᠬᠦᠷᠢᠶ᠎ᠡ ᠬᠡᠪᠴᠢᠶ᠎ᠡ ᠶᠣᠰᠣᠭᠠᠷ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ ᠂ ᠡᠳ᠋ ᠤᠨ | ᠵᠠᠰᠠᠭ ᠂ ᠢᠲᠡᠭᠡᠮᠵᠢᠲᠦ ᠵᠢᠭᠡᠯᠡᠯᠭᠡ ᠂ ᠳᠠᠮ ᠬᠦᠦ ᠮᠥᠩᠭᠦ ᠵᠡᠷᠭᠡ ᠲᠦᠷᠦ ᠶᠢᠨ ᠪᠣᠳᠣᠯᠭ᠎ᠠ ᠶᠢ ᠰᠠᠶᠢᠲᠤᠷ ᠰᠤᠳᠤᠯᠤᠨ ᠬᠡᠷᠡᠭᠯᠡᠵᠦ ᠂ ᠤᠯᠠᠨ ᠲᠦᠮᠡᠨ ᠤ ᠬᠡᠷᠡᠭᠯᠡᠭᠡ ᠶᠢᠨ | ᠬᠠᠲᠠᠭᠤ ᠲᠠᠯᠳᠡ ᠬᠦᠴᠦᠨ ᠢ ᠠᠭᠤᠳᠠᠯᠵᠤ ᠂ ᠠᠵᠤ ᠠᠬᠤᠶᠢᠯᠠᠯ ᠪᠣᠯᠣᠨ ᠤᠯᠠᠨ ᠲᠦᠮᠡᠨ ᠤ ᠢᠳᠡᠪᠬᠢᠵᠢᠯ ᠢ ᠭᠦᠢᠴᠡᠳ ᠳᠠᠶᠢᠴᠢᠯᠠᠬᠤ ᠬᠡᠷᠡᠭᠲᠡᠢ ᠃ ᠲᠦᠷᠦᠯ | ᠵᠦᠢᠯ ᠤᠨ ᠲᠥᠯᠦᠪᠵᠢᠭᠦᠯᠭᠡ ᠪᠠᠨ ᠴᠢᠩᠭᠠᠳᠬᠠᠵᠤ ᠂ ᠲᠦᠷᠦᠯ ᠵᠦᠢᠯ ᠤᠨ ᠨᠥᠭᠡᠴᠡ ᠬᠥᠮᠥᠷᠭᠡ ᠶᠢ ᠦᠷᠭᠦᠯᠵᠢᠯᠡᠨ ᠰᠢᠨᠡᠴᠢᠯᠡᠵᠦ ᠂ ᠠᠵᠤ ᠦᠢᠯᠡᠳᠪᠦᠷᠢ ᠶᠢᠨ | ᠬᠦᠷᠢᠶᠡᠨ ᠳᠠᠬᠢ ᠪᠡᠯᠡ ᠣᠷᠣᠭᠤᠯᠤᠯᠲᠠ ᠶᠢ ᠥᠷᠭᠡᠳᠬᠡᠵᠦ ᠂ ᠣᠷᠣᠨ ᠨᠤᠲᠤᠭ ᠤᠨ ᠪᠠ ᠠᠵᠢᠯ ᠲᠦᠷᠦᠯ ᠤᠨ ᠪᠠᠷᠢᠮᠵᠢᠶ᠎ᠠ ᠶᠢ ᠰᠠᠶᠢᠲᠤᠷ ᠲᠣᠭᠲᠠᠭᠠᠵᠤ ᠵᠠᠰᠠᠪᠤᠷᠢ | ᠣᠷᠣᠭᠤᠯᠬᠤ ᠬᠡᠷᠡᠭᠲᠡᠢ ᠃ ᠪᠦᠭᠦ ᠤᠯᠤᠰ ᠤᠨ ᠵᠠᠬ᠎ᠠ ᠳᠡᠯᠭᠡᠭᠦᠷ ᠤᠨ ᠠᠵᠠ ᠲᠣᠭᠢᠶᠠᠯ ᠢ ᠰᠠᠶᠢᠲᠤᠷ ᠡᠵᠡᠮᠳᠡᠵᠦ ᠂ ᠲᠣᠭᠲᠠᠮᠠᠯ ᠰᠣᠷᠢᠨᠵᠢᠨᠲᠤ ᠴᠠᠭᠢᠯᠭᠠᠨ ᠮᠠᠰᠢᠨ ᠂ | ᠰᠠᠯᠬᠢᠨ ᠬᠦᠴᠦᠨ ᠢᠶᠠᠷ ᠴᠠᠭᠢᠯᠭᠠᠨ ᠭᠠᠷᠭᠠᠬᠤ ᠭᠡᠷᠡᠯᠴᠢ ᠴᠡᠨᠡᠭ ᠤᠨ ᠲᠣᠨᠣᠭᠯᠠᠯ ᠵᠡᠷᠭᠡ ᠳᠠᠪᠠᠭᠤᠯᠢᠭ ᠦᠢᠯᠡᠳᠬᠦᠨ ᠤ ᠵᠠᠬ᠎ᠠ ᠳᠡᠯᠭᠡᠭᠦᠷ ᠢᠶᠠᠨ ᠥᠷᠭᠡᠳᠬᠡᠬᠦ ᠶᠢ | ᠠᠬᠢᠭᠤᠯᠬᠤ ᠬᠡᠷᠡᠭᠲᠡᠢ ᠃ ᠦᠢᠯᠡᠳᠪᠦᠷᠢᠯᠡᠯ ᠠᠮᠢᠳᠤᠷᠠᠯ ᠤᠨ ᠠᠮᠤᠷ ᠲᠦᠪᠰᠢᠨ ᠳᠤ ᠬᠤᠯᠪᠣᠭᠳᠠᠬᠤ ᠲᠥᠬᠦᠭᠡᠷᠦᠮᠵᠢ ᠶᠢᠨ ᠰᠢᠨᠡᠴᠢᠯᠡᠯᠲᠡ ᠶᠢ ᠠᠬᠢᠭᠤᠯᠬᠤ ᠡᠷᠴᠢᠮ ᠢᠶᠠᠨ | ᠴᠢᠩᠭᠠᠷᠠᠭᠤᠯᠵᠤ ᠂ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠲᠥᠰᠥᠯ ᠢ ᠰᠤᠳᠤᠯᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠱᠠᠭᠠᠷᠳᠠᠯᠭ᠎ᠠ | ᠶᠣᠰᠣᠭᠠᠷ ᠂ ᠲᠣᠭᠲᠠᠴᠠ ᠪᠠᠶᠢᠭᠤᠯᠵᠤ ᠂ ᠨᠢᠭᠡ ᠠᠴᠠ ᠵᠦᠢᠴᠢᠯᠡᠨ ᠨᠥᠭᠦᠭᠡ ᠶᠢ ᠮᠡᠳᠡᠵᠦ ᠂ ᠴᠢᠩᠭ᠎ᠠ ᠠᠳᠬᠤᠨ ᠪᠣᠳᠠᠲᠠᠢ ᠠᠳᠬᠤᠵᠤ ᠂ ᠭᠦᠨᠵᠡᠭᠡᠢ ᠨᠠᠷᠢᠯᠢᠭ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ ᠂ ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ ᠂ ᠠᠰᠠᠭᠤᠳᠠᠯ ᠢ ᠢᠯᠡᠷᠡᠭᠦᠯᠪᠡᠯ ᠴᠠᠭ ᠲᠤᠬᠠᠢ ᠳᠤᠨᠢ | ᠰᠢᠢᠳᠪᠦᠷᠢᠯᠡᠬᠦ ᠬᠡᠷᠡᠭᠲᠡᠢ ᠂ ᠨᠠᠶᠢᠳᠠᠪᠤᠷᠢᠵᠢᠭᠤᠯᠤᠭᠰᠠᠨ ᠨᠢ ᠪᠣᠳᠠᠲᠠᠢ ᠪᠢᠰᠢ ᠂ ᠴᠠᠭᠠᠰᠤᠨ ᠳᠡᠭᠡᠷ᠎ᠡ ᠴᠡᠭᠴᠡᠯᠡᠨ ᠰᠠᠶᠢᠵᠢᠷᠠᠭᠤᠯᠬᠤ ᠂ ᠬᠤᠳᠠᠯ ᠬᠠᠭᠤᠷᠮᠠᠭ ᠢᠶᠠᠷ | ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠢ ᠶᠠᠭᠠᠬᠢᠭᠰᠠᠨ ᠴᠤ ᠭᠠᠷᠭᠠᠵᠤ ᠪᠤᠯᠬᠤ ᠦᠭᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠪᠠᠰᠠ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠲᠥᠷᠥᠯ ᠵᠦᠢᠯ ᠢ ᠵᠢᠷᠤᠮᠵᠢᠭᠤᠯᠬᠤ ᠲᠤᠬᠠᠢ ᠬᠡᠷᠡᠭᠵᠢᠭᠦᠯᠬᠦ | ᠰᠠᠨᠠᠯ ᠢ ᠬᠢᠨᠠᠨ ᠵᠥᠪᠯᠡᠵᠦ ᠪᠠᠲᠤᠯᠠᠨ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠬᠤ ᠂ ᠰᠢᠨ᠎ᠡ ᠶᠢ ᠡᠭᠦᠳᠬᠦ | ᠭᠡᠯᠪᠡᠷᠢ ᠶᠢᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠲᠤᠬᠠᠢ ᠬᠡᠷᠡᠭᠵᠢᠭᠦᠯᠬᠦ ᠰᠠᠨᠠᠯ ᠢ ᠰᠤᠳᠤᠯᠪᠠ ᠃ | | |