ᠸᠧᠶ ᠵᠢᠶᠠ‌ᠮᠤᠤ ᠪᠠᠯᠭᠠᠰᠤᠨ ᠤ ᠰᠢᠤᠸᠠᠢ ᠸᠧᠢ ᠱᠤᠭᠤᠮ ᠤᠨ ᠪᠠᠯᠭᠠᠰᠤᠨ ᠤ ᠬᠡᠰᠡᠭ ᠤᠨ ᠥᠭᠡᠷᠡᠴᠢᠯᠡᠬᠦ ᠱᠤᠭᠤᠮ ᠤᠨ ᠢᠨᠵᠧᠨᠧᠷᠢᠩ ︵ᠸᠧᠢ ᠵᠢᠶᠠ ᠮᠤᠦ ᠲᠤᠰᠬᠤᠨ ᠠᠴᠠ ᠱᠤᠸᠠᠩ ᠣᠪᠣᠭ᠎ᠠ ᠲᠤᠰᠬᠤᠨ ᠬᠦᠷᠬᠦ ᠵᠠᠰᠠᠮᠠᠯ ᠵᠠᠮ︶ ᠪᠦᠲᠦᠭᠡᠨ ᠪᠠᠢᠭᠤᠯᠤᠯᠲᠠ ᠶᠢᠨ ᠲᠣᠭᠲᠠᠭᠰᠠᠨ ᠬᠤᠭᠤᠴᠠᠭᠠᠨ ᠳᠠᠭᠠᠨ ᠤᠷᠤᠠᠠᠰᠢᠳᠠᠢ ᠶᠠᠪᠤᠭᠳᠠᠪᠠ
ᠨᠡᠶᠢᠲᠡᠯᠡᠭᠰᠡᠨ ᠴᠠᠭ᠄
2024/7/4
    ᠣᠳᠣ ᠤᠨ ᠰᠢᠤᠸᠠᠢ ᠸᠧᠶ ᠱᠤᠭᠤᠮ ᠸᠧᠶ ᠵᠢᠶᠠ ᠮᠤᠤ ᠪᠠᠯᠭᠠᠰᠦ ᠶᠢ ᠤᠠᠠᠳᠤᠯᠵᠤ ᠂ ᠪᠠᠯᠭᠠᠰᠤᠨ ᠤ ᠭᠤᠤᠯ ᠵᠠᠮ ᠪᠠᠶᠢᠵᠤ ᠂ ᠨᠡᠶᠢᠭᠡᠮ ᠠᠵᠤ ᠠᠬᠤᠶ ᠶᠢᠨ ᠬᠥᠭᠵᠢᠯᠲᠡ ᠶᠢ ᠳᠠᠭᠠᠯᠳᠤᠨ ᠂ ᠠᠷᠠᠳ ᠲᠦᠮᠡᠨ ᠤ ᠦᠶ᠋ᠯᠡᠳᠪᠦᠷᠢᠯᠡᠯ ᠪᠠ ᠠᠮᠢᠳᠤᠷᠠᠯ ᠤᠨ ᠬᠢᠷᠢ ᠲᠦᠪᠰᠢᠨ ᠲᠠᠰᠤᠷᠠᠯᠲᠠ ᠥᠬᠡᠶ ᠳᠡᠭᠡᠭᠰᠢᠯᠡᠵᠦ ᠂ ᠲᠡᠷᠭᠡ ᠬᠥᠰᠬᠡ ᠭᠠᠳᠠᠭᠰᠢ ᠭᠠᠷᠬᠤ ᠬᠡᠷᠡᠭᠴᠡᠭᠡ ᠲᠠᠰᠤᠷᠠᠯᠲᠠ ᠥᠬᠡᠶ ᠨᠡᠮᠡᠭᠳᠡᠵᠦ ᠪᠠᠶᠢᠨ᠎ᠠ ᠃ ᠣᠳᠣᠬᠠᠨ ᠳᠤ ᠪᠠᠯᠭᠠᠰᠤᠨ ᠤ ᠬᠤᠶᠠᠷ ᠬᠠᠵᠠᠭᠤ ᠶᠢᠨ ᠪᠠᠷᠢᠯᠭ᠎ᠠ ᠤᠯᠠᠰᠢᠷᠠᠵᠤ ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠡᠳᠤᠷ ᠠᠴᠠ ᠡᠳᠤᠷ ᠣᠯᠠᠰᠢᠷᠠᠵᠤ ᠂ ᠡᠭᠦᠨ ᠤ ᠬᠠᠮᠲᠤ ᠬᠢᠯᠢ ᠪᠠᠷ ᠥᠩᠭᠡᠷᠡᠬᠦ ᠲᠡᠷᠭᠡ ᠬᠥᠰᠬᠡ ᠨᠡᠯᠢᠶᠡᠳ ᠠᠷᠪᠢᠨ ᠪᠠᠶᠢᠵᠤ ᠂ ᠪᠠᠯᠭᠠᠰᠤᠨ ᠤ ᠲᠡᠷᠭᠡ ᠬᠥᠰᠬᠡ ᠶᠢᠨ ᠨᠡᠪᠲᠡᠷᠡᠬᠦ ᠴᠢᠳᠠᠪᠤᠷᠢ ᠶᠢ ᠬᠦᠨᠳᠦ ᠨᠣᠴᠢᠲᠠᠶ ᠨᠥᠯᠥᠭᠡᠯᠡᠵᠦ ᠂ ᠲᠦᠭᠵᠢᠷᠡᠬᠦ ᠦᠶ᠎ᠡ ᠭᠠᠷᠴᠤ ᠪᠠᠶᠢᠨ᠎ᠠ ᠃ ᠸᠧᠶ ᠵᠢᠶᠠ ᠮᠤᠤ ᠪᠠᠯᠭᠠᠰᠤᠨ ᠤ ᠰᠢᠤᠸᠠᠢ ᠸᠧᠶ ᠱᠤᠭᠤᠮ ᠤᠨ ᠪᠠᠯᠭᠠᠰᠤᠨ ᠤ ᠬᠡᠰᠡᠭ ᠤᠨ ᠵᠠᠮ ᠱᠤᠭᠤᠮ ᠢ ᠥᠭᠡᠷᠡᠴᠢᠯᠡᠬᠦ ᠢᠨᠵᠧᠨᠧᠷᠢᠩ ︵ ᠸᠧᠶ ᠵᠢᠶᠠ ᠮᠤᠤ ᠲᠣᠰᠬᠤᠨ ᠠᠴᠠ ᠱᠤᠸᠠᠩ ᠤᠪᠤᠭ᠎ᠠ ᠲᠣᠰᠬᠤᠨ ᠳᠤ ᠨᠡᠪᠲᠡᠷᠡᠬᠦ ᠵᠠᠰᠠᠮᠠᠯ ᠵᠠᠮ ︶ ᠢ ᠬᠡᠷᠡᠭᠵᠢᠭᠦᠯᠬᠦ ᠨᠢ ᠣᠷᠣᠨ ᠪᠦᠰᠡ ᠶᠢᠨ ᠵᠠᠮ ᠬᠠᠷᠢᠯᠴᠠᠭᠠᠨ ᠤ ᠨᠥᠬᠦᠴᠡᠯ ᠢ ᠪᠦᠲᠦᠮᠵᠢᠲᠡᠶ ᠰᠠᠶᠢᠵᠢᠷᠠᠭᠤᠯᠬᠤ ᠪᠣᠯᠤᠨ᠎ᠠ ᠃ ᠸᠧᠶ ᠵᠢᠶᠠ ᠮᠤᠤ ᠪᠠᠯᠭᠠᠰᠤ ᠶᠢᠨ ᠰᠢᠤᠸᠠᠢ ᠸᠧᠶ ᠱᠤᠭᠤᠮ ᠤᠨ ᠪᠠᠯᠭᠠᠰᠤᠨ ᠤ ᠬᠡᠰᠡᠭ ᠤᠨ ᠵᠠᠮ ᠱᠤᠭᠤᠮ ᠤᠨ ᠪᠠᠷᠢᠯᠭ᠎ᠠ ︵ ᠸᠧᠶ ᠵᠢᠶᠠ ᠮᠤᠤ ᠲᠣᠰᠬᠤᠨ ᠠᠴᠠ ᠱᠤᠸᠠᠩ ᠣᠪᠣᠭ᠎ᠠ ᠲᠣᠰᠬᠤᠨ ᠳᠤ ᠨᠡᠪᠲᠡᠷᠡᠬᠦ ᠵᠠᠰᠠᠮᠠᠯ ᠵᠠᠮ ︶ ᠶᠢᠨ ᠪᠥᠬᠦ ᠣᠷᠳᠣ ᠨᠢ 5.107 ᠺᠢᠯᠣᠮᠧᠳ᠋ᠷ ᠪᠠᠶᠢᠵᠤ ᠂ ᠭᠤᠷᠪᠠᠳᠤᠭᠠᠷ ᠲᠠᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠤ ᠂ ᠵᠢᠷᠤᠵᠤ ᠲᠥᠯᠥᠪᠯᠡᠭᠰᠡᠨ ᠬᠤᠷᠳᠤᠴᠠ ᠨᠢ 30 ᠺᠢᠯᠣᠮᠧᠳ᠋ᠷ ᠪᠣᠯᠬᠤ ᠪᠦᠷᠢ ᠵᠠᠮ ᠤᠨ ᠰᠠᠭᠤᠷᠢ ᠶᠢᠨ ᠥᠷᠭᠡᠨ ᠨᠢ 8.0 ᠮᠧᠳ᠋ᠷ ᠂ ᠵᠠᠮ ᠤᠨ ᠦᠷᠭᠡᠨ ᠨᠢ 7.0 ᠮᠧᠳ᠋ᠷ ᠂ ᠪᠥᠬᠦ ᠱᠤᠭᠤᠮ ᠳᠤ ᠪᠠᠷᠤᠭᠰᠢᠨ ᠪᠧᠲ᠋ᠤᠨ ᠵᠠᠮ ᠂ ᠪᠥᠬᠦ ᠱᠤᠭᠤᠮ ᠤᠨ ᠬᠥᠭᠦᠷᠭᠡ 3 ᠂ ᠭᠤᠯᠳᠤᠩ ᠤᠨ ᠠᠭᠤᠶ ᠨᠢ 7 ᠪᠠᠶᠢᠵᠤ ᠂ ᠬᠥᠭᠦᠷᠭᠡ ᠶᠢᠨ ᠭᠤᠯᠳᠤᠩ ᠤᠨ ᠲᠠᠰ ᠨᠢ ᠵᠠᠰᠠᠮᠠᠯ ᠵᠠᠮ - 1 ᠳᠡᠰ ᠪᠣᠯᠤᠨ᠎ᠠ ᠃ ᠪᠠᠷᠢᠯᠭ᠎ᠠ ᠶᠢᠨ ᠶᠡᠷᠦᠩᠬᠡᠢ ᠦᠨ᠎ᠡ ᠨᠢ 16140 ᠮᠢᠩᠭᠠᠨ ᠶᠤᠸᠠᠨ ᠃
    基层1(1).bmp   
   ᠲᠣᠰ ᠲᠥᠷᠥᠯ ᠵᠦᠢᠯ ᠢ 2023 ᠣᠨ ᠤ 6 ᠰᠠᠷ᠎ᠠ ᠳᠤ ᠡᠬᠢᠯᠡᠨ ᠪᠠᠶᠢᠭᠤᠯᠵᠤ ᠂ ᠣᠲᠣ ᠪᠣᠯᠲᠠᠯ᠎ᠠ ᠨᠢᠭᠡᠨᠲᠡ ᠪᠥᠬᠦ ᠵᠠᠮ ᠤᠨ ᠰᠢᠷᠣᠶ ᠪᠠ ᠴᠢᠯᠠᠭᠤ ᠳᠡᠪᠢᠰᠬᠦ ᠠᠵᠢᠯ ᠢ ᠪᠡᠶᠡᠯᠡᠭᠦᠯᠵᠦ ᠂ ᠵᠠᠮ ᠤᠨ ᠰᠠᠭᠤᠷᠢ ᠶᠢᠨ ᠤᠰᠤ ᠲᠠᠲᠠᠷᠠᠭᠤᠯᠬᠤ ᠬᠠᠮᠠᠭᠠᠯᠠᠯᠲᠠ ᠶᠢ 85% ᠶᠢ ᠪᠡᠶᠡᠯᠡᠭᠦᠯᠪᠡ ᠃ ᠣᠳᠣᠬᠠᠨ ᠳᠤ ᠭᠤᠷᠪᠠᠨ ᠶᠡᠭᠡ ᠬᠥᠭᠦᠷᠭᠡ ᠶᠢᠨ ᠬᠥᠭᠦᠷᠭᠡ ᠶᠢᠨ ᠰᠠᠭᠤᠷᠢ ᠪᠣᠯᠬᠤ ᠪᠠᠷᠢᠯᠭ᠎ᠠ ᠶᠢᠨ ᠠᠵᠢᠯ ᠪᠠ ᠨᠢᠷᠤᠭᠤ ᠨᠢᠷᠤᠭᠤᠪᠴᠢ ᠶᠢ ᠪᠣᠰᠬᠠᠵᠤ ᠂ K0+602.5 ᠶᠡᠭᠡ ᠬᠥᠭᠦᠷᠭᠡ ᠶᠢᠨ ᠳᠣᠣᠷᠠᠳᠤ ᠬᠡᠰᠡᠭ ᠢ ᠨᠢ 80% ᠂ K0+912 ᠨᠡᠪᠲᠡᠷᠡᠬᠦ ᠵᠠᠮ ᠤᠨ ᠬᠥᠭᠦᠷᠭᠡ ᠶᠢᠨ ᠳᠣᠣᠷᠠᠳᠤ ᠬᠡᠰᠡᠭ ᠢ ᠪᠦᠬᠦᠨ ᠢ ᠪᠡᠶᠡᠯᠡᠭᠦᠯᠵᠦ ᠂ K2+947.5 ᠶᠡᠭᠡ ᠬᠥᠭᠦᠷᠭᠡ ᠶᠢᠨ ᠳᠣᠣᠷᠠᠳᠤ ᠬᠡᠰᠡᠭ ᠢ 85% ᠪᠠᠷ ᠪᠡᠶᠡᠯᠡᠭᠦᠯᠵᠦ ᠂ K4+405 ᠶᠡᠭᠡ ᠬᠥᠭᠦᠷᠭᠡ ᠶᠢᠨ ᠳᠣᠣᠷᠠᠳᠤ ᠬᠡᠰᠡᠭ ᠢ ᠪᠦᠬᠦᠨ ᠢ ᠪᠡᠶᠡᠯᠡᠭᠦᠯᠵᠦ ᠂ ᠬᠠᠶᠢᠷᠴᠠᠭ ᠨᠢᠷᠤᠭᠤ ᠶᠢ 11 ᠠᠯᠭᠠᠰᠠᠭᠤᠯᠪᠠ ᠃
    基层1(2).bmp   
   ᠲᠣᠰ ᠲᠥᠷᠥᠯ ᠵᠦᠶ᠋ᠯ ᠪᠠᠶᠢᠭᠤᠯᠤᠭᠳᠠᠭᠰᠠᠨ ᠤ ᠳᠠᠷᠠᠭ᠎ᠠ ᠵᠠᠮ ᠳᠠᠭᠠᠤ ᠶᠢᠨ ᠭᠠᠵᠠᠷ ᠣᠷᠣᠨ ᠤ ᠵᠠᠮ ᠬᠠᠷᠢᠯᠴᠠᠭᠠᠨ ᠤ ᠨᠥᠬᠦᠴᠡᠯ ᠢ ᠦᠨᠳᠦᠰᠦᠨ ᠠᠴᠠ ᠨᠢ ᠰᠠᠶᠢᠵᠢᠷᠠᠭᠤᠯᠵᠤ ᠂ ᠲᠣᠰ ᠵᠠᠮ ᠳᠠᠭᠠᠤ ᠶᠢᠨ ᠬᠥᠳᠡᠭᠡ ᠲᠣᠰᠬᠤᠨ ᠤ ᠵᠠᠰᠠᠮᠠᠯ ᠵᠠᠮ ᠤᠨ ᠨᠡᠪᠲᠡᠷᠡᠬᠦ ᠴᠢᠨᠠᠷ ᠢ ᠳᠡᠭᠡᠭᠰᠢᠯᠡᠭᠦᠯᠬᠦ ᠂ ᠵᠢᠭᠤᠯᠴᠢᠯᠠᠯ ᠤᠨ ᠣᠷᠴᠢᠨ ᠲᠣᠭᠤᠷᠢᠨ ᠪᠠ ᠨᠥᠬᠦᠴᠡᠯ ᠢ ᠰᠠᠶᠢᠵᠢᠷᠠᠭᠤᠯᠬᠤ ᠂ ᠵᠢᠭᠤᠯᠴᠢᠯᠠᠯ ᠤᠨ ᠦᠶ᠋ᠯᠡᠰ ᠤᠨ ᠬᠥᠭᠵᠢᠯᠲᠡ ᠶᠢᠨ ᠳᠠᠯᠳᠠ ᠬᠦᠴᠦᠨ ᠢ ᠬᠥᠭᠵᠢᠭᠡᠬᠦ ᠂ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠭᠳᠡᠬᠦᠨ ᠤ ᠭᠠᠳᠠᠭᠰᠢ ᠲᠡᠭᠡᠭᠡᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠳᠤ ᠴᠢᠬᠤᠯᠠ ᠦᠶ᠋ᠯᠡᠳᠦᠯ ᠲᠠᠢ ᠪᠠᠶᠢᠵᠤ ᠂ ᠵᠠᠮ ᠳᠠᠭᠠᠤ ᠶᠢᠨ ᠲᠣᠰᠬᠤᠨ ᠪᠠᠯᠭᠠᠰᠤ ᠶᠢᠨ ᠠᠵᠤ ᠦᠶ᠋ᠯᠡᠳᠪᠦᠷᠢ ᠲᠠᠷᠢᠶᠠᠯᠠᠩ ᠤᠨ ᠬᠥᠭᠵᠢᠯᠲᠡ ᠶᠢ ᠠᠬᠢᠭᠤᠯᠬᠤ ᠂ ᠪᠠᠯᠠ ᠣᠷᠣᠭᠤᠯᠤᠯᠲᠠ ᠶᠢᠨ ᠣᠷᠴᠢᠨ ᠨᠥᠬᠦᠴᠡᠯ ᠢ ᠰᠠᠶᠢᠵᠢᠷᠠᠭᠤᠯᠬᠤ ᠂ ᠣᠷᠣᠨ ᠪᠦᠰᠡ ᠶᠢᠨ ᠵᠠᠮ ᠤᠨ ᠲᠣᠤᠷ ᠤᠨ ᠪᠦᠲᠦᠴᠡ ᠶᠢ ᠲᠡᠭᠦᠯᠳᠡᠷᠵᠢᠭᠦᠯᠬᠦ ᠂ ᠣᠷᠣᠨ ᠪᠦᠰᠡ ᠶᠢᠨ ᠵᠠᠮ ᠤᠨ ᠲᠣᠤᠷ ᠤᠨ ᠨᠡᠪᠲᠡᠷᠡᠬᠦ ᠴᠢᠳᠠᠪᠤᠷᠢ ᠪᠠ ᠦᠶ᠋ᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠂ ︽ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︾ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠂ ᠵᠡᠭᠦᠨᠭᠠᠷ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ ᠃     
ᠢᠷᠡᠯᠲᠡ᠄ ᠸᠧᠢ ᠵᠢᠶᠠ ​ᠮᠤᠦ ᠪᠠᠯᠭᠠᠰᠤᠨ ᠤ᠋ ᠨᠡᠶᠢᠳᠡᠯᠡᠯ