| | | | ᠪᠤᠯᠤᠩ ᠡᠬᠢᠯᠡᠬᠦ ᠦᠭᠡ ᠄ | ᠬᠥᠭᠵᠢᠭᠦᠯᠬᠦ ᠨᠢ ᠠᠷᠠᠳ ᠲᠦᠮᠡᠨ ᠤ ᠲᠥᠯᠥᠭᠡ ᠶᠤᠮ᠂ ᠬᠥᠭᠵᠢᠭᠦᠯᠬᠦ ᠳᠤ ᠠᠷᠠᠳ ᠲᠦᠮᠡᠨ ᠢ ᠲᠦᠰᠢᠭᠯᠡᠨ᠎ᠡ᠃ ᠣᠳᠣᠬᠠᠨ ᠳᠤ ᠂ ᠮᠠᠨ ᠤ ᠬᠤᠰᠢᠭᠤᠨ ᠤ ᠠᠵᠤ | ᠠᠬᠤᠢ ᠨᠡᠶᠢᠭᠡᠮ ᠤᠨ ᠬᠥᠭᠵᠢᠯᠲᠡ ᠨᠢ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠂ | ᠰᠢᠨ᠎ᠡ ᠤᠷᠤᠯᠳᠤᠭᠠᠨ ᠤ ᠵᠠᠮ ᠢ ᠥᠷᠭᠡᠳᠬᠡᠬᠦ ᠵᠠᠩᠭᠢᠯᠠᠭ᠎ᠠ ᠶᠢᠨ ᠴᠠᠭ ᠦᠶ᠎ᠠ ᠳᠤ ᠣᠷᠣᠵᠤ ᠂ ᠬᠠᠮᠲᠤ ᠶᠢᠨ ᠲᠠᠨᠢᠯᠲᠠ ᠪᠠᠨ ᠥᠷᠭᠡᠨ ᠢᠶᠠᠷ ᠨᠢᠭᠲᠠᠷᠠᠭᠤᠯᠵᠤ ᠂ ᠣᠯᠠᠨ ᠤ | ᠬᠦᠴᠦᠨ ᠢ ᠲᠥᠪᠯᠡᠷᠡᠭᠦᠯᠦᠨ ᠬᠥᠭᠵᠢᠯᠲᠡ ᠶᠢ ᠠᠬᠢᠭᠤᠯᠬᠤ ᠴᠢᠬᠤᠯᠠᠲᠠᠢ ᠪᠠᠶᠢᠵᠤ ᠂ ᠠᠰᠢᠭᠲᠠᠢ ᠬᠦᠴᠤᠨ ᠵᠤᠶᠢᠯ ᠢ ᠪᠥᠬᠦ ᠲᠠᠯ᠎ᠠ ᠪᠠᠷ ᠨᠢᠭᠡᠳᠦᠯᠲᠡᠢ ᠲᠥᠯᠥᠪᠵᠢᠭᠦᠯᠦᠨ | ᠬᠥᠭᠵᠢᠯᠲᠡ ᠶᠢ ᠠᠬᠢᠭᠤᠯᠬᠤ ᠴᠢᠬᠤᠯᠠᠲᠠᠢ ᠪᠠᠶᠢᠵᠤ ᠂ ᠪᠤᠭᠤᠮᠢ ᠶᠢᠨ ᠬᠦᠴᠤᠨ ᠵᠤᠶᠢᠯ ᠢ ᠬᠦᠴᠦᠲᠡᠢ ᠠᠷᠢᠯᠭᠠᠵᠤ ᠬᠥᠭᠵᠢᠯᠲᠡ ᠶᠢ ᠪᠠᠲᠤᠯᠠᠬᠤ ᠴᠢᠬᠤᠯᠠᠲᠠᠢ ᠪᠠᠶᠢᠨ᠎ᠠ ᠃ | ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠂ ᠨᠡᠶᠢᠭᠡᠮ ᠤᠨ ᠡᠯ᠎ᠡ ᠡᠲᠡᠭᠡᠳ ᠪᠣᠯᠣᠨ ᠺᠠᠳ᠋ᠷ ᠣᠯᠠᠨ ᠲᠦᠮᠡᠨ ᠤ ᠦᠵᠡᠬᠦ ᠪᠠᠷ ᠂ ᠭᠠᠵᠠᠷ ᠰᠢᠷᠣᠢ ᠶᠢᠨ | ᠠᠰᠠᠭᠤᠳᠠᠯ ᠪᠣᠯ ᠬᠥᠭᠵᠢᠯᠲᠡ ᠳᠤ ᠬᠤᠯᠪᠣᠭᠳᠠᠬᠤ ᠂ ᠣᠷᠴᠢᠨ ᠳᠤᠭᠤᠷᠢᠨ ᠳᠤ ᠬᠤᠯᠪᠣᠭᠳᠠᠬᠤ ᠂ ᠡᠶ᠎ᠡ ᠵᠣᠬᠢᠴᠠᠯ ᠳᠤ ᠬᠤᠯᠪᠣᠭᠳᠠᠬᠤ ᠂ ᠲᠣᠭᠲᠠᠭᠤᠨ ᠪᠠᠶᠢᠳᠠᠯ ᠳᠤ | ᠬᠤᠯᠪᠣᠭᠳᠠᠬᠤ ᠂ ᠠᠯᠤᠰ ᠬᠡᠳᠦ ᠳᠤ ᠬᠤᠯᠪᠣᠭᠳᠠᠬᠤ ᠵᠠᠩᠭᠢᠯᠠᠭ᠎ᠠ ᠶᠢᠨ ᠬᠦᠴᠦᠨ ᠵᠦᠢᠯ ᠪᠤᠯᠤᠨ᠎ᠠ ᠂ ᠮᠥᠨ ᠴᠦ ᠬᠥᠭᠵᠢᠯᠲᠡ ᠪᠠ ᠠᠷᠠᠳ ᠤᠨ ᠠᠮᠢᠳᠤᠷᠠᠯ ᠤᠨ | ᠠᠰᠠᠭᠤᠳᠠᠯ ᠬᠢᠭᠡᠳ ᠵᠥᠷᠢᠴᠡᠯ ᠢ ᠰᠢᠢᠳᠪᠦᠷᠢᠯᠡᠬᠦ ︽ᠶᠡᠷᠦᠩᠬᠡᠢ ᠵᠠᠩᠬᠢᠯᠠᠭ᠎ᠠ︾ ᠪᠤᠯᠬᠤᠷ ᠂ ᠡᠷᠬᠡᠪᠰᠢ ᠭᠠᠵᠠᠷ ᠰᠢᠷᠣᠢ ᠶᠢ ᠲᠠᠲᠠᠪᠤᠷᠢᠯᠠᠨ ᠲᠥᠪᠬᠢᠨᠡᠭᠦᠯᠬᠦ ᠠᠵᠢᠯ ᠢ | ᠬᠠᠤᠯᠢᠵᠢᠭᠤᠯᠬᠤ ᠂ ᠳᠦᠷᠢᠮᠵᠢᠭᠦᠯᠬᠦ ᠂ ᠵᠢᠷᠤᠮᠵᠢᠭᠤᠯᠬᠤ ᠶᠢ ᠡᠷᠡᠰ ᠭᠤᠶᠢᠪᠢᠰᠢ ᠦᠭᠡᠢ ᠪᠠᠷ ᠥᠨᠢ ᠤᠳᠠᠭᠠᠨ ᠴᠢᠷᠮᠠᠶᠢᠨ ᠠᠬᠢᠭᠤᠯᠵᠤ ᠂ ᠡᠷᠬᠡᠪᠰᠢ ᠲᠦᠷᠦ ᠶᠢᠨ | ᠪᠣᠳᠣᠯᠭ᠎ᠠ ᠶᠢᠨ ᠲᠣᠭᠲᠠᠭᠠᠯ ᠢ ᠲᠡᠷᠡ ᠶᠤᠰᠤᠭᠠᠷ ᠨᠢ ᠰᠠᠶᠢᠲᠤᠷ ᠨᠠᠶᠢᠳᠠᠪᠤᠷᠢᠵᠢᠭᠤᠯᠵᠤ ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠬᠢᠭᠡᠳ ᠡᠶ᠎ᠡ ᠵᠣᠬᠢᠴᠠᠯ | ᠲᠣᠭᠲᠠᠭᠤᠨ ᠪᠠᠶᠢᠳᠠᠯ ᠢ ᠬᠠᠮᠠᠭᠠᠯᠠᠬᠤ ᠬᠡᠷᠡᠭᠲᠡᠢ᠃ ᠡᠭᠦᠨ ᠤ ᠲᠤᠯᠠᠳᠠ ︽ ᠢᠯᠡ ᠪᠠᠷ ᠲᠠᠲᠠᠪᠤᠷᠢᠯᠠᠨ ᠨᠤᠷᠠᠭᠠᠬᠰᠠᠨ ᠨᠢ ︾ ᠭᠡᠬᠦ ᠲᠤᠰᠬᠠᠢ ᠪᠤᠯᠤᠩ ᠭᠠᠷᠭᠠᠵᠤ ᠂ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠂ ᠪᠠᠶᠢᠳᠠᠯ ᠤᠨ ᠵᠠᠳᠠᠯᠤᠯᠲᠠ ᠂ ᠨᠡᠶᠢᠲᠡᠯᠢᠭ ᠮᠡᠳᠡᠭᠡᠯᠡᠯ ᠂ ᠬᠡᠷᠡᠭ ᠤᠨ ᠵᠢᠱᠢᠶ᠎ᠡ ᠶᠢ ᠢᠯᠡᠴᠢᠯᠡᠵᠦ ᠂ ᠰᠠᠶᠢᠨ ᠰᠠᠶᠢᠬᠠᠨ ᠶᠠᠷᠢᠶ᠎ᠠ | ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠵᠤ ᠂ ᠠᠵᠢᠯ ᠤᠨ ᠵᠥᠪ ᠴᠢᠭᠯᠡᠯ ᠢ ᠵᠢᠭᠠᠨ ᠵᠢᠯᠤᠭᠤᠳᠴᠤ ᠂ ᠭᠠᠵᠠᠷ ᠰᠢᠷᠣᠢ ᠶᠢ ᠲᠠᠲᠠᠪᠤᠷᠢᠯᠠᠨ ᠲᠥᠪᠬᠢᠨᠡᠭᠦᠯᠬᠦ | ᠠᠵᠢᠯ ᠤᠨ ᠬᠠᠤᠯᠢ ᠲᠣᠭᠲᠠᠭᠠᠯ ᠶᠣᠰᠣᠭᠠᠷ ᠤᠷᠤᠭᠰᠢᠲᠠᠢ ᠶᠠᠪᠤᠭᠳᠠᠬᠤ ᠶᠢ ᠠᠬᠢᠭᠤᠯᠬᠤ ᠪᠤᠯᠤᠨ᠎ᠠ ᠃ ᠠᠩᠬᠠᠷᠤᠯ ᠪᠠ ᠬᠢᠨᠠᠯᠲᠠ ᠲᠠᠯᠪᠢᠬᠤ ᠪᠣᠯᠪᠠᠤ ︵ | zgetd1527@163.com ︶ ᠃ | ︽ ᠳᠦᠩ ᠳᠦᠩ ᠳᠦᠩ ᠁ ︾ 6 ᠰᠠᠷ᠎ᠠ ᠶᠢᠨ 28 ᠤ ᠡᠳᠤᠷ ᠤᠨ ᠦᠳᠡ ᠶᠢᠨ ᠡᠮᠦᠨ᠎ᠡ᠂ ᠵᠡᠭᠦᠨᠭᠠᠷ ᠬᠤᠰᠢᠭᠤᠨ ᠤ ᠳ᠋ᠠ ᠯᠦ ᠪᠠᠯᠭᠠᠰᠤᠨ ᠤ ᠡᠯ ᠳ᠋ᠠᠨ | ᠴᠢᠶᠣᠤ ᠲᠣᠰᠬᠤᠨ ᠤ ᠱᠠᠨ ᠨᠠᠨ ᠭᠧᠦ ᠬᠤᠷᠰᠢᠶ᠎ᠠ ᠳᠤ ᠂ ᠨᠢᠭᠡᠨ ᠮᠠᠯᠲᠠᠭᠤᠷ ᠮᠠᠰᠢᠨ ᠲᠡᠮᠦᠷ ᠭᠠᠷ ᠢᠶᠠᠨ ᠬᠤᠷᠤᠶᠢᠯᠠᠬᠤ ᠶᠢᠨ ᠳᠠᠭᠠᠤ ᠲᠣᠭᠲᠠᠭᠠᠯ ᠠᠴᠠ ᠵᠥᠷᠢᠴᠡᠨ | ᠪᠦᠲᠦᠭᠡᠨ ᠪᠠᠶᠢᠭᠤᠯᠤᠬᠰᠠᠨ ᠭᠡᠷ ᠪᠠᠶᠢᠰᠢᠩ ᠢ ᠬᠠᠤᠯᠢ ᠶᠣᠰᠣᠭᠠᠷ ᠨᠤᠷᠠᠭᠠᠯᠠ᠃ | | ᠵᠢᠷᠤᠭ ᠄ ᠲᠣᠭᠲᠠᠭᠠᠯ ᠠᠴᠠ ᠵᠥᠷᠢᠴᠡᠨ ᠪᠦᠲᠦᠭᠡᠨ ᠪᠠᠶᠢᠭᠤᠯᠤᠬᠰᠠᠨ ᠭᠡᠷ ᠪᠠᠶᠢᠰᠢᠩ ᠢ ᠨᠤᠷᠠᠭᠠᠵᠤ ᠪᠠᠶᠢᠭᠠᠠᠬᠤᠢ ᠲᠠᠯᠠᠪᠠᠢ ᠪᠤᠯᠤᠨ᠎ᠠ ᠃ ᠾᠧ ᠷᠦᠨ ᠰᠡᠭᠦᠳᠡᠷᠯᠡᠪᠡ | | ᠣᠶᠢᠯᠠᠭᠠᠭᠰᠠᠨ ᠢᠶᠠᠷ ᠂ ᠲᠣᠭᠲᠠᠭᠠᠯ ᠠᠴᠠ ᠵᠥᠷᠢᠴᠡᠨ ᠪᠦᠲᠦᠭᠡᠨ ᠪᠠᠶᠢᠭᠤᠯᠤᠬᠰᠠᠨ ᠲᠤᠰ ᠭᠡᠷ ᠪᠠᠶᠢᠰᠢᠩ ᠨᠢ ᠵᠥᠪᠰᠢᠶᠡᠷᠡᠯ ᠦᠭᠡᠢ ᠪᠠᠷ ᠤᠷᠢᠳᠠᠪᠠᠷ ᠪᠦᠲᠦᠭᠡᠨ | ᠪᠠᠶᠢᠭᠤᠯᠤᠬᠰᠠᠨ ᠪᠠᠷᠢᠯᠭ᠎ᠠ ᠳᠤ ᠲᠣᠭᠠᠴᠠᠭᠳᠠᠨ᠎ᠠ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ | ᠶᠢᠨ ᠳᠥᠴᠢᠨ ᠳᠥᠷᠪᠡᠳᠦᠭᠡᠷ ᠵᠦᠢᠯ ᠵᠡᠷᠭᠡ ᠲᠣᠭᠲᠠᠭᠠᠯ ᠢ ᠵᠥᠷᠢᠴᠡᠵᠦ ᠂ ᠬᠠᠤᠯᠢ ᠶᠢ ᠵᠥᠷᠢᠴᠡᠵᠦ ᠪᠦᠲᠦᠭᠡᠨ ᠪᠠᠶᠢᠭᠤᠯᠤᠭᠰᠠᠨ ᠨᠡᠶᠢᠲᠡᠯᠢᠭᠠᠵᠢᠯᠯᠠᠭᠠ ᠳᠤ | ᠲᠣᠭᠠᠴᠠᠭᠳᠠᠨ᠎ᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ᠶᠢᠨ ᠲᠠᠯᠠᠨ ᠳᠣᠯᠣᠳᠤᠭᠠᠷ ᠵᠦᠢᠯ ᠂ | ᠲᠠᠯᠠᠨ ᠨᠠᠢᠮᠠᠳᠤᠭᠠᠷ ᠵᠦᠢᠯ ᠢ ᠦᠨᠳᠦᠰᠦᠯᠡᠪᠡᠯ ᠂ ︽ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠭᠠᠵᠠᠷ ᠰᠢᠷᠣᠢ ᠳᠡᠭᠡᠷ᠎ᠡ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠪᠠ | ᠪᠤᠰᠤᠳ ᠲᠥᠬᠦᠭᠡᠷᠦᠮᠵᠢ ᠶᠢ ᠬᠤᠭᠤᠴᠠᠭ᠎ᠠ ᠲᠣᠭᠲᠠᠭᠠᠨ ᠨᠤᠷᠠᠭᠠᠯᠭᠠᠵᠤ ᠂ ᠭᠠᠵᠠᠷ ᠰᠢᠷᠣᠢ ᠶᠢᠨ ᠤᠤᠯ ᠤᠨ ᠪᠠᠶᠢᠳᠠᠯ ᠢ ᠨᠢ ᠰᠡᠷᠭᠦᠭᠡᠯᠭᠡᠨ᠎ᠡ᠃︾ | | ᠵᠢᠷᠤᠭ ᠄ ᠲᠣᠭᠲᠠᠭᠠᠯ ᠠᠴᠠ ᠵᠥᠷᠢᠴᠡᠨ ᠪᠦᠲᠦᠭᠡᠨ ᠪᠠᠶᠢᠭᠤᠯᠤᠬᠰᠠᠨ ᠭᠡᠷ ᠪᠠᠶᠢᠰᠢᠩ ᠢ ᠨᠤᠷᠠᠭᠠᠵᠤ ᠪᠠᠶᠢᠭᠠᠠᠬᠤᠢ ᠲᠠᠯᠠᠪᠠᠢ ᠪᠤᠯᠤᠨ᠎ᠠ ᠃ ᠾᠧ ᠷᠦᠨ ᠰᠡᠭᠦᠳᠡᠷᠯᠡᠪᠡ | | ᠳ᠋ᠠ ᠯᠦ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶᠠᠨ ᠤ ᠳᠡᠳ᠋ ᠳᠠᠷᠤᠭ᠎ᠠ ᠬᠤᠤ ᠮᠧᠢ ᠵᠢᠶᠦ᠋ᠨ ᠄ ︽ᠪᠢᠳᠡ ᠡᠯ ᠳ᠋ᠠᠨ | ᠴᠢᠶᠣᠤ ᠲᠣᠰᠬᠤᠨ ᠤ ᠱᠠᠨ ᠨᠠᠨ ᠭᠧᠦ ᠬᠤᠷᠰᠢᠶ᠎ᠠ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠳᠠᠯ ᠢ ᠲᠣᠭᠤᠷᠢᠨ ᠪᠠᠶᠢᠴᠠᠭᠠᠬᠤ ᠶᠠᠪᠤᠴᠠ ᠳᠤ ᠂ ᠲᠤᠰ ᠭᠠᠵᠠᠷ ᠤᠨ | ᠲᠣᠰᠬᠤᠨ ᠤ ᠠᠷᠠᠳ ᠬᠢᠨᠠᠨ ᠵᠥᠪᠰᠢᠶᠡᠷᠡᠭᠦᠯᠦᠭᠰᠡᠨ ᠦᠭᠡᠢ ᠪᠠᠷ ᠬᠠᠤᠯᠢ ᠶᠢ ᠵᠥᠷᠢᠴᠡᠨ ᠭᠠᠵᠠᠷ ᠰᠢᠷᠣᠢ ᠶᠢ ᠡᠵᠡᠯᠡᠨ ᠭᠡᠷ ᠪᠠᠶᠢᠰᠢᠩ ᠪᠠᠷᠢᠵᠤ ᠪᠠᠶᠢᠬᠤ ᠶᠢ ᠣᠯᠵᠤ | ᠮᠡᠳᠡᠪᠡ᠂ ᠪᠢᠳᠡ ᠠᠬᠤᠢ ᠲᠠᠯᠠᠪᠠᠢ ᠳᠤ ᠲᠤᠬᠠᠢ ᠶᠢᠨ ᠬᠥᠮᠥᠨ ᠳᠤ ︿ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠤᠭᠠᠬᠤ ᠮᠡᠳᠡᠭᠳᠡᠯ ᠤᠨ ᠪᠢᠴᠢᠭ﹀ ᠂ | ︿ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠠᠯᠠᠷᠠᠭᠤᠯᠬᠤ ᠮᠡᠳᠡᠭᠳᠡᠯ ᠤᠨ ᠪᠢᠴᠢᠭ﹀ ᠪᠠᠭᠤᠯᠭᠠᠵᠤ ᠂ ᠵᠠᠷᠯᠢᠭᠳᠠᠵᠤ ᠪᠠᠶᠢᠭᠠᠳ ᠲᠣᠭᠲᠠᠭᠠᠯ ᠢ ᠵᠥᠷᠢᠴᠡᠨ | ᠪᠦᠲᠦᠭᠡᠨ ᠪᠠᠶᠢᠭᠤᠯᠤᠬᠰᠠᠨ ᠭᠡᠷ ᠪᠠᠶᠢᠰᠢᠩ ᠢ ᠨᠢ ᠨᠤᠷᠠᠭᠠᠯᠭᠠᠪᠠ᠃ ᠤᠯᠠᠨ ᠤᠳᠠᠭ᠎ᠠ ᠶᠢᠨ ᠢᠳᠬᠠᠨ ᠲᠠᠶᠢᠯᠪᠤᠷᠢᠯᠠᠬᠤ ᠪᠠᠷ ᠲᠠᠮᠵᠢᠨ᠂ ᠬᠤᠯᠪᠣᠭᠳᠠᠯ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ ᠢ ᠲᠠᠶᠢᠯᠪᠤᠷᠢᠯᠠᠵᠤ ᠂ ᠡᠴᠦᠰ ᠲᠡᠭᠡᠨ ᠲᠤᠬᠠᠢ ᠶᠢᠨ ᠬᠥᠮᠥᠨ ᠨᠢ ᠬᠠᠮᠵᠢᠯᠴᠠᠨ ᠨᠤᠷᠠᠭᠠᠬᠤ ᠶᠢ ᠵᠥᠪᠰᠢᠶᠡᠷᠡᠪᠡ︾ ᠭᠡᠵᠤ ᠪᠠᠶᠢᠯ᠎ᠠ ᠃ | | ᠵᠢᠷᠤᠭ ᠄ ᠲᠣᠭᠲᠠᠭᠠᠯ ᠠᠴᠠ ᠵᠥᠷᠢᠴᠡᠨ ᠪᠦᠲᠦᠭᠡᠨ ᠪᠠᠶᠢᠭᠤᠯᠤᠬᠰᠠᠨ ᠭᠡᠷ ᠪᠠᠶᠢᠰᠢᠩ ᠢ ᠨᠤᠷᠠᠭᠠᠵᠤ ᠪᠠᠶᠢᠭᠠᠠᠬᠤᠢ ᠲᠠᠯᠠᠪᠠᠢ ᠪᠤᠯᠤᠨ᠎ᠠ ᠃ ᠾᠧ ᠷᠦᠨ ᠰᠡᠭᠦᠳᠡᠷᠯᠡᠪᠡ | | ᠡᠨᠡ ᠵᠢᠯ ᠤᠨ 6 ᠰᠠᠷ᠎ᠠ ᠶᠢᠨ ᠡᠬᠢ ᠪᠠᠷ ᠂ ᠵᠡᠭᠦᠨᠭᠠᠷ ᠬᠤᠰᠢᠭᠤ ᠲᠣᠭᠲᠠᠭᠠᠯ ᠠᠴᠠ ᠵᠥᠷᠢᠴᠡᠨ ᠪᠦᠲᠦᠭᠡᠨ ᠪᠠᠶᠢᠭᠤᠯᠤᠯᠲᠠ ᠬᠢᠬᠦ ᠶᠢ ᠲᠤᠰᠬᠠᠶᠢᠯᠠᠨ ᠵᠠᠰᠠᠬᠤ | ᠠᠵᠢᠯᠯᠠᠭ᠎ᠠ ᠥᠷᠨᠢᠭᠦᠯᠦᠭᠰᠡᠨ ᠠᠴᠠ ᠨᠠᠭᠠᠰᠢ ᠂ ᠳ᠋ᠠ ᠯᠦ ᠪᠠᠯᠭᠠᠰᠤᠨ ᠤ ᠬᠢᠨ ᠰᠦᠷ ᠬᠦᠴᠤᠨ ᠲᠠᠢ ᠠᠵᠢᠯᠯᠠᠭ᠎ᠠ ᠦᠷᠨᠢᠬᠦᠯᠤᠨ ᠂ ᠬᠠᠤᠯᠢ ᠶᠢ ᠵᠥᠷᠢᠴᠡᠨ ᠪᠦᠲᠦᠭᠡᠨ | ᠪᠠᠶᠢᠭᠤᠯᠤᠬᠰᠠᠨ ᠪᠠ ᠬᠤᠪᠢ ᠪᠠᠷ ᠢᠶᠠᠨ ᠪᠤᠰᠬᠠᠨ ᠳᠤᠷ᠎ᠠ ᠪᠠᠷ ᠪᠦᠳᠤᠭᠡᠨ ᠪᠠᠶᠢᠭᠤᠯᠤᠬᠰᠠᠨ ᠭᠤᠣᠯᠳᠠᠯᠭ᠎ᠠ ᠲᠠᠢ ᠶᠠᠷᠰᠢᠭ ᠲᠠᠢ ᠭᠠᠵᠠᠷ ᠣᠷᠣᠨ ᠢ ᠴᠢᠩᠭ᠎ᠠ ᠠᠩᠬᠠᠷᠴᠤ ᠂ | ᠤᠳᠤᠬᠠᠨ ᠪᠣᠯᠲᠠᠯ᠎ᠠ ᠂ ᠲᠣᠭᠲᠠᠭᠠᠯ ᠠᠴᠠ ᠵᠥᠷᠢᠴᠡᠨ ᠪᠦᠲᠦᠭᠡᠨ ᠪᠠᠶᠢᠭᠤᠯᠤᠭᠰᠠᠨ60 ᠭᠠᠷᠤᠢ ᠭᠠᠵᠠᠷ ᠤᠨ 80 ᠭᠠᠷᠤᠢ ᠮᠦ ᠪᠠᠷᠢᠯᠭ᠎ᠠ ᠶᠢ ᠬᠠᠤᠯᠢ ᠶᠣᠰᠣᠭᠠᠷ | ᠨᠤᠷᠠᠭᠠᠵᠤ ᠂ ᠲᠣᠭᠲᠠᠭᠠᠯ ᠠᠴᠠ ᠵᠥᠷᠢᠴᠡᠨ ᠪᠦᠲᠦᠭᠡᠨ ᠪᠠᠶᠢᠭᠤᠯᠤᠬᠰᠠᠨ ᠢ ᠬᠠᠯᠠᠨ ᠰᠠᠶᠢᠵᠢᠷᠠᠭᠤᠯᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠦᠭᠰᠡᠨ ᠪᠥᠭᠡᠳ | ᠨᠤᠷᠠᠭᠠᠭᠰᠠᠨ ᠤ ᠳᠠᠷᠠᠭᠠᠬᠢ ᠭᠠᠵᠠᠷ ᠰᠢᠷᠣᠢ ᠶᠢ ᠳᠠᠬᠢᠨ ᠬᠠᠭᠠᠯᠪᠤᠷᠢᠯᠠᠵᠤ ᠂ ᠭᠠᠵᠠᠷ ᠰᠢᠷᠣᠢ ᠶᠢᠨ ᠤᠤᠯ ᠳᠦᠷᠬᠦ ᠶᠢ ᠨᠢ ᠰᠡᠷᠭᠦᠭᠡᠪᠡ ᠃ | | ᠵᠢᠷᠤᠭ ᠄ ᠭᠠᠴᠠᠭᠠᠨ ᠤ ᠠᠷᠠᠳ ᠲᠣᠭᠲᠠᠭᠠᠯ ᠠᠴᠠ ᠵᠥᠷᠢᠴᠡᠵᠦ ᠪᠦᠲᠦᠭᠡᠨ ᠪᠠᠶᠢᠭᠤᠯᠤᠬᠰᠠᠨ ᠭᠡᠷ ᠪᠠᠶᠢᠰᠢᠩ ᠢᠶᠠᠨ ᠥᠪᠡᠰᠦᠪᠡᠨ ᠨᠤᠷᠠᠭᠠᠨ᠎ᠠ᠃ ᠾᠧ ᠷᠦᠨ | ᠰᠡᠭᠦᠳᠡᠷᠯᠡᠪᠡ | | ᠳ᠋ᠠ ᠯᠦ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠭᠤᠤ ᠰᠢᠶᠠᠩ ᠳ᠋ᠦᠩ ᠬᠡᠯᠡᠬᠦ ᠳᠡᠭᠡᠨ᠄ ︽ ᠡᠨᠡ ᠵᠢᠯ ᠠᠴᠠ ᠨᠠᠭᠠᠰᠢ ᠂ ᠳ᠋ᠠ | ᠯᠦ ᠪᠠᠯᠭᠠᠰᠤ ᠣᠯᠠᠨ ᠵᠠᠮ ᠮᠦᠷ ᠂ ᠣᠯᠠᠨ ᠬᠡᠯᠪᠡᠷᠢ ᠪᠠᠷ ᠬᠠᠤᠯᠢ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢᠨ ᠵᠠᠰᠠᠯᠲᠠ ᠶᠢᠨ ᠤᠬᠠᠭᠤᠯᠭ᠎ᠠ ᠶᠢᠨ ᠠᠵᠢᠯ ᠢ | ᠥᠷᠨᠢᠭᠦᠯᠵᠦ ᠂ ᠠᠶᠢᠯ ᠡᠷᠦᠬᠡ ᠳᠤ ᠬᠦᠷᠴᠦ ᠂ ︽ ᠬᠠᠤᠯᠢ ᠲᠣᠭᠲᠠᠭᠠᠯ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢᠨ ᠲᠤᠰᠬᠠᠢ ᠵᠠᠰᠠᠯᠲᠠ ᠶᠢᠨ ᠠᠵᠢᠯᠯᠠᠭ᠎ᠠ ᠶᠢ | ᠥᠷᠨᠢᠭᠦᠯᠬᠦ ᠲᠤᠬᠠᠢ ︾ ᠵᠠᠷᠯᠠᠯ ᠵᠢᠴᠢ ︽ ᠪᠥᠬᠦ ᠬᠤᠰᠢᠭᠤᠨ ᠤ ᠠᠷᠠᠳ ᠲᠦᠮᠡᠨ ᠳᠤ ᠢᠯᠡᠭᠡᠭᠰᠡᠨ ᠨᠢᠭᠡ ᠬᠤᠪᠢ ᠢᠯᠡ ᠵᠠᠬᠢᠳᠠᠯ ︾ ᠢ ᠲᠠᠷᠬᠠᠭᠠᠵᠤ ᠂ ᠲᠤᠰᠬᠠᠢ | ᠴᠡᠭᠴᠡᠯᠡᠨ ᠵᠠᠰᠠᠯᠲᠠ ᠶᠢᠨ ᠵᠥᠪ ᠪᠤᠷᠤᠭᠤ ᠲᠠᠯ᠎ᠠ ᠶᠢᠨ ᠨᠡᠶᠢᠲᠡᠯᠢᠭ ᠵᠢᠱᠢᠶ᠎ᠡ ᠶᠢ ᠲᠠᠶᠢᠯᠪᠤᠷᠢᠯᠠᠨ ᠂ ᠥᠷᠭᠡᠨ ᠣᠯᠠᠨ ᠲᠦᠮᠡᠨ ᠢ ᠬᠦᠮᠤᠵᠢᠬᠦᠯᠤᠨ ᠬᠦᠳᠤᠯᠤᠨ | ᠳᠠᠭᠠᠭᠤᠯᠵᠤ ᠪᠠᠶᠢᠭᠠᠳ ᠬᠠᠤᠯᠢ ᠶᠢ ᠤᠶᠢᠯᠠᠭᠠᠭᠤᠯᠤᠨ ᠂ ᠬᠠᠤᠯᠢ ᠶᠢ ᠮᠡᠳᠡᠬᠦᠯᠵᠤ ᠂ ᠬᠠᠤᠯᠢ ᠶᠢ ᠰᠠᠬᠢᠭᠤᠯᠪᠠ ᠃ ᠪᠣᠳᠠᠲᠠᠢ ᠠᠵᠢᠯ ᠳᠤᠮᠳᠠ ᠂ ᠡᠷᠲᠡ ᠠᠴᠠ ᠣᠯᠵᠤ | ᠮᠡᠳᠡᠬᠦ ᠂ ᠲᠦᠷᠭᠡᠨ ᠪᠠᠶᠢᠴᠠᠭᠠᠨ ᠰᠢᠢᠳᠪᠦᠷᠢᠯᠡᠬᠦ ᠂ ᠴᠢᠩᠭ᠎ᠠ ᠬᠠᠮᠢᠶᠠᠷᠤᠨ ᠡᠵᠡᠮᠳᠡᠬᠦ ᠂ ᠬᠦᠴᠦᠲᠡᠢ ᠴᠣᠬᠢᠯᠲᠠ ᠥᠭᠬᠦ ᠶᠢ ᠪᠠᠷᠢᠮᠲᠠᠯᠠᠨ ᠂ ᠨᠢᠭᠡ ᠶᠢ ᠢᠯᠡᠷᠡᠭᠦᠯᠪᠡᠯ | ᠨᠢᠭᠡ ᠶᠢ ᠨᠤᠷᠠᠭᠠᠵᠤ ᠂ ᠬᠠᠤᠯᠢ ᠶᠢ ᠵᠥᠷᠢᠴᠡᠨ ᠪᠦᠲᠦᠭᠡᠨ ᠪᠠᠶᠢᠭᠤᠯᠬᠤ ᠠᠵᠢᠯᠯᠠᠭ᠎ᠠ ᠳᠤ ᠴᠢᠩᠭ᠎ᠠ ᠪᠥᠭᠡᠳ ᠲᠦᠷᠭᠡᠨ ᠴᠣᠬᠢᠯᠲᠠ ᠥᠭᠴᠦ ᠂ ᠳᠤᠷ᠎ᠠ ᠪᠠᠷ ᠢᠶᠠᠨ | ᠪᠠᠶᠢᠭᠤᠯᠤᠭᠰᠠᠨ ᠂ ᠵᠥᠪᠰᠢᠶᠡᠷᠡᠭᠦᠯᠦᠭᠡᠳᠦᠢ ᠪᠠᠷ ᠤᠷᠢᠳᠠᠪᠠᠷ ᠪᠠᠶᠢᠭᠤᠯᠤᠭᠰᠠᠨ ᠂ ᠪᠠᠶᠢᠭᠤᠯᠬᠤ ᠶᠢ ᠵᠥᠪᠰᠢᠶᠡᠷᠡᠭᠰᠡᠨ ᠨᠢ ᠨᠡᠶᠢᠴᠡᠬᠦ ᠦᠭᠡᠢ ᠵᠢᠴᠢ ᠬᠠᠤᠯᠢ ᠶᠢ ᠵᠥᠷᠢᠴᠡᠨ | ᠭᠠᠵᠠᠷ ᠬᠡᠷᠡᠭᠯᠡᠭᠰᠡᠨ ᠬᠤᠯᠪᠣᠭᠳᠠᠯ ᠪᠦᠬᠦᠢ ᠪᠠᠶᠢᠳᠠᠯ ᠢ ᠲᠤᠰᠬᠠᠢ ᠴᠡᠭᠴᠡᠯᠡᠨ ᠵᠠᠰᠠᠵᠤ ᠂ ᠲᠣᠭᠲᠠᠭᠠᠯ ᠢ ᠵᠥᠷᠢᠴᠡᠨ ᠪᠦᠳᠤᠭᠡᠨ ᠪᠠᠶᠢᠭᠤᠯᠬᠤ ᠶᠢ ᠰᠢᠨ᠎ᠡ ᠪᠠᠷ | ᠨᠡᠮᠡᠭᠳᠡᠭᠦᠯᠬᠦ ᠶᠢ ᠴᠢᠩᠭ᠎ᠠ ᠬᠢᠵᠠᠭᠠᠷᠯᠠᠵᠤ ᠂ ᠲᠣᠭᠲᠠᠭᠠᠯ ᠢ ᠵᠥᠷᠢᠴᠡᠨ ᠪᠦᠳᠤᠭᠡᠨ ᠪᠠᠶᠢᠭᠤᠯᠬᠤ ᠶᠢ ᠬᠠᠮᠢᠶᠠᠷᠤᠨ ᠡᠵᠡᠮᠳᠡᠬᠦ ᠠᠵᠢᠯ ᠢ ᠬᠦᠴᠦᠲᠡᠢ ᠠᠬᠢᠭᠤᠯᠤᠨ᠎ᠠ ︾ | ᠭᠡᠵᠡᠢ ᠃ | | ᠵᠢᠷᠤᠭ ᠄ ᠨᠤᠷᠠᠭᠠᠵᠤ ᠳᠠᠭᠤᠰᠤᠭᠰᠠᠨ ᠤ ᠳᠠᠷᠠᠭ᠎ᠠ ᠂ ᠭᠠᠵᠠᠷ ᠰᠢᠷᠣᠢ ᠶᠢ ᠳᠠᠬᠢᠨ ᠬᠠᠭᠠᠯᠪᠤᠷᠢᠯᠠᠬᠰᠠᠨ ᠪᠠ ᠴᠡᠭᠴᠡᠯᠡᠨ ᠵᠠᠰᠠᠪᠠ ᠃ ᠾᠧ ᠷᠦᠨ ᠰᠡᠭᠦᠳᠡᠷᠯᠡᠪᠡ | | ᠭᠠᠵᠠᠷ ᠰᠢᠷᠣᠢ ᠪᠣᠯ ᠠᠷᠠᠳ ᠤᠨ ᠠᠮᠢᠳᠤᠷᠠᠯ ᠤᠨ ᠦᠨᠳᠦᠰᠦ ᠂ ᠬᠥᠭᠵᠢᠯᠲᠡ ᠶᠢᠨ ᠡᠬᠢ ᠰᠤᠷᠪᠤᠯᠵᠢ ᠪᠤᠯᠤᠨ᠎ᠠ᠂ ᠪᠠᠰᠠ ᠴᠤ ᠴᠢᠨᠠᠷ ᠰᠠᠶᠢᠲᠠᠢ ᠬᠥᠭᠵᠢᠯᠲᠡ ᠶᠢ | ᠲᠦᠷᠭᠡᠳᠬᠡᠬᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠵᠡᠬᠦᠠᠭᠠᠷ ᠤᠨ ᠴᠢᠬᠤᠯᠠ ᠪᠠᠲᠤᠯᠠᠭ᠎ᠠ ᠪᠠ ᠦᠨᠳᠦᠰᠦᠨ ᠲᠤᠯᠭᠠᠭᠤᠷᠢᠯᠠᠯ | ᠪᠤᠯᠤᠨ᠎ᠠ᠃ ᠣᠳᠣᠬᠠᠨ ᠳᠤ ᠂ ᠵᠡᠭᠦᠨᠭᠠᠷ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠨᠢ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠂ ᠰᠢᠨ᠎ᠡ ᠴᠢᠨᠠᠷ | ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠂ ᠰᠢᠨ᠎ᠡ ᠤᠷᠤᠯᠳᠤᠭᠠᠨ ᠤ ᠵᠠᠮ ᠢ ᠥᠷᠭᠡᠳᠬᠡᠬᠦ ᠵᠠᠩᠭᠢᠯᠠᠭ᠎ᠠ ᠶᠢᠨ ᠴᠠᠭ ᠦᠶ᠎ᠡ ᠳᠤ ᠣᠷᠣᠵᠤ ᠂ ᠬᠤᠲᠠ ᠶᠢᠨ | ᠶᠠᠰᠤ ᠴᠢᠨᠠᠷ ᠢ ᠳᠡᠭᠡᠭᠰᠢᠯᠡᠭᠦᠯᠬᠦ ᠪᠠ ᠨᠠᠩ ᠣᠯᠠᠨ ᠲᠥᠷᠥᠯ ᠵᠦᠢᠯ ᠢ ᠳᠠᠳᠠᠨ ᠠᠪᠴᠢᠷᠠᠵᠤ ᠵᠡᠬᠦᠠᠭᠠᠷ ᠲᠤ ᠪᠡᠯᠡ ᠣᠷᠣᠭᠤᠯᠬᠤ ᠪᠠᠨᠤᠳᠤᠬᠰᠢᠭᠤᠯᠬᠤ ᠶᠢ | ᠯᠠᠪᠳᠠᠭᠤᠨ ᠢᠶᠠᠷ ᠠᠬᠢᠭᠤᠯᠵᠤ ᠂ ︽ ᠬᠠᠤᠯᠢ ᠳᠤᠬᠳᠠᠭᠠᠯ ᠠᠴᠠ ᠵᠥᠷᠢᠴᠡᠭᠰᠡᠨ ᠢ ᠬᠢᠵᠠᠭᠠᠷᠯᠠᠵᠤ ᠵᠠᠰᠠᠬᠤ ︾ ᠶᠢ ᠤᠷᠢᠳᠠᠪᠠᠷ ᠭᠡᠷᠡᠭᠵᠢᠬᠦᠯᠬᠦ ᠬᠤᠰᠢᠭᠤ ᠶᠢ ᠰᠠᠶᠢᠲᠤᠷ | ᠪᠦᠳᠤᠭᠡᠨ ᠪᠠᠶᠢᠭᠤᠯᠵᠠᠢ ᠃ ᠳᠠᠷᠠᠭᠠᠴᠢ ᠶᠢᠨ ᠠᠯᠬᠤᠮ ᠳᠤ ᠂ ᠵᠡᠭᠦᠨᠭᠠᠷ ᠬᠤᠰᠢᠭᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠭᠤᠶᠢᠪᠢᠰᠢ ᠦᠭᠡᠢ ᠂ | ᠯᠠᠪᠳᠠᠭᠤᠨ ᠪᠥᠭᠡᠳ ᠡᠮᠬᠢ ᠳᠢᠭᠯᠢᠮ ᠲᠠᠢ ᠠᠬᠢᠭᠤᠯᠵᠤ ᠂ ᠬᠤᠪᠢ ᠪᠠᠷ ᠢᠶᠠᠨ ᠪᠤᠰᠬᠠᠨ ᠳᠤᠷ᠎ᠠ ᠪᠠᠷ ᠪᠠᠷᠢᠯᠭ᠎ᠠ ᠪᠠᠷᠢᠬᠤ ᠂ ᠬᠠᠤᠯᠢ ᠠᠴᠠ ᠵᠥᠷᠢᠴᠡᠭᠰᠡᠨ ᠪᠠᠷᠢᠯᠭ᠎ᠠ ᠶᠢ | ᠴᠡᠭᠴᠡᠯᠡᠨ ᠵᠠᠰᠠᠵᠤ ᠨᠤᠷᠠᠭᠠᠬᠤ ᠡᠷᠴᠢᠮ ᠢ ᠴᠢᠩᠭᠠᠷᠠᠭᠤᠯᠵᠤ ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ ᠂ ︽ | ᠡᠷᠲᠡ ᠠᠴᠠ ᠠᠳᠬᠤᠵᠤ ᠪᠠᠭ᠎ᠠ ᠳᠤᠨᠢ ᠠᠳᠬᠤᠬᠤ ︾ ᠪᠠ ︽ ᠴᠤᠬᠤᠶᠢᠪᠠᠯ ᠴᠣᠬᠢᠯᠲᠠ ᠥᠭᠬᠦ ︾ ᠶᠢ ᠪᠠᠷᠢᠮᠲᠠᠯᠠᠵᠤ ᠂ ᠬᠠᠤᠯᠢ ᠠᠴᠠ ᠵᠥᠷᠢᠴᠡᠭᠰᠡᠨ ᠪᠦᠲᠦᠭᠡᠨ | ᠪᠠᠶᠢᠭᠤᠯᠤᠯᠲᠠ ᠶᠢᠨ ᠰᠢᠨ᠎ᠡ ᠪᠠᠷ ᠨᠡᠮᠡᠭᠳᠡᠬᠦ ᠶᠢ ᠡᠷᠡᠰ ᠬᠤᠷᠢᠭᠯᠠᠵᠤ ᠂ ᠰᠢᠨ᠎ᠡ ᠪᠠᠷ ᠨᠡᠮᠡᠭᠳᠡᠭᠰᠡᠨ ᠲᠣᠭᠲᠠᠭᠠᠯ ᠠᠴᠠ ᠵᠥᠷᠢᠴᠡᠭᠰᠡᠨ ᠪᠠᠷᠢᠯᠭ᠎ᠠ ᠶᠢ ᠴᠤᠬᠤᠶᠢᠵᠤ ᠪᠠᠶᠢᠭ᠎ᠠ | ᠪᠠᠶᠢᠳᠠᠯ ᠳᠤᠨᠢ ᠦᠨᠡᠨᠬᠦ ᠨᠤᠷᠠᠭᠠᠵᠤ ᠂ ᠵᠡᠭᠦᠨᠭᠠᠷ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠨ᠎ᠠ ᠃ | |