| ᠰᠢᠨᠬᠤᠸᠠ ᠬᠤᠷᠢᠶ᠎ᠠ ᠶᠢᠨ ᠠᠰᠲ᠋ᠠᠨᠠ ᠶᠢᠨ 7 ᠰᠠᠷ᠎ᠠ ᠶᠢᠨ 4 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 7 ᠰᠠᠷ᠎ᠠ ᠶᠢᠨ 4 ᠤ ᠦᠳᠡ ᠶᠢᠨ | ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠰᠲ᠋ᠠᠨᠠ ᠶᠢᠨ ᠲᠤᠰᠠᠭᠠᠷ ᠲᠣᠭᠲᠠᠨᠢᠯ ᠤᠨ ᠣᠷᠳᠣᠨ ᠳᠤ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠪᠦᠷᠢᠯᠳᠦᠭᠦᠨ ᠤᠯᠤᠰ ᠤᠳ ᠤᠨ ᠲᠦᠷᠦᠭᠦᠴᠦᠳ ᠤᠨ ᠬᠡᠷᠡᠭ ᠡᠷᠭᠢᠯᠡᠭᠴᠢᠳ ᠤᠨ ᠬᠤᠷᠠᠯ ᠤᠨ ᠬᠤᠷᠢᠨ ᠳᠥᠷᠪᠡᠳᠦᠭᠡᠷ ᠤᠳᠠᠭ᠎ᠠ ᠶᠢᠨ | ᠬᠤᠷᠠᠯ ᠳᠤ ᠣᠷᠣᠯᠴᠠᠪᠠ ᠃ | | ᠲᠤᠬᠠᠢ ᠶᠢᠨ ᠭᠠᠵᠠᠷ ᠤᠨ ᠴᠠᠭ ᠢᠶᠠᠷ 7 ᠰᠠᠷ᠎ᠠ ᠶᠢᠨ 4 ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠰᠲ᠋ᠠᠨᠠ ᠶᠢᠨ ᠲᠤᠰᠠᠭᠠᠷ | ᠲᠣᠭᠲᠠᠨᠢᠯ ᠤᠨ ᠣᠷᠳᠣᠨ ᠳᠤ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤᠯᠤᠰ ᠤᠳ ᠤᠨ ᠲᠦᠷᠦᠭᠦᠴᠦᠳ ᠤᠨ ᠬᠡᠷᠡᠭ | ᠡᠷᠭᠢᠯᠡᠭᠴᠢᠳ ᠤᠨ ᠬᠤᠷᠠᠯ ᠤᠨ ᠬᠤᠷᠢᠨ ᠳᠥᠷᠪᠡᠳᠦᠭᠡᠷ ᠤᠳᠠᠭ᠎ᠠ ᠶᠢᠨ ᠬᠤᠷᠠᠯ ᠳᠤ ᠣᠷᠣᠯᠴᠠᠪᠠ ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ | ᡂᠢ ᠰᠡᠭᠦᠳᠡᠷᠯᠡᠪᠡ | | ᠲᠤᠬᠠᠢ ᠶᠢᠨ ᠭᠠᠵᠠᠷ ᠤᠨ ᠴᠠᠭ ᠢᠶᠠᠷ 7 ᠰᠠᠷ᠎ᠠ ᠶᠢᠨ 4 ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠰᠲ᠋ᠠᠨᠠ ᠶᠢᠨ ᠲᠤᠰᠠᠭᠠᠷ | ᠲᠣᠭᠲᠠᠨᠢᠯ ᠤᠨ ᠣᠷᠳᠣᠨ ᠳᠤ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤᠯᠤᠰ ᠤᠳ ᠤᠨ ᠲᠦᠷᠦᠭᠦᠴᠦᠳ ᠤᠨ ᠬᠡᠷᠡᠭ | ᠡᠷᠭᠢᠯᠡᠭᠴᠢᠳ ᠤᠨ ᠬᠤᠷᠠᠯ ᠤᠨ ᠬᠤᠷᠢᠨ ᠳᠥᠷᠪᠡᠳᠦᠭᠡᠷ ᠤᠳᠠᠭ᠎ᠠ ᠶᠢᠨ ᠬᠤᠷᠠᠯ ᠳᠤ ᠣᠷᠣᠯᠴᠠᠪᠠ ᠃ ᠵᠢᠷᠤᠭ ᠪᠣᠯ ᠰᠢ ᠶᠢᠨ ᠫᠢᠩ ᠱᠠᠩᠬᠠᠢ ᠶᠢᠨ ᠬᠠᠮᠲᠤᠷᠠᠯᠴᠠᠭᠠᠨ ᠤ | ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤᠯᠤᠰ ᠤᠳ ᠤᠨ ᠤᠳᠤᠷᠢᠳᠬᠤ ᠬᠥᠮᠥᠰ ᠲᠠᠢ ᠬᠠᠮᠲᠤ ᠭᠡᠷᠡᠯ ᠵᠢᠷᠤᠭ ᠲᠠᠲᠠᠭᠤᠯᠵᠤ ᠪᠠᠶᠢᠭ᠎ᠠ ᠨᠢ ᠃ ᠰᠢᠨᠬᠤᠸᠠ | ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ ᠺᠠᠽᠠᠬᠰᠲ᠋ᠠᠨ ᠤ ᠶᠡᠷᠦᠩᠬᠡᠶᠢᠯᠡᠭᠴᠢ ᠲᠦᠤᠤᠺᠠᠶᠧᠹ ᠬᠤᠷᠠᠯ ᠢ | ᠡᠷᠭᠢᠯᠡᠵᠦ ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤᠯᠤᠰ ᠪᠤᠯᠬᠤ ᠪᠧᠯᠤᠷᠦ᠋ᠰᠢᠶ᠎ᠡ ᠶᠢᠨ ᠶᠡᠷᠦᠩᠬᠡᠶᠢᠯᠡᠭᠴᠢ ᠯᠦᠺᠠᠱᠧᠨᠺᠧ ᠂ | ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ ᠂ ᠫᠠᠺᠢᠰᠲ᠋ᠠᠨ ᠤ ᠶᠡᠷᠦᠩᠬᠡᠢ ᠰᠠᠶᠢᠳ ᠰᠢᠶᠠᠪᠠᠽᠢ ᠂ ᠤᠷᠤᠰ ᠤᠨ ᠶᠡᠷᠦᠩᠬᠡᠶᠢᠯᠡᠭᠴᠢ ᠫᠦᠲ᠋ᠢᠨ ᠂ ᠲᠠᠵᠢᠺᠰᠲ᠋ᠠᠨ ᠤ | ᠶᠡᠷᠦᠩᠬᠡᠶᠢᠯᠡᠭᠴᠢ ᠯᠠᠾᠧᠮᠧᠩ ᠂ ᠦᠽᠪᠤᠺᠰᠲ᠋ᠠᠨ ᠤ ᠶᠡᠷᠦᠩᠬᠡᠶᠢᠯᠡᠭᠴᠢ ᠮᠢᠷᠵᠢᠶᠤᠤᠶᠧᠹ ᠂ ᠢᠷᠠᠨ ᠤ ᠣᠷᠣᠯᠠᠭᠴᠢ ᠶᠡᠷᠦᠩᠬᠡᠶᠢᠯᠡᠭᠴᠢ ᠮᠦᠾᠧᠪᠤᠶᠢᠷ ᠪᠣᠯᠣᠨ | ᠡᠨᠡᠳᠬᠡᠭ ᠤᠨ ᠲᠥᠯᠥᠭᠡᠯᠡᠭᠴᠢ ᠵᠢᠴᠢ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠨᠠᠷᠢᠨ ᠪᠢᠴᠢᠭ ᠤᠨ ᠳᠠᠷᠤᠭ᠎ᠠ ᠨᠠᠷ ᠣᠷᠣᠯᠴᠠᠪᠠ ᠃ | ᠰᠢ ᠶᠢᠨ ᠫᠢᠩ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤᠯᠤᠰ ᠤᠳ ᠤᠨ ᠤᠳᠤᠷᠢᠳᠬᠤ ᠬᠥᠮᠥᠰ ᠲᠠᠢ ᠬᠠᠮᠲᠤ ᠭᠡᠷᠡᠯ | ᠵᠢᠷᠤᠭ ᠲᠠᠲᠠᠭᠤᠯᠵᠤ ᠂ ᠳᠠᠷᠠᠭ᠎ᠠ ᠨᠢ ᠲᠦᠷᠦᠭᠦᠴᠦᠳ ᠤᠨ ᠬᠡᠷᠡᠭ ᠡᠷᠭᠢᠯᠡᠭᠴᠢᠳ ᠤᠨ ᠬᠤᠷᠠᠯ ᠳᠤ ᠣᠷᠣᠯᠴᠠᠪᠠ ᠃ | ᠰᠢ ᠶᠢᠨ ᠫᠢᠩ ᠶᠠᠷᠢᠶᠠᠨ ᠳᠠᠭᠠᠨ ᠺᠠᠽᠠᠬᠰᠲ᠋ᠠᠨ ᠤ ᠵᠢᠵᠢᠭᠦᠷ ᠲᠡᠷᠢᠭᠦᠯᠡᠭᠴᠢ ᠤᠯᠤᠰ ᠤᠨ ᠲᠤᠰᠢᠶᠠᠯ ᠢ ᠡᠭᠦᠷᠭᠡᠯᠡᠵᠦ ᠪᠠᠶᠢᠭᠰᠠᠨ ᠬᠤᠭᠤᠴᠠᠭᠠᠨ ᠳᠤ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠬᠦ ᠂ ᠡᠯ᠎ᠡ ᠬᠦᠷᠢᠶᠡᠨ ᠤ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠬᠦ ᠳᠤ ᠢᠳᠡᠪᠬᠢᠲᠡᠢ ᠴᠢᠷᠮᠠᠶᠢᠯᠭ᠎ᠠ ᠪᠠ ᠴᠢᠬᠤᠯᠠ ᠬᠤᠪᠢ ᠨᠡᠮᠡᠷᠢ ᠦᠵᠡᠭᠦᠯᠦᠭᠰᠡᠨ ᠢ ᠳᠡᠭᠡᠳᠦ ᠬᠡᠮᠵᠢᠶ᠎ᠡ ᠪᠠᠷ ᠦᠨᠡᠯᠡᠵᠦ ᠂ ᠪᠧᠯᠤᠷᠦ᠋ᠰᠢᠶ᠎ᠠ ᠠᠩᠬ᠎ᠠ | ᠤᠳᠠᠭ᠎ᠠ ᠪᠦᠷᠢᠯᠳᠦᠭᠦᠨ ᠤᠯᠤᠰ ᠤᠨ ᠬᠤᠪᠢ ᠪᠠᠷ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠲᠦᠷᠦᠭᠦᠴᠦᠳ ᠤᠨ ᠬᠤᠷᠠᠯ ᠳᠤ | ᠣᠷᠣᠯᠴᠠᠬᠰᠠᠨ ᠢ ᠪᠠᠶᠠᠷᠯᠠᠨ ᠤᠭᠲᠤᠪᠠ ᠃ | ᠰᠢ ᠶᠢᠨ ᠫᠢᠩ ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠡᠷᠢᠨ ᠵᠠᠭᠤᠨ ᠤ ᠠᠭᠤᠯᠵᠠᠷ ᠲᠤ ᠪᠠᠶᠢᠭᠤᠯᠤᠭᠳᠠᠵᠤ ᠂ ᠲᠤᠬᠠᠢ ᠶᠢᠨ ᠦᠶ᠎ᠡ ᠳᠤ | ᠬᠦᠢᠲᠡᠨ ᠲᠠᠶᠢᠨ ᠤ ᠦᠯᠡᠳᠡᠭᠳᠡᠯ ᠪᠣᠯᠤᠭᠰᠠᠨ ᠡᠰᠡᠷᠭᠦᠴᠡᠯᠳᠦᠯ ᠪᠣᠯᠣᠨ ᠬᠠᠭᠠᠴᠠᠯ ᠢ ᠬᠠᠷᠠᠬᠠᠨ ᠠᠷᠢᠯᠭᠠᠬᠤ ᠴᠢᠬᠤᠯᠠᠲᠠᠢ ᠪᠠᠶᠢᠪᠠ ᠃ ᠲᠤᠰ ᠵᠣᠬᠢᠶᠠᠨ | ᠪᠠᠶᠢᠭᠤᠯᠤᠯᠲᠠ ᠶᠢᠨ ᠡᠭᠦᠰᠬᠡᠨ ᠪᠠᠶᠢᠭᠤᠯᠤᠭᠰᠠᠨ ᠪᠦᠷᠢᠯᠳᠦᠭᠦᠨ ᠲᠡᠦᠬᠡ ᠶᠢᠨ ᠰᠣᠩᠭᠤᠯᠲᠠ ᠬᠢᠵᠦ ᠂ ᠡᠩᠬᠡ ᠲᠠᠶᠢᠪᠤᠩ ᠬᠥᠭᠵᠢᠯᠲᠡ ᠶᠢ ᠬᠥᠭᠡᠭᠡᠴᠡᠯᠳᠦᠵᠦ ᠂ | ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭ᠎ᠠ ᠪᠠᠶᠢᠭᠤᠯᠬᠤ ᠪᠠᠷ ᠴᠢᠷᠮᠠᠶᠢᠵᠤ ᠂ ᠰᠢᠨ᠎ᠡ ᠭᠡᠯᠪᠡᠷᠢ ᠶᠢᠨ ᠤᠯᠠᠨ ᠤᠯᠤᠰ ᠤᠨ ᠬᠠᠷᠢᠯᠴᠠᠭ᠎ᠠ ᠶᠢ ᠪᠠᠶᠢᠭᠤᠯᠵᠤ ᠂ ︽ | ᠱᠠᠩᠬᠠᠢ ᠶᠢᠨ ᠵᠣᠷᠢᠭ ᠰᠠᠨᠠᠭ᠎ᠠ ︾ ᠨᠢ ᠪᠦᠷᠢᠯᠳᠦᠭᠦᠨ ᠤᠯᠤᠰ ᠤᠳ ᠤᠨ ᠬᠠᠮᠲᠤ ᠶᠢᠨ ᠦᠷᠳᠡᠭ ᠤᠨ ᠵᠢᠷᠤᠮᠯᠠᠯ ᠪᠠ ᠠᠵᠢᠯᠯᠠᠭᠠᠨ ᠤ ᠴᠢᠭᠯᠡᠯᠲᠡ ᠪᠣᠯᠪᠠ ᠃ | ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠪᠠᠶᠢᠭᠤᠯᠤᠭᠳᠠᠭᠰᠠᠨ 23 ᠵᠢᠯ ᠤᠨ ᠲᠠᠷᠠᠭ᠎ᠠ ᠂ ᠪᠦᠷᠢᠯᠳᠦᠭᠦᠨ ᠤᠯᠤᠰ 10 ᠪᠣᠯᠣᠨ ᠨᠡᠮᠡᠭᠳᠡᠵᠦ ᠂ ︽ | ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠶᠡᠭᠡ ᠭᠡᠷ ᠪᠦᠯᠢ ︾ ᠭᠤᠷᠪᠠᠨ ᠲᠢᠪ ᠤᠨ 26 ᠤᠯᠤᠰ ᠢ ᠬᠠᠮᠤᠷᠴᠤ ᠂ ᠬᠠᠨᠢᠲᠠᠨ ᠶᠠᠪᠤᠬᠤ | ᠲᠤᠳᠤᠮ ᠣᠯᠠᠰᠢᠷᠠᠵᠤ ᠂ ᠬᠠᠮᠲᠤᠷᠠᠯᠴᠠᠭᠠᠨ ᠤ ᠰᠠᠭᠤᠷᠢ ᠨᠡᠩ ᠪᠠᠬᠢᠵᠢᠪᠡ ᠃ ᠣᠳᠣᠬᠠᠨ ᠳᠤ ᠳᠡᠯᠡᠬᠡᠢ ᠶᠢᠷᠲᠢᠨᠴᠦ ᠶᠢᠨ ᠵᠠᠭᠤᠨ ᠵᠢᠯ ᠤᠨ ᠬᠤᠪᠢᠰᠤᠯᠲᠠ ᠲᠦᠷᠭᠡᠰᠦᠨ | ᠬᠥᠭᠵᠢᠵᠦ ᠂ ᠬᠥᠮᠥᠨ ᠲᠥᠷᠥᠯᠬᠢᠲᠡᠨ ᠤ ᠨᠡᠶᠢᠭᠡᠮ ᠳᠠᠬᠢᠨᠲᠠ ᠲᠡᠦᠬᠡ ᠶᠢᠨ ᠲᠣᠨᠣᠯᠵᠢᠨ ᠵᠠᠮ ᠳᠤ ᠵᠣᠭᠰᠣᠪᠠ ᠃ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠲᠡᠦᠬᠡ ᠶᠢᠨ ᠵᠥᠪ ᠲᠠᠯ᠎ᠠ ᠳᠤ ᠵᠣᠭᠰᠣᠵᠤ ᠂ ᠲᠥᠪ ᠭᠤᠣᠯᠴᠢ ᠰᠢᠳᠤᠷᠭᠤ ᠶᠣᠰᠣᠨ ᠤ ᠲᠠᠯ᠎ᠠ ᠳᠤ ᠵᠣᠬᠰᠣᠬᠤ ᠨᠢ ᠳᠡᠯᠡᠬᠡᠢ ᠳᠤ ᠲᠦᠢᠯ ᠤᠨ ᠴᠢᠬᠤᠯᠠ | ᠶᠤᠮ ᠃ | ᠬᠦᠢᠲᠡᠨ ᠲᠠᠶᠢᠨ ᠤ ᠰᠡᠳᠬᠢᠬᠦᠢ ᠶᠢᠨ ᠪᠣᠳᠠᠲᠤ ᠰᠦᠷᠳᠡᠭᠦᠯᠦᠯ ᠤᠨ ᠡᠮᠦᠨ᠎ᠡ ᠂ ᠪᠢᠳᠡ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠶ᠎ᠠ ᠃ | ᠬᠠᠮᠲᠤ ᠶᠢᠨ ᠂ ᠶᠡᠷᠦᠩᠬᠡᠶᠢᠯᠡᠭᠰᠡᠨ ᠂ ᠬᠠᠮᠲᠤᠷᠠᠯᠴᠠᠭᠰᠠᠨ ᠂ ᠦᠷᠭᠦᠯᠵᠢᠯᠡᠬᠦ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠨ ᠦᠢᠯᠡᠳᠦᠯᠭᠡᠵᠢᠭᠦᠯᠵᠦ ᠂ ᠶᠠᠷᠢᠯᠴᠠᠭ᠎ᠠ ᠪᠠ | ᠬᠠᠮᠵᠢᠯᠴᠠᠭ᠎ᠠ ᠪᠠᠷ ᠨᠠᠷᠢᠨ ᠪᠤᠳᠤᠯᠢᠶᠠᠨᠲᠠᠢ ᠰᠣᠯᠪᠢᠴᠠᠭᠰᠠᠨ ᠠᠮᠤᠷ ᠲᠦᠪᠰᠢᠨ ᠤ ᠥᠷᠢᠰᠦᠯᠳᠦᠭᠡᠨ ᠢ ᠠᠷᠭᠠᠴᠠᠭᠠᠵᠤ ᠂ ᠬᠠᠮᠲᠤ ᠪᠠᠷ ᠠᠰᠢᠭ ᠭᠦᠷᠳᠡᠭᠦ ᠰᠡᠳᠬᠢᠬᠦᠢ ᠪᠠᠷ | ᠭᠦᠨᠵᠡᠭᠡᠢ ᠲᠣᠬᠢᠷᠠᠭᠤᠯᠤᠯᠲᠠ ᠬᠢᠭᠰᠡᠨ ᠣᠯᠠᠨ ᠤᠯᠤᠰ ᠤᠨ ᠪᠠᠶᠢᠷᠢᠰᠢᠯ ᠢ ᠠᠷᠭᠠᠴᠠᠭᠠᠵᠤ ᠂ ᠥᠨᠢ ᠤᠳᠠᠭᠠᠨ ᠡᠩᠬᠡ ᠲᠠᠶᠢᠪᠤᠩ ᠂ ᠨᠡᠶᠢᠳᠡᠮ ᠳᠡᠭᠡᠨ ᠠᠮᠤᠷ ᠲᠦᠪᠰᠢᠨ | ᠳᠡᠯᠡᠬᠡᠢ ᠶᠢᠷᠲᠢᠨᠴᠦ ᠶᠢ ᠬᠠᠮᠲᠤ ᠪᠠᠷ ᠪᠦᠲᠦᠭᠡᠨ ᠪᠠᠶᠢᠭᠤᠯᠤᠶ᠎ᠠ ᠃ | ︽ ᠪᠠᠭ᠎ᠠ ᠬᠦᠷᠢᠶ᠎ᠡ ᠥᠨᠳᠥᠷ ᠬᠡᠷᠡᠮ ︾ ᠤᠨ ᠪᠣᠳᠠᠲᠤ ᠠᠶᠤᠯ ᠲᠦᠭᠰᠢᠭᠦᠷᠢ ᠶᠢᠨ ᠡᠮᠦᠨ᠎ᠡ ᠂ ᠪᠢᠳᠡ ᠬᠥᠭᠵᠢᠯᠲᠡ ᠶᠢᠨ ᠡᠷᠬᠡ ᠪᠠᠨ ᠬᠠᠮᠠᠭᠠᠯᠠᠶ᠎ᠠ ᠃ ᠲᠦᠭᠡᠮᠡᠯ | ᠬᠠᠷᠠᠭᠠᠯᠵᠠᠯ ᠲᠠᠢ ᠪᠠᠭᠲᠠᠭᠠᠮᠵᠢᠲᠠᠢ ᠪᠠᠶᠢᠬᠤ ᠶᠢ ᠪᠠᠷᠢᠮᠲᠠᠯᠠᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠭᠠᠷ ᠬᠤᠯᠪᠣᠯᠴᠠᠨ | ᠠᠬᠢᠭᠤᠯᠵᠤ ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠥᠭᠡᠳ ᠰᠠᠭᠠᠳ ᠦᠭᠡᠢ ᠨᠡᠪᠲᠡᠷᠡᠬᠦ ᠶᠢ ᠬᠠᠮᠠᠭᠠᠯᠠᠵᠤ ᠂ ᠭᠠᠵᠠᠷ ᠣᠷᠣᠨ ᠤ | ᠠᠵᠤ ᠠᠬᠤᠢ ᠶᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ ᠂ ᠬᠠᠮᠲᠤ ᠪᠠᠷ ᠬᠥᠭᠵᠢᠬᠦ ᠬᠠᠷᠠᠯᠲᠠ ᠶᠢ ᠪᠡᠶᠡᠯᠡᠭᠦᠯᠬᠦ ᠶᠢ ᠠᠬᠢᠭᠤᠯᠤᠶ᠎ᠠ ᠃ | ᠭᠠᠷ ᠲᠦᠷᠦᠵᠤ ᠬᠠᠭᠠᠴᠠᠭᠤᠯᠬᠤ ᠪᠣᠳᠠᠲᠤ ᠥᠷᠢᠰᠦᠯᠳᠦᠭᠡᠨ ᠤ ᠡᠮᠦᠨ᠎ᠡ ᠂ ᠪᠢᠳᠡ ᠪᠦᠯᠬᠦᠮᠳᠡᠯ ᠤᠨ ᠬᠦᠴᠦᠨ ᠢᠶᠠᠨ ᠪᠠᠬᠢᠵᠢᠭᠦᠯᠦᠶ᠎ᠡ ᠃ ᠭᠠᠳᠠᠭᠠᠳᠤ ᠶᠢᠨ ᠭᠠᠷ | ᠲᠦᠷᠦᠭᠦ ᠶᠢ ᠭᠠᠷ ᠬᠤᠯᠪᠣᠯᠴᠠᠨ ᠡᠰᠡᠷᠭᠦᠴᠡᠵᠦ ᠂ ᠬᠠᠷᠢᠯᠴᠠᠨ ᠡᠷᠡᠰ ᠳᠡᠮᠵᠢᠯᠴᠡᠵᠦ ᠂ ᠲᠤᠰ ᠲᠤᠰ ᠤᠨ ᠠᠩᠬᠠᠷᠴᠤ ᠪᠠᠶᠢᠭ᠎ᠠ ᠠᠰᠠᠭᠤᠳᠠᠯ ᠢᠶᠠᠨ ᠬᠠᠷᠠᠭᠠᠯᠵᠠᠵᠤ ᠂ ᠡᠶ᠎ᠡ | ᠨᠠᠶᠢᠷᠲᠠᠢ ᠪᠠᠶᠢᠬᠤ ᠪᠠᠷ ᠳᠣᠲᠣᠭᠠᠳᠤ ᠶᠢᠨ ᠵᠥᠷᠢᠯᠳᠦᠭᠡᠨ ᠢᠶᠠᠨ ᠰᠢᠢᠳᠪᠦᠷᠢᠯᠡᠵᠦ ᠂ ᠠᠳᠠᠯᠢ ᠲᠠᠯ᠎ᠠ ᠪᠠᠨ ᠨᠢᠭᠡᠳᠬᠡᠨ ᠵᠥᠷᠢᠶ᠎ᠡ ᠪᠠᠨ ᠠᠷᠢᠯᠭᠠᠵᠤ ᠬᠠᠮᠲᠤᠷᠠᠯᠴᠠᠭᠠᠨ ᠤ | ᠬᠦᠴᠢᠷ ᠠᠰᠠᠭᠤᠳᠠᠯ ᠢ ᠰᠢᠢᠳᠪᠦᠷᠢᠯᠡᠵᠦ ᠂ ᠲᠤᠰ ᠤᠯᠤᠰ ᠤᠨ ᠢᠷᠡᠭᠡᠳᠦᠢ ᠬᠤᠪᠢ ᠵᠠᠶᠠᠭ᠎ᠠ ᠂ ᠭᠠᠵᠠᠷ ᠣᠷᠣᠨ ᠤ ᠡᠩᠬᠡ ᠲᠠᠶᠢᠪᠤᠩ ᠬᠥᠭᠵᠢᠯᠲᠡ ᠶᠢ ᠥᠪᠡᠷ ᠤᠨ | ᠭᠠᠷ ᠲᠠᠭᠠᠨ ᠪᠠᠲᠤ ᠡᠵᠡᠮᠳᠡᠶ᠎ᠡ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠳᠡᠯᠡᠬᠡᠢ ᠶᠢᠨ ᠪᠠᠶᠢᠳᠠᠯ ᠤᠨ ᠤᠷᠪᠠᠭᠠᠨ ᠬᠥᠷᠪᠡᠭᠡᠨ ᠲᠠᠢ ᠪᠠᠶᠢᠳᠠᠯ ᠤᠨ | ᠰᠢᠯᠭᠠᠯᠲᠠ ᠶᠢ ᠳᠠᠭᠠᠭᠠᠵᠤ ᠴᠢᠳᠠᠭᠰᠠᠨ ᠤ ᠦᠨᠳᠦᠰᠦ ᠰᠤᠷᠪᠤᠯᠵᠢ ᠨᠢ ᠪᠢᠳᠠ ᠪᠦᠯᠬᠦᠮᠳᠡᠨ ᠬᠠᠮᠵᠢᠯᠴᠠᠬᠤ ᠰᠢᠯᠢᠳᠡᠭ ᠤᠯᠠᠮᠵᠢᠯᠠᠯ ᠂ ᠡᠷᠬᠡ ᠲᠡᠭᠰᠢ ᠬᠠᠷᠢᠯᠴᠠᠨ | ᠠᠰᠢᠭᠲᠠᠢ ᠬᠠᠮᠲᠤᠷᠠᠯᠴᠠᠭᠠᠨ ᠤ ᠶᠣᠰᠣ ᠂ ᠲᠥᠪ ᠭᠤᠣᠯᠴᠢ ᠰᠢᠳᠤᠷᠭᠤ ᠶᠣᠰᠣᠨ ᠤ ᠦᠷᠳᠡᠭ ᠤᠨ ᠬᠥᠭᠡᠭᠡᠴᠡᠯᠳᠦᠯ ᠂ ᠪᠠᠭᠲᠠᠭᠠᠮᠵᠢᠲᠠᠢ ᠬᠠᠷᠢᠯᠴᠠᠨ ᠲᠣᠯᠢ ᠪᠤᠯᠭᠠᠬᠤ | ᠠᠭᠤᠳᠠᠮᠴᠢ ᠪᠤᠳᠤᠯ ᠢ ᠢᠮᠠᠭᠲᠠ ᠪᠠᠷᠢᠮᠲᠠᠯᠠᠭᠰᠠᠨ ᠳᠤ ᠪᠤᠢ ᠃ ᠪᠢᠳᠡ ᠤᠭ ᠰᠠᠨᠠᠭ᠎ᠠ ᠪᠠᠨ ᠪᠠᠲᠤ ᠰᠠᠬᠢᠵᠤ ᠂ ︽ ᠱᠠᠩᠬᠠᠢ ᠶᠢᠨ ᠵᠣᠷᠢᠭ ᠰᠠᠨᠠᠭ᠎ᠠ ︾ ᠶᠢᠨ ᠲᠤᠭ ᠢ | ᠦᠷᠭᠦᠯᠵᠢᠯᠡᠨ ᠥᠨᠳᠥᠷ ᠮᠠᠨᠳᠤᠭᠤᠯᠵᠤ ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠂ ᠬᠠᠷᠢᠯᠴᠠᠨ ᠠᠮᠵᠢᠯᠲᠠ ᠣᠯᠵᠤ ᠂ ᠱᠠᠩᠬᠠᠢ ᠶᠢᠨ ᠬᠠᠮᠲᠤᠷᠠᠯᠴᠠᠭᠠᠨ ᠤ | ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ ᠴᠢᠭᠯᠡᠯ ᠢ ᠬᠠᠮᠲᠤ ᠪᠠᠷ ᠲᠣᠭᠲᠠᠭᠤᠨ ᠡᠵᠡᠮᠳᠡᠵᠦ ᠂ ᠲᠤᠰ ᠵᠣᠬᠢᠶᠠᠨ ᠪᠠᠶᠢᠭᠤᠯᠤᠯᠲᠠ ᠶᠢ ᠪᠦᠷᠢᠯᠳᠦᠭᠦᠨ ᠤᠯᠤᠰ ᠤᠨ | ᠬᠠᠮᠲᠤ ᠶᠢᠨ ᠬᠥᠭᠵᠢᠯ ᠴᠡᠴᠡᠭᠯᠡᠯ ᠢ ᠪᠡᠶᠡᠯᠡᠭᠦᠯᠬᠦ ᠨᠠᠶᠢᠳᠠᠪᠤᠷᠢᠲᠠᠢ ᠲᠦᠰᠢᠭ ᠲᠤᠯᠭᠠᠭᠤᠷᠢ ᠪᠣᠯᠭᠠᠶ᠎ᠠ ᠭᠡᠵᠦ ᠴᠢᠬᠤᠯᠠᠴᠢᠯᠠᠪᠠ ᠃ | ᠬᠤᠷᠠᠯ ᠳᠤ ᠣᠷᠣᠯᠴᠠᠬᠰᠠᠨ ᠪᠦᠷᠢᠯᠳᠦᠭᠦᠨ ᠤᠯᠤᠰ ᠤᠳ ᠤᠨ ᠤᠳᠤᠷᠢᠳᠬᠤ ᠬᠥᠮᠥᠰ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠠᠵᠠᠷ | ᠣᠷᠣᠨ ᠤ ᠡᠩᠬᠡ ᠲᠠᠶᠢᠪᠤᠩ ᠪᠣᠯᠣᠨ ᠠᠮᠤᠷ ᠲᠦᠪᠰᠢᠨ ᠢ ᠬᠠᠮᠠᠭᠠᠯᠠᠬᠤ ᠳᠤ ᠦᠵᠡᠭᠦᠯᠦᠭᠰᠡᠨ ᠪᠦᠲᠦᠭᠡᠯᠴᠢ ᠴᠢᠨᠠᠷᠲᠠᠢ ᠦᠢᠯᠡᠳᠦᠯ ᠢ ᠢᠳᠡᠪᠬᠢᠲᠡᠢ ᠦᠨᠡᠯᠡᠵᠦ ᠂ | ᠠᠷᠠᠯᠵᠢᠶ᠎ᠠ ᠂ ᠵᠠᠮ ᠬᠠᠷᠢᠯᠴᠠᠭ᠎ᠠ ᠂ ᠡᠨᠧᠷᠭᠢ ᠂ ᠮᠥᠩᠭᠦᠨ ᠭᠦᠢᠯᠭᠡᠭᠡ ᠂ ᠬᠥᠳᠡᠭᠡ ᠠᠵᠤ ᠠᠬᠤᠢ ᠂ ᠲᠣᠭᠠᠴᠢᠯᠠᠭᠰᠠᠨ ᠠᠵᠤ ᠠᠬᠤᠢ ᠂ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠴᠢᠨᠠᠭᠰᠢᠳᠠ ᠴᠢᠩᠭᠠᠳᠬᠠᠵᠤ ᠂ ᠰᠤᠷᠭᠠᠨ ᠬᠥᠮᠦᠵᠢᠯ ᠂ ᠰᠣᠶᠣᠯ ᠂ ᠵᠢᠭᠤᠯᠴᠢᠯᠠᠯ ᠂ | ᠵᠠᠯᠠᠭᠤᠴᠤᠳ ᠵᠡᠷᠭᠡ ᠰᠣᠶᠣᠯ ᠢᠷᠭᠡᠨᠰᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ ᠭᠡᠵᠦ ᠢᠯᠡᠳᠬᠡᠪᠡ ᠃ ᠤᠳᠤᠷᠢᠳᠬᠤ ᠬᠥᠮᠥᠰ ᠂ | ᠣᠳᠣᠬᠠᠨ ᠤ ᠳᠡᠯᠡᠬᠡᠢ ᠶᠢᠨ ᠤᠯᠤᠰ ᠲᠦᠷᠦ ᠂ ᠠᠵᠤ ᠠᠬᠤᠢ ᠶᠢᠨ ᠪᠠᠶᠢᠳᠠᠯ ᠵᠢᠴᠢ ᠤᠯᠠᠨ ᠤᠯᠤᠰ ᠤᠨ ᠬᠠᠷᠢᠯᠴᠠᠭ᠎ᠠ ᠶᠠᠭ ᠴᠢᠬᠤᠯᠠ ᠶᠡᠭᠡ ᠬᠤᠪᠢᠰᠤᠯᠲᠠ ᠶᠢ | ᠥᠩᠭᠡᠷᠡᠭᠡᠵᠦ ᠪᠠᠶᠢᠨ᠎ᠠ ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠭᠤᠣᠯ ᠵᠣᠬᠢᠴᠠᠭᠤᠯᠬᠤ ᠦᠢᠯᠡᠳᠦᠯ ᠢᠶᠠᠨ ᠪᠠᠳᠠᠷᠠᠭᠤᠯᠵᠤ ᠂ ᠨᠡᠩ ᠲᠥᠯᠥᠭᠡᠯᠡᠬᠦ ᠴᠢᠨᠠᠷᠲᠠᠢ ᠂ | ᠨᠡᠩ ᠠᠷᠠᠳᠴᠢᠯᠠᠯ ᠲᠠᠢ ᠲᠥᠪ ᠭᠤᠣᠯᠴᠢ ᠤᠯᠠᠨ ᠲᠦᠢᠯᠲᠤ ᠳᠡᠯᠡᠬᠡᠢ ᠶᠢᠨ ᠰᠢᠰᠲ᠋ᠧᠮ ᠢ ᠪᠠᠶᠢᠭᠤᠯᠬᠤ ᠶᠢ ᠠᠬᠢᠭᠤᠯᠵᠤ ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ | ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠪᠠᠯ ᠵᠣᠬᠢᠨ᠎ᠠ ᠃ ᠡᠯ᠎ᠡ ᠤᠯᠤᠰ ᠤᠨ ᠵᠦᠢ ᠶᠣᠰᠣᠨ ᠤ ᠠᠮᠤᠷ ᠲᠦᠪᠰᠢᠨ ᠤ ᠠᠩᠬᠠᠷᠤᠯ ᠲᠠᠯᠪᠢᠵᠤ ᠪᠠᠶᠢᠭ᠎ᠠ | ᠠᠰᠠᠭᠤᠳᠠᠯ ᠢ ᠭᠦᠨᠳᠦᠳᠭᠡᠵᠦ ᠂ ᠤᠯᠤᠰ ᠤᠨ ᠬᠤᠭᠤᠷᠣᠨᠳᠣᠭᠢ ᠵᠥᠷᠢᠯᠳᠦᠭᠡᠨ ᠵᠢᠭᠤᠷᠠᠯᠳᠤᠭᠠᠨ ᠢ ᠨᠠᠶᠢᠷᠠᠮᠳᠠᠯ ᠢᠶᠠᠷ ᠰᠢᠢᠳᠪᠦᠷᠢᠯᠡᠬᠦ ᠪᠠᠷ ᠴᠢᠷᠮᠠᠶᠢᠵᠤ ᠂ ᠭᠠᠭᠴᠠ | ᠲᠠᠯ᠎ᠠ ᠶᠢᠨ ᠵᠠᠯᠬᠠᠭᠠᠯ ᠢ ᠡᠰᠡᠷᠭᠦᠴᠡᠵᠦ ᠂ ᠪᠤᠰᠤᠳ ᠤᠯᠤᠰ ᠤᠨ ᠳᠣᠲᠣᠭᠠᠳᠤ ᠶᠠᠪᠤᠳᠠᠯ ᠳᠤ ᠭᠠᠷ ᠲᠦᠷᠦᠭᠦ ᠶᠢ ᠡᠰᠡᠷᠭᠦᠴᠡᠪᠡᠯ ᠵᠣᠬᠢᠨ᠎ᠠ ᠃ ᠤᠳᠤᠷᠢᠳᠬᠤ ᠬᠥᠮᠥᠰ | ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠠᠮᠤᠷ ᠲᠦᠪᠰᠢᠨ ᠤ ᠰᠦᠷᠳᠡᠭᠦᠯᠦᠯ ᠪᠠ ᠥᠷᠢᠰᠦᠯᠳᠦᠭᠡᠨ ᠢ ᠠᠷᠭᠠᠴᠠᠭᠠᠬᠤ ᠲᠣᠭᠲᠠᠴᠠ ᠶᠢ | ᠲᠡᠭᠦᠯᠳᠡᠷᠵᠢᠭᠦᠯᠵᠦ ᠂ ︽ ᠭᠤᠷᠪᠠᠨ ᠵᠦᠢᠯ ᠤᠨ ᠬᠦᠴᠦᠨ ︾ ᠂ ᠬᠤᠣᠷ ᠰᠠᠷᠢᠭᠠᠯᠠᠬᠤ ᠪᠠ ᠤᠯᠤᠰ ᠠᠯᠤᠰᠯᠠᠭᠰᠠᠨ ᠵᠣᠬᠢᠶᠠᠨ ᠪᠠᠶᠢᠭᠤᠯᠤᠯᠲᠠ ᠲᠠᠢ ᠶᠠᠯᠠᠲᠤ | ᠠᠵᠢᠯᠯᠠᠭ᠎ᠠ ᠳᠤ ᠡᠷᠡᠰ ᠴᠣᠬᠢᠯᠲᠠ ᠥᠭᠴᠦ ᠂ ᠳᠡᠯᠡᠬᠡᠢ ᠨᠡᠶᠢᠭᠡᠮ ᠤᠨ ᠬᠢᠨ ᠤ ᠠᠹᠭᠠᠨᠢᠰᠲ᠋ᠠᠨ ᠤ ᠡᠩᠬᠡ ᠲᠠᠶᠢᠪᠤᠩ ᠂ ᠬᠥᠭᠵᠢᠯᠲᠡ ᠶᠢ ᠪᠡᠶᠡᠯᠡᠭᠦᠯᠬᠦ ᠶᠢᠨ ᠲᠥᠯᠥᠭᠡ | ᠭᠠᠷᠭᠠᠭᠰᠠᠨ ᠴᠢᠷᠮᠠᠶᠢᠯᠭ᠎ᠠ ᠶᠢ ᠳᠡᠮᠵᠢᠵᠦ ᠂ ︽ ᠬᠤᠶᠠᠷ ᠤᠯᠤᠰ ᠤᠨ ᠲᠥᠰᠥᠯ ︾ ᠳᠤ ᠰᠠᠭᠤᠷᠢᠯᠠᠨ ᠫᠠᠯᠧᠰᠲ᠋ᠠᠶᠢᠨ ᠤ ᠠᠰᠠᠭᠤᠳᠠᠯ ᠢ ᠪᠦᠭᠦ ᠲᠠᠯ᠎ᠠ ᠪᠠᠷ ᠂ ᠲᠥᠪ | ᠭᠤᠣᠯᠴᠢ ᠪᠠᠷ ᠰᠢᠢᠳᠪᠦᠷᠢᠯᠡᠬᠦ ᠶᠢ ᠳᠡᠮᠵᠢᠪᠡᠯ ᠵᠣᠬᠢᠨ᠎ᠠ ᠭᠡᠵᠦ ᠦᠵᠡᠵᠡᠭᠡᠪᠡ ᠃ | ᠪᠦᠷᠢᠯᠳᠦᠭᠦᠨ ᠤᠯᠤᠰ ᠤᠳ ᠤᠨ ᠤᠳᠤᠷᠢᠳᠬᠤ ᠬᠥᠮᠥᠰ ︽ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤᠯᠤᠰ ᠤᠳ ᠤᠨ | ᠲᠦᠷᠦᠭᠦᠴᠦᠳ ᠤᠨ ᠬᠡᠷᠡᠭ ᠡᠷᠭᠢᠯᠡᠭᠴᠢᠳ ᠤᠨ ᠬᠤᠷᠠᠯ ᠤᠨ ᠠᠰᠲ᠋ᠠᠨᠠ ᠶᠢᠨ ᠲᠤᠩᠬᠠᠭ ︾ ᠲᠤ ᠭᠠᠷ ᠤᠨ ᠦᠰᠦᠭ ᠵᠢᠷᠤᠬᠤ ᠶᠢᠨ ᠬᠠᠮᠲᠤ ᠨᠡᠶᠢᠲᠡᠯᠡᠵᠦ ᠂ | ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠡᠯ᠎ᠡ ᠤᠯᠤᠰ ᠪᠦᠯᠬᠦᠮᠳᠡᠨ ᠬᠠᠮᠲᠤ ᠪᠠᠷ ᠢᠶᠠᠨ ᠳᠡᠯᠡᠬᠡᠢ ᠶᠢᠨ ᠲᠥᠪ ᠭᠤᠣᠯᠴᠢ ᠂ ᠡᠶ᠎ᠡ ᠨᠠᠶᠢᠷᠠᠮᠳᠠᠭᠤ ᠂ | ᠬᠥᠭᠵᠢᠯᠲᠡ ᠶᠢ ᠠᠬᠢᠭᠤᠯᠬᠤ ᠲᠤᠬᠠᠢ ᠰᠠᠨᠠᠭᠠᠴᠢᠯᠠᠭ᠎ᠠ ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠤ ᠲᠣᠭᠲᠠᠴᠠ ᠶᠢ | ᠲᠡᠭᠦᠯᠳᠡᠷᠵᠢᠭᠦᠯᠬᠦ ᠲᠤᠬᠠᠢ ᠰᠠᠨᠠᠭᠤᠯᠭ᠎ᠠ ᠂ ᠡᠶᠡᠯᠳᠡᠭ ᠬᠥᠷᠰᠢ ᠶᠢᠨ ᠢᠲᠡᠭᠡᠯᠴᠡᠭᠡ ᠪᠠ ᠬᠠᠨᠢᠲᠠᠨ ᠤ ᠬᠠᠷᠢᠯᠴᠠᠭ᠎ᠠ ᠶᠢᠨ ᠵᠠᠷᠴᠢᠮ ᠤᠨ ᠲᠤᠬᠠᠢ ᠢᠯᠡᠷᠬᠡᠶᠢᠯᠡᠯᠲᠡ ᠵᠢᠴᠢ | ᠡᠨᠧᠷᠭᠢ ᠂ ᠪᠡᠯᠡ ᠣᠷᠣᠭᠤᠯᠤᠯᠲᠠ ᠂ ᠮᠡᠳᠡᠭᠡ ᠵᠠᠩᠭᠢ ᠶᠢᠨ ᠠᠮᠤᠷ ᠲᠦᠪᠰᠢᠨ ᠵᠡᠷᠭᠡ ᠬᠦᠷᠢᠶᠡᠨ ᠤ ᠬᠠᠮᠲᠤᠷᠠᠯᠴᠠᠭ᠎ᠠ ᠳᠤ ᠬᠤᠯᠪᠣᠭᠳᠠᠭᠰᠠᠨ ᠠᠯᠢ ᠤᠯᠠᠨ | ᠰᠢᠢᠳᠪᠦᠷᠢ ᠶᠢ ᠨᠡᠶᠢᠲᠡᠯᠡᠬᠦ ᠶᠢ ᠵᠥᠪᠰᠢᠶᠡᠷᠡᠪᠡ ᠃ | ᠬᠤᠷᠠᠯ ᠠᠴᠠ ᠪᠧᠯᠤᠷᠦ᠋ᠰᠢᠶ᠎ᠠ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠳᠤ ᠣᠷᠣᠬᠤ ᠶᠢ ᠵᠢᠩᠬᠢᠨᠢ ᠪᠠᠷ ᠵᠥᠪᠰᠢᠶᠡᠷᠡᠵᠦ ᠂ ᠳᠤᠮᠳᠠᠳᠤ ᠤᠯᠤᠰ | 2024 ᠣᠨ ᠠᠴᠠ 2025 ᠣᠨ ᠪᠤᠯᠲᠠᠯᠠᠭᠢ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ ᠤᠨ | ᠲᠤᠰᠢᠶᠠᠯ ᠢ ᠬᠠᠷᠢᠭᠤᠴᠠᠬᠤ ᠪᠠᠷ ᠲᠣᠭᠲᠠᠪᠠ ᠃ | ᠼᠠᠢ ᠴᠢ ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ ᠃ | | | |