| ᠣᠶᠢᠷ᠎ᠠ ᠳᠤ ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠭᠤᠤᠯ ᠴᠣᠭᠴᠠ ᠶᠢᠨ ᠢᠲᠡᠭᠡᠮᠵᠢ ᠶᠢᠨ ᠲᠠᠰ ᠲᠣᠭᠲᠠᠭᠠᠯᠲᠠ ᠳᠤ AAA ᠪᠠᠷ | ᠦᠨᠡᠯᠡᠭᠳᠡᠵᠦ ᠂ ᠤᠯᠤᠰ ᠤᠨ ᠳᠣᠲᠣᠭᠠᠳᠤ ᠳᠠᠬᠢ ᠠᠵᠤ ᠠᠬᠤᠶᠢᠯᠠᠯ ᠤᠨ ᠢᠲᠡᠭᠡᠮᠵᠢ ᠶᠢᠨ ᠲᠠᠰ ᠤᠨ ︽ ᠨᠢᠭᠡᠳᠦᠭᠡᠷ ᠱᠠᠲᠤᠯᠵᠢᠨ ᠤ ᠡᠩᠨᠡᠭᠡᠨ ︾ ᠳᠤ ᠣᠷᠣᠪᠠ ᠃ ︵ | ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ︶ | 7 ᠳ᠋ᠤᠭᠠᠷ ᠰᠠᠷ᠎ᠠ ᠶᠢᠨ 19 ᠤ ᠡᠳᠦᠷ ᠂ ᠬᠥᠬᠡᠬᠤᠲᠠ ᠶᠢᠨ ᠳᠣᠤᠷ᠎ᠠ ᠠᠭᠠᠷ ᠤᠨ ᠠᠵᠤ ᠠᠬᠤᠶ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ | ᠬᠦᠷᠢᠶᠡᠯᠡᠩ ᠬᠢᠭᠡᠳ ᠵᠠᠰᠠᠮᠠᠯ ᠵᠠᠮ ᠤᠨ ᠭᠠᠷᠠᠮ ᠤᠨ ᠥᠭᠡᠷᠡᠴᠢᠯᠡᠯᠲᠡ ᠶᠢᠨ ᠰᠢᠨᠡᠳᠭᠡᠬᠦ ᠪᠠᠷᠢᠯᠭ᠎ᠠ ᠶᠢᠨ ᠠᠵᠢᠯ ᠡᠬᠢᠯᠡᠬᠦ ᠶᠤᠰᠤᠯᠠᠯ ᠢᠶᠠᠨ ᠬᠢᠵᠦ ᠂ ᠳᠣᠣᠷ᠎ᠠ ᠠᠭᠠᠷ ᠤᠨ | ᠠᠵᠤ ᠠᠬᠤᠢ ᠶᠢᠨ ᠲᠣᠨᠤᠭ ᠲᠥᠬᠦᠭᠡᠷᠦᠮᠵᠢ ᠶᠢᠨ ᠦᠢᠯᠡᠳᠴᠦ ᠬᠥᠮᠥᠷᠭᠡᠯᠡᠨ ᠬᠠᠳᠠᠭᠠᠯᠠᠬᠤ ᠬᠥᠮᠥᠷᠭᠡ ᠂ ᠱᠠ ᠯᠢᠶᠠᠩ ᠵᠠᠰᠠᠮᠠᠯ ᠵᠠᠮ ᠤᠨ ᠭᠠᠷᠠᠮ ᠂ ᠭᠠᠳᠠᠭᠠᠳᠤ | ᠭᠠᠷᠭᠠᠯᠲᠠ ᠶᠢᠨ ᠬᠢᠨᠠᠨ ᠬᠠᠮᠢᠶᠠᠷᠤᠯᠲᠠ ᠪᠠ ᠨᠡᠶᠢᠲᠡ ᠶᠢᠨ ᠬᠡᠷᠡᠭᠯᠡᠭᠡᠨ ᠤ ᠬᠡᠯᠪᠡᠷᠢ ᠶᠢᠨ ᠭᠠᠶᠢᠯᠢ ᠪᠠᠲᠤᠯᠠᠬᠤ ᠬᠥᠮᠥᠷᠭᠡ ᠵᠡᠷᠭᠡ 3 ᠲᠥᠷᠥᠯ ᠵᠦᠢᠯ ᠢ ᠤᠷᠢᠳ ᠢᠶᠠᠷ | ᠪᠠᠶᠢᠭᠤᠯᠬᠤ ᠪᠣᠯᠣᠨ᠎ᠠ ᠃ ︵ ᠬᠥᠬᠡᠬᠤᠲᠠ ᠶᠢᠨ ᠵᠠᠰᠠᠭ ᠤᠨ ᠣᠷᠳᠣᠨ ︶ | ᠳᠡᠭᠡᠷ᠎ᠡ ᠬᠠᠭᠠᠰ ᠵᠢᠯ ᠳᠤ ᠂ ᠰᠢᠯᠢ ᠶᠢᠨ ᠭᠤᠣᠯ ᠠᠶᠢᠮᠠᠭ ᠤᠯᠤᠰ ᠤᠨ ᠳᠣᠲᠣᠭᠠᠳᠤ ᠳᠠᠬᠢ ᠵᠤᠭᠠᠴᠠᠭᠰᠠᠳ ᠢ ᠨᠡᠶᠢᠲᠡ 740.1 ᠲᠦᠮᠡᠨ ᠬᠥᠮᠦᠨ ᠤᠳᠠᠭ᠎ᠠ | ᠬᠦᠯᠢᠶᠡᠨ ᠠᠪᠴᠤ ᠂ ᠠᠳᠠᠯᠢ ᠬᠤᠭᠤᠴᠠᠭᠠᠨ ᠤ ᠬᠢ ᠠᠴᠠ 13.69% ᠨᠡᠮᠡᠭᠳᠡᠪᠡ ︔ ᠤᠯᠤᠰ ᠤᠨ ᠳᠣᠲᠣᠭᠠᠳᠤ ᠳᠠᠬᠢ ᠵᠤᠭᠠᠴᠠᠭᠰᠠᠳ ᠤᠨ ᠶᠡᠷᠦᠩᠬᠡᠶ ᠵᠠᠷᠤᠳᠠᠯ ᠨᠢ | 95.62 ᠳ᠋ᠦᠩᠰᠢᠭᠤᠷ ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 17.66% ᠨᠡᠮᠡᠭᠳᠡᠪᠡ ᠃ ︵ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ ︶ | | | |