ᠪᠦᠬᠦ ᠣᠷᠣᠨ ᠤ 1.29 ᠲᠦᠮᠡᠨ ᠠᠬᠠᠮᠠᠳ ᠨᠠᠮ ᠤᠨ ᠭᠡᠰᠢᠭᠦᠨ ︽ᠨᠠᠮ ᠤᠨ ᠭᠡᠰᠢᠭᠦᠨ ᠪᠣᠯᠣᠭᠰᠠᠨ ᠢᠷᠠᠭᠤ ᠠᠯᠳᠠᠷᠲᠤ 50 ᠵᠢᠯ︾ ᠤᠨ ᠳᠤᠷᠠᠰᠬᠠᠯ ᠤᠨ ᠲᠡᠮᠳᠡᠭ ᠬᠦᠷᠲᠡᠯ᠎ᠡ
ᠨᠡᠶᠢᠲᠡᠯᠡᠭᠰᠡᠨ ᠴᠠᠭ᠄
2024/7/2
    ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠣᠢ ᠶᠢᠨ ᠲᠠᠰᠢᠷᠠᠮ ᠢᠶᠠᠷ ᠂ ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠬᠤᠷᠠᠯ ᠬᠢᠬᠦ ᠂ ᠶᠣᠰᠣᠯᠠᠯ ᠶᠠᠪᠤᠭᠳᠠᠭᠤᠯᠬᠤ ᠂ ᠭᠡᠷ ᠲᠤᠨᠢ ᠬᠦᠷᠴᠦ ᠰᠣᠷᠪᠣᠯᠵᠢᠯᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠨᠠᠮ ᠳᠤ ᠡᠯᠰᠡᠭᠳᠡᠭᠡᠳ 50 ᠵᠢᠯ ᠪᠣᠯᠵᠤ ᠂ ᠢᠮᠠᠭᠲᠠ ᠢᠯᠡᠷᠡᠯ ᠰᠠᠶᠢᠲᠠᠢ 1.29 ᠲᠦᠮᠡᠨ ᠠᠬᠠᠮᠠᠳ ᠨᠠᠮ ᠤᠨ ᠭᠡᠰᠢᠭᠦᠨ ᠳᠤ ︽ ᠨᠠᠮ ᠤᠨ ᠭᠡᠰᠢᠭᠦᠨ ᠪᠣᠯᠣᠭᠰᠠᠨ ᠢᠷᠡᠭᠤ ᠠᠯᠳᠠᠷᠲᠤ 50 ᠵᠢᠯ ︾ ᠤᠨ ᠳᠤᠷᠠᠰᠬᠠᠯ ᠤᠨ ᠲᠡᠮᠳᠡᠭ ᠣᠯᠭᠤᠪᠠ ᠃    ᠳᠤᠷᠠᠰᠬᠠᠯ ᠤᠨ ᠲᠡᠮᠳᠡᠭ ᠬᠦᠷᠲᠡᠭᠰᠡᠨ ᠠᠬᠠᠮᠠᠳ ᠨᠠᠮ ᠤᠨ ᠭᠡᠰᠢᠭᠦᠳ ᠂ ︽ ᠨᠠᠮ ᠤᠨ ᠭᠡᠰᠢᠭᠦᠨ ᠪᠣᠯᠣᠭᠰᠠᠨ ᠢᠷᠡᠭᠤ ᠠᠯᠳᠠᠷᠲᠤ 50 ᠵᠢᠯ ︾ ᠤᠨ ᠳᠤᠷᠠᠰᠬᠠᠯ ᠤᠨ ᠲᠡᠮᠳᠡᠭ ᠨᠢ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠠᠬᠠᠮᠠᠳ ᠨᠠᠮ ᠤᠨ ᠭᠡᠰᠢᠭᠦᠨ ᠳᠤ ᠥᠭᠭᠦᠭᠰᠡᠨ ᠬᠠᠶᠢᠷ᠎ᠠ ᠬᠠᠯᠠᠮᠵᠢ ᠶᠢ ᠳᠠᠮᠵᠢᠭᠤᠯᠵᠠᠢ ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠡᠨ ᠰᠤᠷᠤᠯᠴᠠᠵᠤ ᠂ ᠬᠦᠰᠡᠯ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ ᠂ ᠨᠠᠮ ᠳᠤ ᠣᠷᠣᠬᠤ ᠲᠠᠩᠭᠠᠷᠢᠭ ᠢᠶᠠᠨ ᠦᠯᠦ ᠮᠠᠷᠲᠠᠵᠤ ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ ᠂ ᠡᠷᠡᠰ ᠭᠤᠶᠢᠪᠢᠰᠢ ᠦᠭᠡᠢ ᠪᠠᠷ ᠨᠠᠮ ᠤᠨ ᠠᠴᠢ ᠳᠤ ᠲᠠᠯᠠᠷᠬᠠᠵᠤ ᠂ ᠨᠠᠮ ᠤᠨ ᠦᠭᠡ ᠶᠢ ᠰᠣᠨᠣᠰᠴᠤ ᠂ ᠨᠠᠮ ᠢᠶᠠᠨ ᠳᠠᠭᠠᠵᠤ ᠂ ᠪᠤᠲᠠᠲᠤ ᠠᠵᠢᠯᠯᠠᠭ᠎ᠠ ᠪᠠᠷ ᠢᠶᠠᠨ ︽ ᠳᠣᠯᠣᠭᠠᠨ ᠲᠠᠯ᠎ᠠ ᠪᠠᠷ ᠵᠢᠱᠢᠶᠡᠴᠢ ᠪᠣᠯᠬᠤ ︾ ᠶᠢ ᠦᠢᠯᠡᠳᠦᠯᠭᠡᠵᠢᠭᠦᠯᠵᠦ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠠᠬᠢᠴᠠ ᠳᠤᠮᠳᠠ ᠦᠷᠭᠦᠯᠵᠢᠯᠡᠨ ᠭᠡᠷᠡᠯ ᠭᠢᠯᠪᠠᠭ᠎ᠠ ᠨᠡᠮᠡᠷᠢᠯᠡᠨ᠎ᠡ ᠭᠡᠵᠦ ᠢᠯᠡᠳᠬᠡᠪᠡ ᠃   
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ