| ︽ 7.1 ︾ ᠤ ᠡᠮᠦᠨᠡᠬᠡᠨ ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠣᠶ ᠬᠦᠷᠴᠤ ᠢᠷᠡᠬᠦ ᠳᠠᠰᠢᠷᠠᠮ ᠢᠶᠠᠷ ᠂ ᠬᠤᠲᠠ ᠶᠢᠨ | ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠤ᠋ ᠰᠢᠨ ᠶᠠ ᠂ ᠬᠤᠰᠢᠭᠤᠨ ᠨᠠᠮ ᠤᠨ ᠬᠤᠷᠢᠶ᠎ᠠ ᠶᠢᠨ | ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠳᠠᠷᠤᠭ᠎ᠠ ᠸᠠᠩ ᠭᠦᠸᠧ ᠴᠢᠤᠸᠠᠨ ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠦ ᠵᠠᠨ ᠴᠢᠩ ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠢᠶᠠ ᠭᠤᠸᠠᠩ ᠬᠤᠸᠠ ᠵᠡᠷᠭᠡ | ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠨᠠᠷ ᠠᠬᠠᠮᠠᠳ ᠨᠠᠮ ᠤᠨ ᠭᠡᠰᠢᠭᠦᠨ ᠂ ᠠᠮᠢᠳᠤᠷᠠᠯ ᠨᠢ ᠬᠦᠴᠢᠷᠳᠡᠯᠲᠡᠢ ᠨᠠᠮ ᠤᠨ ᠭᠡᠰᠢᠭᠦᠨ ᠂ ᠨᠠᠮ ᠤᠨ | ᠳᠣᠲᠣᠭᠠᠳᠤ ᠶᠢᠨ ᠭᠠᠪᠢᠶ᠎ᠠ ᠵᠢᠳᠬᠦᠯ ᠤᠨ ᠢᠷᠠᠭᠤ ᠠᠯᠳᠠᠷ ᠬᠦᠷᠲᠡᠭᠴᠢ ᠪᠠ ᠭᠠᠴᠠᠭ᠎ᠠ ᠲᠣᠰᠬᠤᠨ ᠤ ᠠᠬᠠᠮᠠᠳ ᠭᠤᠣᠯᠯᠠᠭᠴᠢ ᠬᠦᠴᠦᠨ ᠢ ᠪᠣᠯᠭᠤᠭᠠᠨ | ᠲᠣᠬᠤᠨᠢᠭᠤᠯᠵᠤ ᠂ ᠲᠡᠳᠡᠨ ᠳᠤ ᠨᠠᠮ ᠤᠨ ᠬᠠᠯᠠᠮᠵᠢᠯᠠᠯ ᠪᠠ ᠪᠠᠶᠠᠷ ᠤᠨ ᠡᠳᠦᠷ ᠤᠨ ᠵᠥᠩᠨᠡᠯ ᠳᠡᠪᠰᠢᠭᠦᠯᠵᠦ ᠂ ᠲᠡᠳᠡᠨ ᠳᠤ ᠳᠣᠲᠣᠨᠣ ᠮᠡᠨᠳᠦᠴᠢᠯᠡᠯ ᠪᠠ ᠡᠷᠬᠢᠮ ᠳᠡᠭᠡᠳᠦ | ᠬᠦᠨᠳᠦᠳᠬᠡᠯ ᠳᠡᠪᠰᠢᠭᠦᠯᠪᠡ ᠃ | | ᠵᠢᠷᠤᠭ ᠄ 6 ᠰᠠᠷ᠎ᠠ ᠶᠢᠨ 30 ᠤ ᠡᠳᠦᠷ ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠂ ᠬᠤᠰᠢᠭᠤᠨ ᠤ ᠨᠠᠮ ᠤᠨ ᠬᠤᠷᠢᠶᠠᠨ ᠤ | ᠱᠦᠵᠢ ᠰᠤ᠋ ᠰᠢᠨ ᠶᠠ ᠠᠬᠠᠮᠠᠳ ᠨᠠᠮ ᠤᠨ ᠭᠡᠰᠢᠭᠦᠨ ᠂ ᠠᠬᠠᠮᠠᠳ ᠺᠠᠳ᠋ᠷ ᠵᠠᠩ ᠱᠢ ᠵᠢᠶᠧ ᠶᠢ ᠪᠣᠯᠭᠤᠭᠠᠨ ᠲᠣᠬᠤᠨᠢᠭᠤᠯᠪᠠ ᠃ ᠶᠤᠸᠠᠢ ᠴᠧᠨ ᠶᠠᠨ ᠰᠡᠭᠦᠳᠡᠷᠯᠡᠪᠡ | | ᠵᠢᠷᠤᠭ ᠄ 6 ᠰᠠᠷ᠎ᠠ ᠶᠢᠨ 27 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠳᠠᠷᠤᠭ᠎ᠠ ᠸᠠᠩ | ᠭᠦᠸᠧ ᠴᠢᠦᠸᠠᠨ ᠠᠬᠠᠮᠠᠳ ᠨᠠᠮ ᠤᠨ ᠭᠡᠰᠢᠭᠦᠨ ᠂ ᠠᠬᠠᠮᠠᠳ ᠺᠠᠳ᠋ᠷ ᠬᠤᠸᠠᠩ ᠺᠧ ᠮᠢᠩ ᠢ ᠪᠣᠯᠭᠤᠭᠠᠨ ᠲᠣᠬᠤᠨᠢᠭᠤᠯᠪᠠ ᠃ ᠾᠧ ᠽᠢ ᠯᠦᠩ ᠰᠡᠭᠦᠳᠡᠷᠯᠡᠪᠡ | | ᠵᠢᠷᠤᠭ ᠄ 7 ᠰᠠᠷ᠎ᠠ ᠶᠢᠨ 1 ᠤ ᠡᠳᠦᠷ ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠦ | ᠵᠠᠨ ᠴᠢᠩ ᠠᠬᠠᠮᠠᠳ ᠨᠠᠮ ᠤᠨ ᠭᠡᠰᠢᠭᠦᠨ ᠂ ᠬᠦᠴᠢᠷᠳᠡᠯᠳᠡᠢ ᠨᠠᠮ ᠤᠨ ᠭᠡᠰᠢᠭᠦᠨ ᠯᠢ ᠷᠦ ᠱᠠᠨ ᠢ ᠪᠣᠯᠭᠤᠭᠠᠨ ᠲᠣᠬᠤᠨᠢᠭᠤᠯᠪᠠ ᠃ ᠼᠦᠢ ᠺᠠᠢ ᠰᠡᠭᠦᠳᠡᠷᠯᠡᠪᠡ | | ᠵᠢᠷᠤᠭ ᠄ 6 ᠰᠠᠷ᠎ᠠ ᠶᠢᠨ 30 ᠤ ᠡᠳᠦᠷ ᠂ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠢᠶᠠ ᠭᠤᠸᠠᠩ ᠬᠤᠸᠠ ᠪᠤᠷᠤᠳᠤᠬᠤᠢ | ᠰᠤᠮᠤ ᠶᠢᠨ ᠬᠤᠸᠠ ᠵᠢᠶᠠᠨ ᠲᠣᠰᠬᠤᠨ ᠤ ᠶᠠᠳᠠᠭᠤ ᠬᠦᠴᠢᠷᠳᠡᠯᠲᠡᠢ ᠨᠠᠮ ᠤᠨ ᠭᠡᠰᠢᠭᠦᠨ ᠸᠠᠩ ᠰᠦᠸᠧ ᠶᠢ ᠪᠣᠯᠭᠤᠭᠠᠨ ᠲᠣᠬᠤᠨᠢᠭᠤᠯᠪᠠ᠃ ᠸᠠᠩ ᠯᠢ ᠰᠢᠶᠠ | ᠰᠡᠭᠦᠳᠡᠷᠯᠡᠪᠡ | ᠪᠤᠯᠭᠤᠭᠠᠨ ᠲᠣᠬᠤᠨᠢᠭᠤᠯᠬᠤ ᠶᠠᠪᠤᠴᠠ ᠳᠤ ᠂ ᠬᠤᠰᠢᠭᠤᠨ ᠤ ᠤᠳᠤᠷᠢᠳᠤᠯᠭ᠎ᠠ ᠨᠠᠷ ᠨᠠᠮ ᠤᠨ ᠭᠡᠰᠢᠭᠦᠨ ᠤ ᠭᠡᠷ ᠪᠦᠯᠢ ᠂ ᠠᠵᠢᠯ ᠤᠨ ᠡᠮᠦᠨ᠎ᠡ ᠹᠷᠣᠨᠲ ᠲᠤ | ᠭᠦᠨᠵᠡᠭᠡᠶᠢᠷᠡᠵᠦ ᠂ ᠲᠡᠳᠡᠨ ᠲᠠᠢ ᠳᠣᠲᠣᠨᠣ ᠪᠠᠷ ᠶᠠᠷᠢᠯᠴᠠᠵᠤ ᠂ ᠨᠠᠮ ᠤᠨ ᠭᠡᠰᠢᠭᠦᠨ ᠤ ᠭᠡᠷ ᠪᠦᠯᠢ ᠶᠢᠨ ᠪᠠᠶᠢᠳᠠᠯ ᠂ ᠪᠡᠶ᠎ᠡ ᠮᠠᠬᠠᠪᠤᠳ ᠤᠨ ᠪᠠᠶᠢᠳᠠᠯ ᠵᠢᠴᠢ | ᠠᠮᠢᠳᠤᠷᠠᠯ ᠤᠨ ᠳᠤᠮᠳᠠ ᠲᠤᠯᠭᠠᠷᠠᠵᠤ ᠪᠠᠶᠢᠭ᠎ᠠ ᠬᠦᠴᠢᠷᠳᠡᠯ ᠢ ᠨᠢ ᠨᠠᠷᠢᠨ ᠠᠰᠠᠭᠤᠵᠤ ᠂ ᠲᠡᠳᠡᠨ ᠤ ᠵᠡᠭᠦᠨᠭᠠᠷ ᠬᠤᠰᠢᠭᠤᠨ ᠤ ᠡᠯᠡᠲ᠋ᠦ᠋ᠷᠤᠯ ᠤᠨ ᠠᠵᠢᠯ ᠦᠢᠯᠡᠰ ᠤᠨ | ᠬᠥᠭᠵᠢᠯᠲᠡ ᠶᠢᠨ ᠲᠤᠬᠠᠢ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ ᠂ ᠲᠡᠳᠡᠨ ᠤ ᠣᠯᠠᠨ ᠵᠢᠯ ᠤᠨ ᠲᠤᠷᠰᠢ ᠪᠥᠬᠦ ᠬᠤᠰᠢᠭᠤᠨ ᠤ ᠠᠵᠤ ᠠᠬᠤᠢ | ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠯ ᠢᠶᠠᠨ ᠢᠯᠡᠳᠬᠡᠪᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢᠠᠬᠠᠮᠠᠳ | ᠨᠠᠮ ᠤᠨ ᠭᠡᠰᠢᠭᠦᠨ ᠢ ᠬᠦᠨᠳᠦᠳᠬᠡᠨ ᠬᠠᠶᠢᠷᠠᠯᠠᠬᠤ ᠂ ᠠᠮᠢᠳᠤᠷᠠᠯ ᠨᠢ ᠬᠦᠴᠢᠷᠳᠡᠯᠲᠡᠢ ᠨᠠᠮ ᠤᠨ ᠭᠡᠰᠢᠭᠦᠨ ᠢ ᠬᠠᠯᠠᠮᠵᠢᠯᠠᠨ ᠬᠠᠪᠰᠤᠷᠬᠤ ᠰᠠᠶᠢᠨ ᠰᠠᠶᠢᠬᠠᠨ ᠠᠭᠤᠷ | ᠠᠮᠢᠰᠬᠤᠯ ᠢ ᠢᠳᠡᠪᠬᠢᠲᠡᠢ ᠪᠤᠢ ᠪᠣᠯᠭᠠᠵᠤ ᠂ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠴᠢᠨᠠᠭᠰᠢᠳᠠ ᠰᠠᠶᠢᠲᠤᠷ ᠬᠢᠵᠦ ᠂ ᠰᠡᠳᠬᠢᠯ ᠲᠠᠯᠪᠢᠨ ᠬᠠᠶᠢᠷ᠎ᠠ | ᠰᠡᠳᠬᠢᠯᠭᠡ ᠪᠠᠷ ᠢᠶᠠᠨ ᠲᠡᠳᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠨ ᠦᠭᠴᠤ ᠂ ᠲᠡᠳᠡᠨ ᠳᠤ ᠴᠠᠭ ᠢᠮᠠᠭᠲᠠ ᠨᠠᠮ ᠤᠨ ᠬᠠᠶᠢᠷ᠎ᠠ ᠬᠠᠯᠠᠮᠵᠢ ᠶᠢ ᠬᠦᠷᠲᠡᠭᠡᠬᠦ | ᠬᠡᠷᠡᠭᠲᠡᠢ ᠭᠡᠵᠦ ᠵᠠᠬᠢᠪᠠ᠃ ᠪᠥᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠠᠬᠠᠮᠠᠳ ᠨᠠᠮ ᠤᠨ ᠭᠡᠰᠢᠭᠦᠨ ᠂ ᠨᠠᠮ ᠤᠨ | ᠳᠣᠲᠣᠭᠠᠳᠤ ᠶᠢᠨ ᠭᠠᠪᠢᠶ᠎ᠠ ᠵᠢᠳᠬᠦᠯ ᠤᠨ ᠢᠷᠠᠭᠤ ᠠᠯᠳᠠᠷ ᠬᠦᠷᠲᠡᠭᠴᠢ ᠪᠠ ᠭᠠᠴᠠᠭ᠎ᠠ ᠲᠣᠰᠬᠤᠨ ᠤ ᠠᠬᠠᠮᠠᠳ ᠭᠤᠣᠯᠯᠠᠭᠴᠢ ᠬᠦᠴᠦᠨ ᠢᠶᠠᠷ ᠬᠡᠪ ᠳᠠᠭᠤᠷᠢᠶᠠᠯ | ᠪᠣᠯᠭᠠᠵᠤ ᠂ ᠵᠡᠭᠦᠨᠭᠠᠷ ᠤᠨ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠰᠠᠨᠠᠭᠠᠴᠢᠯᠠᠭ᠎ᠠ ᠠᠴᠠ ᠪᠠᠨ ᠬᠦᠨᠳᠦ ᠪᠦᠭᠡᠳ ᠳᠤᠮᠤ ᠡᠭᠦᠷᠭᠡ ᠶᠢ ᠡᠭᠦᠷᠭᠡᠯᠡᠨ ᠂ ᠳᠦᠷᠦᠬᠦᠨ | ᠳᠤᠨᠢ ᠶᠠᠪᠤᠵᠤ ᠂ ᠣᠳᠣᠬᠢᠴᠢᠯᠠᠯᠲᠠ ᠶᠢᠨ ᠵᠡᠭᠦᠨᠭᠠᠷ ᠤᠨ ᠪᠦᠲᠦᠭᠡᠨ ᠪᠠᠶᠢᠭᠤᠯᠤᠯᠲᠠ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ | ᠴᠢᠬᠤᠯᠠᠴᠢᠯᠠᠪᠠ ᠃ | | | | |