| ᠣᠶᠢᠷ᠎ᠠ ᠶᠢᠨ ᠵᠢᠯ ᠠᠴᠠ ᠨᠠᠭᠠᠰᠢ ᠂ ᠵᠡᠭᠦᠨᠭᠠᠷ ᠬᠤᠰᠢᠭᠤ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠨ ᠬᠠᠮᠲᠤᠪᠠᠷ ᠡᠳ᠋ᠯᠡᠬᠦ ᠣᠶᠢᠯᠠᠭᠠᠭᠳᠠᠬᠤᠨ ᠢ ᠪᠠᠷᠢᠮᠲᠠᠯᠠᠵᠤ ᠂ | ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠰᠠᠯᠵᠤ ᠠᠮᠠᠷᠠᠭᠰᠠᠨ ᠨᠠᠮ ᠤᠨ ᠭᠡᠰᠢᠭᠦᠨ ᠺᠠᠳ᠋ᠷ ᠤᠨ ᠬᠦᠴᠦᠨ ᠢ ᠨᠢᠭᠡᠳᠦᠯᠲᠡᠢ ᠲᠥᠯᠥᠪᠵᠢᠭᠦᠯᠤᠨ ᠂ | ︽ᠨᠠᠮ ᠤᠨ ᠪᠠᠶᠢᠭᠤᠯᠤᠯᠲᠠ + ᠪᠤᠭᠤᠷᠤᠯᠴᠤᠳ ᠤᠨ ᠲᠤᠰᠠᠯᠠᠮᠵᠢ + ᠦᠨᠳᠦᠰᠦᠨ ᠱᠠᠲᠤᠨ ᠤ ᠵᠠᠰᠠᠯᠲᠠ︾ ᠶᠢᠨ ᠵᠠᠭᠪᠤᠷ ᠢᠶᠠᠷ ᠳᠠᠮᠵᠢᠭᠤᠯᠵᠤ ᠂ ᠨᠠᠮᠴᠢ ᠴᠢᠨᠠᠷ ᠢᠶᠠᠷ | ᠴᠢᠩᠭ᠎ᠠ᠂ ᠢᠲᠡᠭᠡᠯ ᠬᠦᠨᠳᠦ ᠪᠠᠷ ᠥᠨᠳᠥᠷ᠂ ᠲᠤᠷᠰᠢᠯᠭ᠎ᠠ ᠪᠠᠷ ᠪᠠᠶᠠᠯᠢᠭ ᠂ ᠳᠤᠷᠠᠲᠠᠶ᠎ᠠ ᠬᠤᠪᠢ ᠨᠡᠮᠡᠷᠢ ᠦᠵᠡᠭᠦᠯᠳᠡᠭ ᠨᠠᠰᠤᠲᠠᠶᠢᠴᠤᠳ ᠢ ᠡᠷᠢᠨ ᠠᠭᠤᠳᠠᠯᠵᠤ ᠂ | ︽ᠪᠤᠭᠤᠷᠤᠯᠴᠤᠳ︾ ᠤᠨ ᠰᠠᠶᠢᠨ ᠳᠤᠷ᠎ᠠ ᠶᠢᠨ ᠠᠩᠭᠢ ᠶᠢ ᠵᠤᠬᠢᠶᠠᠨ ᠪᠠᠶᠢᠭᠤᠯᠵᠤ ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠵᠠᠰᠠᠯᠲᠠ ᠳᠤ | ᠣᠷᠣᠯᠴᠠᠭᠤᠯᠤᠨ᠎ᠠ᠃ | ︽ᠰᠠᠭᠤᠭᠠᠯᠢ ᠠᠷᠠᠳ ᠤᠨ ᠲᠤᠰᠬᠠᠭᠰᠠᠨ ᠰᠢᠤᠸᠠᠢ ᠮᠧᠶ ᠯᠢ 5 ᠳ᠋ᠤᠭᠠᠷ ᠨᠣᠮᠧᠷᠲᠤ ᠠᠰᠠᠷ ᠤᠨ ᠵᠠᠰᠠᠵᠤ ᠴᠢᠮᠡᠭᠯᠡᠭᠰᠡᠨ ᠬᠤᠭ ᠨᠣᠪᠰᠢ ᠶᠢ ᠴᠠᠭ ᠲᠤᠬᠠᠢ ᠳᠤᠨᠢ | ᠴᠡᠪᠡᠷᠯᠡᠭᠰᠡᠨ ᠦᠭᠡᠢ ᠂ ᠠᠳᠠᠯ ᠠᠬᠤᠢ ᠶᠢᠨ ᠭᠠᠵᠠᠷ ᠲᠠᠢ ᠬᠠᠷᠢᠯᠴᠠᠵᠤ ᠴᠠᠭ ᠲᠤᠬᠠᠢ ᠳᠤᠨᠢ ᠴᠡᠪᠡᠷᠯᠡᠬᠦ ᠴᠢᠬᠤᠯᠠᠲᠠᠢ ᠪᠠᠶᠢᠨ᠎ᠠ᠃ ︾ ᠁ 6 ᠰᠠᠷ᠎ᠠ ᠶᠢᠨ 25 ᠤ | ᠡᠳᠦᠷ᠂ ᠵᠡᠭᠦᠨᠭᠠᠷ ᠬᠤᠰᠢᠭᠤᠨ ᠤ ᠯᠠᠨ ᠲᠢᠶᠠᠨ ᠵᠡᠭᠡᠯᠢ ᠭᠤᠳᠤᠮᠵᠢ ᠶᠢᠨ ᠪᠠᠢ ᠶᠦᠨ ᠨᠡᠶᠢᠭᠡᠮ ᠲᠣᠭᠤᠷᠢᠭ ᠤᠨ︽ ᠪᠤᠭᠤᠷᠤᠯᠴᠤᠳ︾ ᠤᠨ ᠤᠴᠢᠷ ᠵᠥᠪᠯᠡᠬᠦ | ᠲᠢᠩᠬᠢᠮ ᠳᠤ ᠂ 4 ︽ ᠯᠢᠨ ᠵᠢᠤᠢ ᠯᠢ︾ ᠥᠪᠡᠷᠲᠡᠭᠡᠨ ᠵᠠᠰᠠᠬᠤ ᠦᠢᠯᠡᠴᠢᠯᠡᠭᠡᠨ ᠤ ᠦᠷᠳᠡᠭᠡ ᠶᠢᠨ13 ︽ᠪᠤᠭᠤᠷᠤᠯ︾ ᠠᠬᠠᠮᠠᠳ ᠨᠠᠮ ᠤᠨ ᠭᠡᠰᠢᠭᠦᠨ ᠰᠢᠷᠡᠭᠡ | ᠲᠣᠭᠤᠷᠢᠨ ᠰᠠᠭᠤᠵᠤ ᠂ ᠰᠠᠷ᠎ᠠ ᠰᠢᠬᠠᠮ ᠤᠨ ᠳᠣᠲᠣᠷ᠎ᠠ ᠡᠯ᠎ᠡ ᠰᠠᠭᠤᠭᠠᠯᠢ ᠠᠷᠠᠳ ᠤᠨ ᠲᠣᠭᠤᠷᠢᠭ ᠤᠨ ᠴᠤᠭᠯᠠᠭᠤᠯᠤᠭᠰᠠᠨ ᠠᠷᠠᠳ ᠤᠨ ᠪᠠᠶᠢᠳᠠᠯ ᠠᠷᠠᠳ ᠤᠨ ᠰᠠᠨᠠᠭ᠎ᠠ | ᠪᠣᠯᠣᠨ ᠣᠷᠣᠰᠢᠵᠤ ᠪᠠᠶᠢᠭ᠎ᠠ ᠠᠰᠠᠭᠤᠳᠠᠯ ᠢ ᠬᠤᠷᠢᠶᠠᠩᠭᠤᠶᠢᠯᠠᠨ ᠵᠥᠪᠳᠡᠯᠴᠡᠵᠤ ᠪᠠᠶᠢᠯ᠎ᠠ᠃ | | ᠵᠢᠷᠤᠭ ᠄ ︽ ᠪᠤᠭᠤᠷᠤᠯᠴᠤᠳ︾ ᠤᠨ ᠤᠴᠢᠷ ᠵᠥᠪᠯᠡᠬᠦ ᠲᠢᠩᠬᠢᠮ ᠳᠤ ᠂ ᠠᠬᠠᠮᠠᠳ ᠨᠠᠮ ᠤᠨ ᠭᠡᠰᠢᠭᠦᠨ ᠤᠶᠢᠯᠡᠳᠤᠯ ᠢᠶᠠᠨ ᠪᠠᠳᠠᠷᠠᠭᠤᠯᠤᠨ ᠡᠭᠦᠷᠭᠡ ᠬᠠᠷᠢᠭᠤᠴᠠᠯᠭ᠎ᠠ | ᠲᠠᠢ ᠪᠠᠷ ᠠᠵᠢᠯᠯᠠᠨ᠎ᠠ᠃ ᠾᠧ ᠷᠦᠨ ᠰᠡᠭᠦᠳᠡᠷᠯᠡᠪᠡ | ︽ ᠳᠡᠭᠡᠷ᠎ᠡ ᠭᠠᠷᠠᠭ ᠪᠢᠳᠡ ᠨᠡᠶᠢᠲᠡ ᠲᠠᠪᠤᠨ ᠵᠦᠢᠯ ᠤᠨ ᠠᠰᠠᠭᠤᠳᠠᠯ ᠢ ᠪᠠᠶᠢᠴᠠᠭᠠᠨ ᠭᠠᠷᠭᠠᠵᠤ ᠂ ᠠᠰᠠᠷ ᠤᠨ ᠬᠤᠩᠭᠢᠯ ᠳᠤ ᠵᠠᠷ ᠨᠠᠭᠠᠬᠤ ᠂ ᠠᠰᠠᠷ ᠤᠨ | ᠬᠤᠩᠭᠢᠯ ᠤᠨ ᠠᠷᠢᠭᠤᠨ ᠴᠡᠪᠡᠷ ᠢ ᠬᠠᠮᠠᠭᠠᠯᠠᠬᠤ ᠂ ᠬᠤᠪᠢ ᠬᠥᠮᠥᠨ ᠤ ᠨᠢᠰᠭᠡ ᠤᠲᠠᠰᠤ ᠪᠠᠷ ᠴᠠᠬᠢᠯᠭᠠᠨ ᠴᠡᠨᠡᠭᠯᠡᠬᠦ ᠵᠡᠷᠭᠡ ᠭᠤᠷᠪᠠᠨ ᠵᠦᠢᠯ ᠤᠨ ᠠᠰᠠᠭᠤᠳᠠᠯ ᠢ | ᠰᠢᠢᠳᠪᠦᠷᠢᠯᠡᠵᠡᠢ ᠂ ᠥᠨᠥᠳᠥᠷ ᠤᠴᠢᠷ ᠵᠥᠪᠯᠡᠬᠦ ᠪᠠᠷ ᠳᠠᠮᠵᠢᠭᠤᠯᠤᠨ ᠨᠡᠶᠢᠭᠡᠮ ᠲᠣᠭᠤᠷᠢᠭ ᠲᠤ ᠪᠤᠰᠤᠳ ᠤᠴᠢᠷ ᠶᠠᠪᠤᠳᠠᠯ ᠢ ᠳᠡᠭᠡᠭᠰᠢ ᠮᠡᠳᠡᠭᠦᠯᠬᠦ ᠪᠠᠷ ᠪᠠᠶᠢᠨ᠎ᠠ ︾ ᠃ | ᠯᠠᠨ ᠲᠢᠶᠠᠨ ᠵᠡᠭᠡᠯᠢ ᠭᠤᠳᠤᠮᠵᠢ ᠶᠢᠨ ᠠᠵᠢᠯ ᠠᠴᠠ ᠪᠠᠨ ᠳᠠᠷᠬᠠᠯᠠᠬᠳᠠᠬᠰᠠᠨ ᠺᠠᠳ᠋ᠷ᠂ ᠰᠢᠤᠸᠠᠢ ᠮᠧᠢ ᠯᠢ ᠥᠪᠡᠷᠲᠡᠭᠡᠨ ᠵᠠᠰᠠᠬᠤ ᠦᠢᠯᠡᠴᠢᠯᠡᠭᠡᠨ ᠤ ᠥᠷᠲᠡᠭᠡᠨ ᠤ | ᠳᠠᠷᠤᠭ᠎ᠠ ᠰᠦᠨᠳᠧ ᠹᠠ᠂ ︽ᠥᠪᠡᠷᠲᠡᠭᠡᠨ ᠵᠠᠰᠠᠬᠤ ᠦᠢᠯᠡᠴᠢᠯᠡᠭᠡᠨ ᠤ ᠦᠷᠲᠡᠭᠡ ᠶᠢᠨ ᠬᠢᠨ ᠨᠢᠭᠡ ᠭᠠᠷᠠᠭ ᠲᠤ ᠨᠢᠭᠡ ᠤᠳᠠᠭ᠎ᠠ ᠤᠴᠢᠷ ᠵᠥᠪᠯᠡᠵᠦ ᠂ ᠨᠡᠶᠢᠭᠡᠮ | ᠲᠣᠭᠤᠷᠢᠭ ᠤᠨ ᠬᠢᠨ ᠨᠢᠭᠡ ᠰᠠᠷ᠎ᠠ ᠳᠤ ᠨᠢᠭᠡ ᠤᠳᠠᠭ᠎ᠠ ᠶᠠᠪᠤᠭᠳᠠᠭᠤᠯᠤᠨ᠎ᠠ᠂ ᠨᠢᠭᠡᠳᠦᠯᠲᠡᠢ ᠲᠥᠯᠥᠪᠵᠢᠭᠦᠯᠬᠦ ᠪᠠᠷ ᠳᠠᠮᠵᠢᠨ ᠰᠠᠭᠤᠭᠠᠯᠢ ᠠᠷᠠᠳ ᠤᠨ ᠪᠠᠴᠢᠮᠳᠠᠵᠤ | ᠳᠦᠪᠡᠭᠳᠡᠵᠤ ᠰᠠᠨᠠᠭᠠᠰᠢᠷᠠᠵᠤ ᠬᠦᠰᠡᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠤ ᠪᠠᠶᠢᠨ᠎ᠠ᠃ ᠮᠠᠨ ᠤ ᠥᠪᠡᠷᠲᠡᠭᠡᠨ ᠵᠠᠰᠠᠬᠤ ᠥᠷᠲᠡᠭᠡ | ᠳᠥᠷᠪᠡᠳᠦᠭᠡᠷ ᠰᠠᠷ᠎ᠠ ᠳᠤ ᠪᠠᠶᠢᠭᠤᠯᠤᠭᠳᠠᠭᠰᠠᠨ ᠠᠴᠠ ᠨᠠᠭᠠᠰᠢ ᠂ ᠰᠠᠭᠤᠭᠠᠯᠢ ᠠᠷᠠᠳ ᠤᠨ ᠢᠷᠭᠡᠨ ᠤ ᠬᠡᠷᠡᠭ ᠤᠨ ᠵᠢᠭᠤᠷᠠᠯᠳᠤᠭᠠᠨ ᠂ ᠠᠳᠠᠯ ᠠᠬᠤᠢ ᠶᠢᠨ ᠠᠰᠠᠭᠤᠳᠠᠯ | ᠢ 18 ᠤᠳᠠᠭ᠎ᠠ ᠡᠶᠡᠳᠡᠭᠦᠯᠵᠦ ᠂ ᠰᠠᠭᠤᠭᠠᠯᠢ ᠠᠷᠠᠳ ᠤᠨ ᠲᠤᠰᠬᠠᠯ ᠮᠠᠰᠢ ᠰᠠᠶᠢᠨ ᠪᠠᠶᠢᠵᠤ ᠂ ᠪᠢᠳᠡᠨ ᠳᠤ ᠥᠭᠭᠦᠭᠰᠡᠨ ᠦᠨᠡᠯᠡᠯᠲᠡ ᠴᠦ ᠨᠡᠯᠢᠶᠡᠳ ᠥᠨᠳᠥᠷ ᠪᠠᠶᠢᠨ᠎ᠠ ︾ | ᠭᠡᠵᠤ ᠳᠠᠨᠢᠯᠴᠠᠭᠤᠯᠤᠨ᠎ᠠ ᠃ | ᠡᠨᠡ ᠵᠢᠯ ᠂ ᠪᠠᠢ ᠶᠦᠨ ᠨᠡᠶᠢᠭᠡᠮ ᠲᠣᠭᠤᠷᠢᠭ ᠤᠨ ᠬᠢᠨ ᠰᠠᠭᠤᠭᠠᠯᠢ ᠠᠷᠠᠳ ᠤᠨ ᠲᠣᠭᠤᠷᠢᠭ ᠤᠨ ᠨᠠᠮ ᠤᠯᠠᠨ ᠲᠦᠮᠡᠨ ᠤ ᠦᠢᠯᠡᠴᠢᠯᠡᠭᠡᠨ ᠤ ᠦᠷᠳᠡᠭᠡ ᠳᠤ | ᠲᠦᠰᠢᠭᠯᠡᠨ ᠂ 4 ︽ ᠯᠢᠨ ᠵᠢᠤᠢ ᠯᠢ︾ᠥᠪᠡᠷᠲᠡᠭᠡᠨ ᠵᠠᠰᠠᠬᠤ ᠦᠢᠯᠡᠴᠢᠯᠡᠭᠡᠨ ᠤ ᠦᠷᠳᠡᠭᠡ ᠶᠢ ᠪᠠᠶᠢᠭᠤᠯᠵᠤ ᠂ ᠤᠯᠤᠰ ᠲᠦᠷᠦ ᠶᠢᠨ ᠬᠡᠪ ᠪᠤᠯᠪᠠᠰᠤᠷᠠᠯ ᠢᠶᠠᠷ ᠥᠨᠳᠥᠷ᠂ | ᠤᠨᠤᠯ ᠤᠨ ᠰᠠᠭᠤᠷᠢ ᠪᠠᠷ ᠭᠦᠨ᠂ ᠤᠯᠠᠨ ᠲᠦᠮᠡᠨ ᠤ ᠠᠵᠢᠯ ᠤᠨ ᠴᠢᠳᠠᠪᠤᠷᠢ ᠪᠠᠷ ᠴᠢᠩᠭ᠎ᠠ 28 ᠠᠬᠠᠮᠠᠳ ᠨᠠᠮ ᠤᠨ ᠭᠡᠰᠢᠭᠦᠨ ᠢ ᠰᠣᠩᠭᠤᠨ ᠭᠠᠷᠭᠠᠵᠤ | ᠬᠠᠮᠢᠶᠠᠷᠤᠭᠤᠯᠪᠠ᠃ ᠥᠪᠡᠷᠲᠡᠭᠡᠨ ᠵᠠᠰᠠᠬᠤ ᠦᠢᠯᠡᠴᠢᠯᠡᠭᠡᠨ ᠤ ᠦᠷᠳᠡᠭᠡ︽ᠠᠰᠠᠭᠤᠳᠠᠯ ᠢ ᠴᠤᠭᠯᠠᠭᠤᠯᠬᠤ ᠂ ᠵᠥᠪᠳᠡᠯᠴᠡᠨ ᠵᠥᠪᠯᠡᠬᠦ ᠂ ᠤᠯᠠᠨ ᠲᠦᠮᠡᠨ ᠦᠨᠡᠯᠡᠨ | ᠶᠠᠷᠢᠯᠴᠠᠬᠤ︾ ᠲᠣᠭᠲᠠᠴᠠ ᠶᠣᠰᠣᠭᠠᠷ᠂ ︽ᠡᠬᠢ ᠪᠠᠶᠠᠯᠢᠭ ᠤᠨ ᠨᠠᠷᠢᠨ ᠲᠠᠩᠰᠠ᠂ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠲᠠᠩᠰᠠ᠂ ᠠᠰᠠᠭᠤᠳᠠᠯ ᠤᠨ ᠨᠠᠷᠢᠨ ᠲᠠᠩᠰᠠ︾ | ᠭᠤᠷᠪᠠᠨ ᠨᠠᠷᠢᠨ ᠲᠠᠩᠰᠠ ᠶᠢ ᠪᠠᠶᠢᠭᠤᠯᠵᠤ ᠂ ᠤᠯᠠᠨ ᠲᠦᠮᠡᠨ ᠤ ᠬᠦᠰᠡᠯ ᠡᠷᠡᠮᠡᠯᠵᠡᠯ ᠪᠠ ᠱᠠᠭᠠᠷᠳᠠᠯᠭ᠎ᠠ ᠶᠢᠨ︽ᠬᠠᠮᠤᠭ ᠤᠨ ᠶᠡᠭᠡ ᠶᠡᠷᠦᠩᠬᠡᠢ ᠬᠤᠷᠢᠶᠠᠭᠴᠢ ᠲᠤᠭ᠎ᠠ︾ | ᠶᠢ ᠡᠷᠢᠨ ᠣᠯᠵᠤ ᠂ ᠡᠯ᠎ᠡ ᠲᠦᠷᠦᠯ ᠤᠨ ᠵᠥᠷᠢᠴᠡᠯ ᠵᠢᠭᠤᠷᠠᠯᠳᠤᠭᠠᠨ ᠢ ᠨᠠᠮᠳᠠᠭᠤᠯᠵᠤ ᠂ ᠬᠠᠮᠲᠤ ᠶᠢᠨ ᠲᠠᠨᠢᠯᠲᠠ ᠶᠢ ᠬᠠᠮᠲᠤ ᠶᠢᠨ ᠠᠵᠢᠯᠯᠠᠭ᠎ᠠ ᠪᠤᠯᠭᠠᠨ | ᠬᠤᠪᠢᠷᠠᠭᠤᠯᠵᠤ ᠂ ᠤᠯᠠᠨ ᠡᠰᠢᠴᠢᠯᠡᠭᠰᠡᠨ ᠬᠠᠮᠲᠤ ᠶᠢᠨ ᠵᠠᠰᠠᠯᠳᠠ ᠪᠠᠷ ᠦᠨᠳᠦᠰᠦᠨ ᠱᠠᠲᠤᠨ ᠤ ᠵᠠᠰᠠᠯᠲᠠ ᠶᠢ ᠠᠬᠢᠭᠤᠯᠵᠤ ᠪᠤᠢ ᠃ | ︽ ᠮᠠᠨ ᠤ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠣᠯᠠᠩᠬᠢ ᠨᠢ ᠴᠥᠮ ᠠᠵᠤ ᠠᠬᠤᠶᠢᠯᠠᠯ ᠤᠨ ᠠᠵᠢᠯᠲᠠᠨ ᠠᠵᠢᠯᠴᠢᠨ ᠪᠤᠯᠤᠨ᠎ᠠ ᠂ ᠪᠦᠬᠦ ᠤᠯᠤᠰ ᠤᠨ ᠡᠯ᠎ᠡ | ᠭᠠᠵᠠᠷ ᠠᠴᠠ ᠢᠷᠡᠵᠦ ᠂ ᠦᠢᠯᠡᠴᠢᠯᠡᠭᠡ ᠂ ᠬᠡᠷᠡᠭᠴᠡᠭᠡ ᠱᠠᠭᠠᠷᠳᠠᠯᠭ᠎ᠠ ᠶᠢᠨ ᠲᠠᠯ᠎ᠠ ᠪᠠᠷ ᠨᠡᠩ ᠥᠨᠳᠥᠷ ᠱᠠᠭᠠᠷᠳᠠᠯᠭ᠎ᠠ ᠲᠠᠢ ᠪᠠᠶᠢᠵᠤ ᠂ ᠮᠠᠨ ᠤ ᠬᠠᠷᠢᠶ᠎ᠠ ᠣᠷᠣᠨ ᠤ | ᠬᠠᠮᠤᠭ ᠤᠨ ᠶᠡᠭᠡ ᠡᠬᠢ ᠪᠠᠶᠠᠯᠢᠭ ᠤᠨ ᠳᠠᠪᠠᠭᠤᠯᠢᠭ ᠪᠣᠯ ᠳᠠᠷᠤᠢ 270 ᠭᠠᠷᠤᠢ ᠠᠵᠢᠯ ᠠᠴᠠ ᠪᠠᠨ ᠳᠠᠷᠬᠠᠯᠠᠬᠳᠠᠬᠰᠠᠨ ᠠᠬᠠᠮᠠᠳ ᠨᠠᠮ ᠤᠨ ᠭᠡᠰᠢᠭᠦᠨ ᠪᠣᠯᠣᠨ᠎ᠠ᠂ | ᠡᠶᠢᠮᠦ ᠠᠴᠠ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠶᠠᠪᠤᠴᠠ ᠳᠤ ᠂ ᠪᠢᠳᠡ ᠠᠬᠠᠮᠠᠳ ᠨᠠᠮ ᠤᠨ | ᠭᠡᠰᠢᠭᠦᠨ ᠤ ᠦᠢᠯᠡᠳᠦᠯ ᠢ ᠭᠦᠢᠴᠡᠳ ᠪᠠᠳᠠᠷᠠᠭᠤᠯᠤᠨ ᠂ ᠠᠬᠠᠮᠠᠳ ᠨᠠᠮ ᠤᠨ ᠭᠡᠰᠢᠭᠦᠨ ᠤ 6 ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠵᠣᠬᠢᠶᠠᠨ | ᠪᠠᠶᠢᠭᠤᠯᠵᠤ ᠂ ᠲᠦᠷᠦ ᠶᠢᠨ ᠪᠣᠳᠣᠯᠭ᠎ᠠ ᠤᠨᠤᠯ ᠢ ᠤᠬᠠᠭᠤᠯᠤᠨ ᠲᠠᠶᠢᠯᠪᠤᠷᠢᠯᠠᠬᠤ ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠂ ᠵᠥᠷᠢᠴᠡᠯ | ᠵᠢᠭᠤᠷᠠᠯᠳᠤᠭᠠᠨ ᠢ ᠡᠶᠡᠳᠡᠭᠦᠯᠬᠦ ᠂ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ ᠴᠤᠭᠯᠠᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ | ᠡᠨᠡ ᠵᠢᠯ ᠂ ᠥᠪᠡᠷᠲᠡᠭᠡᠨ ᠵᠠᠰᠠᠬᠤ ᠦᠢᠯᠡᠴᠢᠯᠡᠭᠡᠨ ᠤ ᠥᠷᠲᠡᠭᠡ ᠶᠢᠨ ᠬᠢᠨ ᠬᠥᠷᠰᠢ ᠵᠡᠷᠭᠡᠯᠡᠳᠡᠭᠡ ᠶᠢᠨ ᠲᠠᠭᠤ ᠱᠤᠤᠭᠢᠶᠠᠨ ᠤ ᠵᠢᠭᠤᠷᠠᠯᠳᠤᠭᠠᠨ ᠂ ᠰᠠᠭᠤᠭᠠᠯᠢ | ᠲᠣᠭᠤᠷᠢᠭ ᠤᠨ ᠬᠤᠭᠤᠯᠠᠢ ᠲᠣᠣᠷ ᠤᠨ ᠰᠤᠶᠢᠳᠤᠯ ᠵᠡᠷᠭᠡ ᠠᠰᠠᠭᠤᠳᠠᠯ ᠢ 200 ᠭᠠᠷᠤᠢ ᠬᠤᠪᠢ ᠤᠳᠠᠭ᠎ᠠ ᠰᠢᠢᠳᠪᠦᠷᠢᠯᠡᠪᠡ ︾ ᠭᠡᠵᠦ ᠯᠠᠨ ᠲᠢᠶᠠᠨ ᠵᠡᠭᠡᠯᠢ | ᠭᠤᠳᠤᠮᠵᠢ ᠶᠢᠨ ᠪᠠᠢ ᠶᠦᠨ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠸᠠᠩ ᠼᠦᠢ ᠲᠠᠨᠢᠯᠴᠠᠭᠤᠯᠤᠨ᠎ᠠ᠃ | ᠦᠳᠡ ᠶᠢᠨ ᠬᠤᠶᠢᠨᠠᠬᠢ 4 ᠴᠠᠭ ᠲᠤ ᠂ ᠲᠢᠶᠧ ᠪᠧᠢ ᠨᠡᠶᠢᠭᠡᠮ ᠲᠣᠭᠤᠷᠢᠭ ᠲᠤ ᠬᠦᠷᠬᠦ ᠳᠤ ᠂ ᠤᠯᠠᠭᠠᠨ ᠬᠠᠨᠵᠢᠶᠠᠷ ᠲᠠᠢ ᠠᠬᠠᠮᠠᠳ ᠰᠠᠶᠢᠨ ᠲᠤᠷᠠᠴᠤᠤᠯ ᠵᠡᠭᠡᠯᠢ | ᠭᠤᠳᠤᠮᠵᠢ ᠪᠠᠷ ᠶᠠᠪᠤᠵᠤ ᠂ ᠬᠤᠭ ᠨᠣᠪᠰᠢ ᠶᠢᠨ ᠬᠠᠪᠴᠢᠭᠤᠷ ᠵᠡᠷᠭᠡ ᠪᠠᠭᠠᠵᠢ ᠬᠡᠷᠡᠭᠰᠡᠯ ᠢ ᠠᠳᠬᠤᠨ ᠂ ᠨᠣᠭᠤᠭᠠᠷᠠᠭᠤᠯᠤᠯᠲᠠ ᠶᠢᠨ ᠪᠦᠰᠡ ᠵᠡᠷᠭᠡ ᠭᠠᠵᠠᠷ ᠤᠳ ᠢ | ᠨᠠᠷᠢᠨ ᠨᠢᠮᠪᠠᠢ ᠴᠡᠪᠡᠷᠯᠡᠵᠦ ᠂ ᠨᠡᠶᠢᠭᠡᠮ ᠲᠣᠭᠤᠷᠢᠭ ᠲᠤ ᠠᠷᠢᠭᠤᠨ ᠴᠡᠪᠡᠷ ᠂ ᠳᠤᠯᠠᠭᠠᠨ᠂ ᠣᠷᠣᠰᠢᠨ ᠰᠠᠭᠤᠬᠤ ᠳᠤ ᠳᠠᠭᠠᠯᠠᠮᠵᠢᠳᠠᠢ ᠠᠭᠤᠷ ᠠᠮᠢᠰᠬᠤᠯ ᠢ ᠪᠤᠢ ᠪᠣᠯᠭᠠᠵᠤ | ᠥᠭᠬᠦᠨ᠎ᠠ᠃ | | ᠵᠢᠷᠤᠭ ᠄ ᠪᠤᠭᠤᠷᠤᠯᠴᠤᠳ ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠨᠡᠶᠢᠭᠡᠮ ᠲᠣᠭᠤᠷᠢᠭ ᠢ ᠬᠠᠮᠲᠤ ᠪᠠᠷ ᠪᠠᠶᠢᠭᠤᠯᠤᠨ᠎ᠠ᠃ ᠾᠧ ᠷᠦᠨ ᠰᠡᠭᠦᠳᠡᠷᠯᠡᠪᠡ | ᠲᠢᠶᠧ ᠪᠸᠢ ᠨᠡᠶᠢᠭᠡᠮ ᠲᠣᠭᠤᠷᠢᠭ ᠤᠨ ᠬᠠᠭᠤᠴᠢᠨ ᠬᠥᠷᠰᠢ ᠵᠡᠷᠭᠡᠯᠡᠳᠡᠭᠡ ᠶᠢᠨ ᠬᠠᠷᠢᠯᠴᠠᠨ ᠬᠠᠪᠰᠤᠷᠤᠯᠴᠠᠬᠤ ᠠᠩᠭᠢ ᠶᠢᠨ ᠰᠠᠶᠢᠨ ᠳᠤᠷ᠎ᠠ ᠶᠢᠨ ᠠᠵᠢᠯᠯᠠᠭᠴᠢ ᠵᠤᠤ | ᠼᠦᠢ ᠮᠧᠢ᠄︽ ᠪᠢ ᠨᠡᠶᠢᠭᠡᠮ ᠲᠣᠭᠤᠷᠢᠭ ᠤᠨ ᠵᠣᠬᠢᠶᠠᠨ ᠪᠠᠶᠢᠭᠤᠯᠤᠭᠰᠠᠨ ᠨᠠᠰᠤᠲᠠᠶᠢᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠳᠤ ᠤᠷᠤᠯᠴᠠᠭᠠᠳ | ᠳᠥᠷᠪᠡ ᠲᠠᠪᠤᠨ ᠵᠢᠯ ᠪᠣᠯᠵᠠᠢ ᠂ ᠭᠠᠷᠠᠭ ᠪᠤᠯᠭᠠᠨ ᠰᠠᠯᠬᠢ ᠰᠠᠯᠬᠢᠯᠠᠭᠰᠠᠨ ᠴᠤ ᠳᠡᠷᠡ ᠂ ᠪᠣᠷᠣᠭᠠᠨ ᠣᠷᠣᠭᠰᠠᠨ ᠴᠤ ᠳᠡᠷᠡ ᠪᠢᠳᠡ ᠴᠥᠮ ᠨᠡᠶᠢᠭᠡᠮ ᠲᠣᠭᠤᠷᠢᠭ ᠤᠨ | ᠬᠤᠭ ᠨᠣᠪᠰᠢ ᠶᠢ ᠪᠠᠶᠢᠴᠠᠭᠠᠵᠤ ᠥᠭᠬᠦ ᠶᠢᠨ ᠬᠠᠮᠲᠤ ᠪᠠᠰᠠ ᠪᠤᠰᠤᠳ ᠠᠰᠠᠭᠤᠳᠠᠯ ᠢ ᠠᠩᠬᠠᠷᠴᠤ᠂ ᠴᠠᠭ ᠲᠤᠬᠠᠢ ᠳᠤᠨᠢ ᠨᠡᠶᠢᠭᠡᠮ ᠲᠣᠭᠤᠷᠢᠭ ᠲᠤ ᠬᠠᠷᠢᠭᠤ | ᠲᠤᠰᠬᠠᠳᠠᠭ ᠃ ᠨᠠᠰᠤᠲᠠᠶᠢᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠨᠢᠭᠡᠨ ᠭᠡᠰᠢᠭᠦᠨ ᠪᠣᠯᠤᠭᠰᠠᠨ ᠤ ᠬᠤᠪᠢ ᠳᠤ ᠂ ᠪᠢ ᠨᠡᠶᠢᠭᠡᠮ | ᠲᠣᠭᠤᠷᠢᠭ ᠲᠤ ᠴᠢᠳᠠᠯ ᠤᠨ ᠬᠢᠷᠢ ᠪᠠᠷ ᠢᠶᠠᠨ ᠠᠵᠢᠯ ᠬᠢᠵᠦ ᠥᠭᠬᠦ ᠶᠢ ᠬᠦᠰᠡᠵᠦ ᠪᠠᠶᠢᠨ᠎ᠠ ︾ ᠭᠡᠵᠡᠢ ᠃ | ᠲᠢᠶᠧ ᠪᠸᠢ ᠨᠡᠶᠢᠭᠡᠮ ᠲᠣᠭᠤᠷᠢᠭ ᠤᠨ 91 ᠨᠠᠰᠤᠲᠠᠢ ᠰᠠᠭᠤᠭᠠᠯᠢ ᠠᠷᠠᠳ ᠵᠤᠤ ᠭᠤᠸᠠᠩ ᠬᠤᠩ ᠨᠠᠰᠤᠲᠠᠨ ᠤ ᠭᠡᠷ ᠲᠤ ᠂ ᠬᠠᠭᠤᠴᠢᠨ ᠬᠥᠷᠰᠢ ᠵᠡᠷᠭᠡᠯᠡᠳᠡᠭᠡ ᠶᠢᠨ | ᠬᠠᠷᠢᠯᠴᠠᠨ ᠬᠠᠪᠰᠤᠷᠤᠯᠴᠠᠬᠤ ᠠᠩᠭᠢ ᠶᠢᠨ ᠰᠠᠶᠢᠨ ᠳᠤᠷ᠎ᠠ ᠶᠢᠨ ᠠᠵᠢᠯᠯᠠᠭᠴᠢ ᠬᠤᠳᠠᠯᠳᠤᠨ ᠠᠪᠤᠭᠰᠠᠨ ᠠᠮᠢᠳᠤᠷᠠᠯ ᠤᠨ ᠡᠳ᠋ ᠪᠣᠳᠠᠰ ᠢ ᠨᠢ ᠭᠡᠷ ᠲᠤᠨᠢ ᠬᠦᠷᠭᠡᠨ | ᠦᠭᠬᠦ ᠶᠢᠨ ᠬᠠᠮᠲᠤ ᠨᠠᠰᠤᠲᠠᠨ ᠲᠠᠢ ᠵᠣᠭᠤᠭᠳᠠᠵᠤ ᠂ ᠨᠠᠰᠤᠲᠠᠨ ᠤ ᠪᠡᠶ᠎ᠡ ᠶᠢᠨ ᠪᠠᠶᠢᠳᠠᠯ ᠠᠮᠢᠳᠤᠷᠠᠯ ᠤᠨ ᠪᠠᠶᠢᠳᠠᠯ ᠢ ᠣᠶᠢᠯᠠᠭᠠᠵᠤ ᠂ ᠨᠠᠰᠤᠲᠠᠨ ᠤ ᠠᠮᠢᠳᠤᠷᠠᠯ ᠳᠤ | ᠪᠠᠰᠠ ᠶᠠᠮᠠᠷ ᠬᠦᠴᠢᠷᠳᠡᠯ ᠪᠠᠶᠢᠬᠤ ᠶᠢ ᠠᠰᠠᠭᠤᠨ ᠯᠠᠪᠯᠠᠨ᠎ᠠ᠃ | | ᠵᠢᠷᠤᠭ ᠄ ᠨᠠᠰᠤᠲᠠᠶᠢᠴᠤᠳ ᠨᠢ ᠨᠠᠰᠤᠲᠠᠶᠢᠴᠤᠳ ᠢᠶᠠᠨ ᠬᠠᠪᠰᠤᠷᠴᠤ ᠂ ᠪᠤᠭᠤᠷᠤᠯᠴᠤᠳ︽ ᠦᠳᠡᠯᠦᠭᠡ ᠨᠠᠰᠤᠨ ᠤ ᠤᠶᠢᠯᠡᠳᠤᠯ︾ ᠢᠶᠠᠨ ᠪᠠᠳᠠᠷᠠᠭᠤᠯᠤᠨ᠎ᠠ᠃ ᠾᠧ | ᠷᠦᠨ ᠰᠡᠭᠦᠳᠡᠷᠯᠡᠪᠡ | ᠲᠢᠶᠧ ᠪᠧᠢ ᠨᠡᠶᠢᠭᠡᠮ ᠲᠣᠭᠤᠷᠢᠭ ᠤᠨᠨᠠᠮ ᠤᠨ ᠡᠭᠦᠷ ᠤᠨ ᠳᠡᠳ᠋ ᠱᠦᠵᠢ ᠶᠠᠩ ᠯᠢ ᠵᠧᠨ ᠲᠠᠨᠢᠯᠴᠠᠭᠤᠯᠬᠤ ᠳᠠᠭᠠᠨ ᠄ ︽ ᠲᠢᠶᠧ ᠪᠧᠢ ᠨᠡᠶᠢᠭᠡᠮ ᠲᠣᠭᠤᠷᠢᠭ ᠤᠨ | ᠬᠠᠭᠤᠴᠢᠨ ᠬᠥᠷᠰᠢ ᠵᠡᠷᠭᠡᠯᠡᠳᠡᠭᠡ ᠶᠢᠨ ᠬᠠᠷᠢᠯᠴᠠᠨ ᠬᠠᠪᠰᠤᠷᠤᠯᠴᠠᠬᠤ ᠠᠩᠭᠢ ᠪᠠᠶᠢᠭᠤᠯᠤᠭᠳᠠᠭᠠᠳ ᠲᠠᠪᠤᠨ ᠵᠢᠯ ᠪᠣᠯᠵᠤ ᠪᠠᠶᠢᠨ᠎ᠠ ᠂ ᠨᠡᠶᠢᠭᠡᠮ ᠲᠣᠭᠤᠷᠢᠭ ᠤᠨ | ᠠᠵᠢᠯ ᠠᠴᠠ ᠪᠠᠨ ᠳᠠᠷᠬᠠᠯᠠᠬᠳᠠᠬᠰᠠᠨ ᠠᠬᠠᠮᠠᠳ ᠺᠠᠳ᠋ᠷ ᠂ ᠴᠡᠷᠢᠭ ᠠᠴᠠ ᠬᠠᠯᠠᠭᠳᠠᠭᠰᠠᠳ ᠂ ᠠᠬᠠᠮᠠᠳ ᠪᠠᠭᠰᠢ ᠂ ᠠᠵᠢᠯ ᠦᠭᠡᠢ ᠬᠥᠮᠥᠰ ᠢᠶᠠᠷ ᠪᠦᠷᠢᠯᠳᠦᠭᠰᠡᠨ ᠶᠤᠮ ᠂ | ᠬᠠᠷᠢᠯᠴᠠᠨ ᠬᠠᠪᠰᠤᠷᠤᠯᠴᠠᠬᠤ ᠠᠩᠭᠢ ᠶᠢᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠥᠷᠭᠡᠨ ᠪᠠᠶᠢᠵᠤ ᠂ ᠬᠠᠷᠢᠶᠠᠲᠤ ᠣᠷᠣᠨ ᠤ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠢ ᠪᠠᠶᠢᠩᠭᠤᠵᠢᠭᠤᠯᠤᠨ ᠴᠡᠭᠴᠡᠯᠡᠨ ᠵᠠᠰᠠᠵᠤ ᠪᠠᠶᠢᠨ᠎ᠠ ︔ ︽ ᠬᠠᠮᠲᠤ ᠶᠢᠨ ᠡᠮᠡᠭᠡ ︾ ᠨᠢ ᠬᠠᠷᠢᠶᠠᠲᠤ ᠣᠷᠣᠨ ᠤ ᠪᠠᠨ ᠵᠠᠯᠠᠭᠤ ᠡᠴᠢᠭᠡ ᠡᠬᠡ ᠶᠢ | ᠬᠠᠪᠰᠤᠷᠤᠨ ᠬᠡᠦᠬᠡᠳ ᠢ ᠨᠢ ᠲᠦᠷ ᠴᠠᠭ ᠬᠠᠷᠠᠭᠠᠯᠵᠠᠨ ᠦᠭᠴᠤ ᠪᠠᠶᠢᠨ᠎ᠠ ︔ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠶᠢᠴᠤᠳ ᠢ ᠬᠠᠪᠰᠤᠷᠴᠤ | ᠠᠮᠢᠳᠤᠷᠠᠯ ᠤᠨ ᠡᠳ᠋ ᠪᠣᠳᠠᠰ ᠬᠤᠳᠠᠯᠳᠤᠨ ᠠᠪᠴᠤ ᠦᠭᠬᠦᠨ᠎ᠠ ︔ ᠬᠠᠷᠢᠶ᠎ᠠ ᠣᠷᠣᠨ ᠤ ᠡᠯ᠎ᠡ ᠵᠦᠢᠯ ᠤᠨ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠵᠡᠷᠭᠡ ᠠᠯᠢ | ᠤᠯᠠᠨ ᠵᠤᠶᠢᠯ ᠪᠤᠢ ᠃ ᠬᠤᠶᠢᠰᠢᠳᠠ ᠨᠡᠶᠢᠭᠡᠮ ᠲᠣᠭᠤᠷᠢᠭ ᠤᠨ ᠬᠢᠨ ᠦᠢᠯᠡᠴᠢᠯᠡᠭᠡᠨ ᠤ ᠲᠣᠭᠲᠠᠴᠠ ᠪᠠᠨ ᠦᠷᠭᠦᠯᠵᠢᠯᠡᠨ ᠲᠡᠭᠦᠯᠳᠡᠷᠵᠢᠭᠦᠯᠵᠦ ᠂ ᠨᠡᠩ ᠣᠯᠠᠨ | ᠬᠠᠭᠤᠴᠢᠨ ᠬᠥᠷᠰᠢ ᠵᠡᠷᠭᠡᠯᠡᠳᠡᠭᠡ ᠶᠢᠨ ᠬᠦᠴᠦᠨ ᠢ ᠨᠢᠭᠲᠠᠷᠠᠭᠤᠯᠵᠤ ᠂ ᠨᠡᠶᠢᠭᠡᠮ ᠲᠣᠭᠤᠷᠢᠭ ᠤᠨ ᠭᠤᠣᠯ ᠠᠵᠢᠯ ᠳᠤ ᠬᠤᠪᠢ ᠨᠡᠮᠡᠷᠢ ᠪᠠᠨ ᠦᠵᠡᠭᠦᠯᠦᠨ᠎ᠡ ︾ ᠭᠡᠪᠡ ᠃ | |