| | 7 ᠳ᠋ᠤᠭᠠᠷ ᠰᠠᠷ᠎ᠠ ᠶᠢᠨ 26 ᠤ ᠡᠳᠦᠷ ᠂ ᠤᠰᠤᠨ ᠠᠰᠢᠭᠯᠠᠯᠲᠠ ᠶᠢᠨ ᠶᠠᠮᠤᠨ ᠤᠰᠤᠨ ᠤ ᠲᠥᠰᠦᠪ ᠤᠨ ᠬᠠᠮᠢᠶᠠᠷᠤᠯᠲᠠ ᠶᠢᠨ 10 ᠲᠤᠷᠰᠢᠯᠲᠠ ᠶᠢᠨ ᠭᠠᠵᠠᠷ | ᠣᠷᠣᠨ ᠢ ᠨᠡᠶᠢᠲᠡᠯᠡᠪᠡ ᠂ ᠡᠭᠦᠨ ᠳᠤ ᠮᠤᠵᠢ ᠶᠢᠨ ᠬᠡᠪᠴᠢᠶᠡᠨ ᠤ ᠲᠤᠷᠰᠢᠯᠲᠠ ᠶᠢᠨ ᠴᠡᠭ 1 ᠂ ᠬᠤᠲᠠ ᠶᠢᠨ ᠬᠡᠪᠴᠢᠶᠡᠨ ᠤ ᠲᠤᠷᠰᠢᠯᠲᠠ ᠶᠢᠨ ᠴᠡᠭ 6 ᠂ ᠰᠢᠶᠠᠨ ᠤ | ᠬᠡᠪᠴᠢᠶᠡᠨ ᠤ ᠲᠤᠷᠰᠢᠯᠲᠠ ᠶᠢᠨ ᠴᠡᠭ 2 ᠂ ᠰᠠᠪᠠ ᠭᠠᠵᠠᠷ ᠤᠨ ᠲᠤᠷᠰᠢᠯᠲᠠ ᠶᠢᠨ ᠴᠡᠭ 1 ᠪᠠᠶᠢᠵᠤ ᠂ ᠮᠠᠨ ᠤ ᠣᠷᠣᠨ ᠤ ᠦᠬᠠᠶ ᠬᠤᠲᠠ ᠨᠢ ᠬᠤᠲᠠ ᠶᠢᠨ | ᠬᠡᠪᠴᠢᠶᠡᠨ ᠤ ᠲᠤᠷᠰᠢᠯᠲᠠ ᠶᠢᠨ ᠴᠡᠭ ᠢᠶᠠᠷ ᠰᠣᠩᠭᠤᠭᠳᠠᠪᠠ ᠃ ︵ ᠤᠰᠤᠨ ᠠᠰᠢᠭᠯᠠᠯᠲᠠ ᠶᠢᠨ ᠲᠢᠩᠬᠢᠮ ᠂ ᠦᠬᠠᠢ ᠬᠤᠳᠠ ᠶᠢᠨ ᠵᠠᠰᠠᠭ ᠤᠨ ᠣᠷᠳᠣᠨ ︶ | 7 ᠳ᠋ᠤᠭᠠᠷ ᠰᠠᠷ᠎ᠠ ᠶᠢᠨ 28 ᠤ ᠡᠳᠦᠷ ᠂ ᠶᠡᠷᠦᠩᠬᠡᠢ ᠪᠡᠯᠡ ᠣᠷᠣᠭᠤᠯᠤᠯᠲᠠ ᠨᠢ 200 ᠳ᠋ᠦᠩᠰᠢᠭᠤᠷ ᠲᠥᠭᠦᠷᠢᠭ ᠤᠨ 50GWh ᠨᠠᠳ᠋ᠷᠢ ᠢᠶᠣᠨᠲᠤ ᠴᠡᠨᠡᠭ | ᠵᠢᠴᠢ ᠡᠨᠧᠷᠭᠢ ᠬᠠᠳᠠᠭᠠᠯᠠᠬᠤ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠪᠠᠷᠢᠯᠭ᠎ᠠ ᠡᠬᠢᠯᠡᠵᠦ ᠪᠦᠲᠦᠭᠡᠨ ᠪᠠᠶᠢᠭᠤᠯᠪᠠ ᠃ ᠲᠥᠷᠥᠯ ᠵᠦᠢᠯ ᠨᠢ | ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠪᠠᠶᠢᠷᠢᠯᠠᠵᠤ ᠂ ᠪᠦᠬᠦᠨ ᠢᠶᠠᠷ ᠢᠶᠠᠨ ᠦᠢᠯᠡᠳᠪᠦᠷᠢᠯᠡᠬᠦ ᠨᠦᠬᠦᠴᠡᠯ ᠳᠤ ᠬᠦᠷᠴᠦ | ᠳᠡᠶᠢᠯᠬᠦ ᠳᠤ ᠬᠦᠷᠪᠡᠯ ᠵᠢᠯ ᠤᠨ ᠦᠢᠯᠡᠳᠬᠦᠨ ᠤ ᠥᠷᠲᠡᠭ ᠢ 500 ᠳ᠋ᠦᠩᠰᠢᠭᠤᠷ ᠲᠥᠭᠦᠷᠢᠭ ᠪᠡᠶᠡᠯᠡᠭᠦᠯᠵᠦ ᠪᠣᠯᠬᠤ ᠪᠦᠭᠡᠳ 1500 ᠬᠦᠮᠦᠨ ᠠᠴᠠ ᠳᠡᠭᠡᠭᠰᠢᠬᠢ | ᠬᠥᠮᠦᠨ ᠤ ᠠᠵᠢᠯ ᠣᠯᠭᠤᠯᠲᠠ ᠶᠢ ᠳᠠᠶᠢᠴᠢᠯᠠᠬᠤ ᠪᠣᠯᠤᠨ᠎ᠠ ᠃ ︵ ᠬᠥᠬᠡᠬᠤᠲᠠ ᠶᠢᠨ ᠵᠠᠰᠠᠭ ᠤᠨ ᠣᠷᠳᠣᠨ ︶ | 7 ᠳ᠋ᠤᠭᠠᠷ ᠰᠠᠷ᠎ᠠ ᠶᠢᠨ 26 ᠤ ᠡᠳᠦᠷ ᠂ ᠤᠯᠠᠭᠠᠨᠬᠠᠳᠠ ᠬᠤᠲᠠ ᠪᠡᠭᠡᠵᠢᠩ ᠤᠨ ᠰᠢᠨ ᠹᠠ ᠲᠠᠷᠢᠶᠠᠯᠠᠩ ᠣᠶ ᠰᠢᠭᠤᠶ ᠶᠢᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠲᠠᠢ ᠶᠡᠷᠦᠩᠬᠡᠢ ᠪᠡᠯᠡ ᠣᠷᠤᠭᠤᠯᠤᠯᠲᠠ ᠨᠢ 50 ᠳ᠋ᠦᠩᠰᠢᠭᠤᠷ ᠲᠥᠭᠦᠷᠢᠭ ᠢ ᠪᠡᠶᠡᠯᠡᠭᠦᠯᠦᠭᠰᠡᠨ ᠤᠯᠠᠭᠠᠨᠬᠠᠳᠠ ᠬᠤᠲᠠ ᠶᠢᠨ ᠣᠲᠣ ᠦᠶ᠎ᠡ ᠶᠢᠨ ᠲᠠᠷᠢᠶᠠᠯᠠᠩ | — ᠪᠢᠯᠢᠭᠲᠦ ᠳᠡᠯᠳᠡᠦ ᠮᠦᠭᠦᠨ ᠤ ᠠᠵᠤ ᠦᠢᠯᠡᠰ ᠤᠨ ᠠᠭᠤᠰᠤᠯᠴᠠᠯ ᠤᠨ ᠲᠥᠷᠥᠯ ᠵᠦᠢᠯ ᠤᠨ ᠭᠡᠷ᠎ᠡ ᠶᠢ ᠲᠣᠭᠲᠠᠪᠠ ᠃ ︵ ᠤᠯᠠᠭᠠᠨᠬᠠᠳᠠ ᠬᠤᠲᠠ ᠶᠢᠨ | ᠵᠠᠰᠠᠭ ᠤᠨ ᠣᠷᠳᠣᠨ ︶ | | |