ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ ᠵᠦᠴᠦᠭᠡ  ᠶᠢ ᠦᠨᠳᠦᠰᠦᠨ ᠱᠠᠳᠤᠨ ᠳᠤ ᠬᠦᠷᠭᠡᠵᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠵᠦ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/7/5
  ᠦᠨᠳᠦᠰᠦᠨ ᠱᠠᠲᠤᠨ ᠤ ᠣᠯᠠᠨ ᠲᠦᠮᠡᠨ ᠤ ᠰᠣᠶᠣᠯ ᠤᠨ ᠬᠡᠷᠡᠭᠴᠡᠭᠡ ᠶᠢ ᠨᠠᠩ ᠰᠠᠶᠢᠲᠤᠷ ᠬᠠᠩᠭᠠᠵᠤ᠂ ᠣᠯᠠᠨ‌‍ᠲ᠋ᠦ᠋ᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠦᠯᠦᠭᠡ᠂ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ ᠠᠴᠠ ᠪᠡᠯᠡᠳᠬᠡᠭᠰᠡᠨ ︽ ᠰᠣᠶᠣᠯ ᠢ ᠬᠥᠳᠡᠭᠡ ᠪᠠᠭᠤᠯᠭᠠᠬᠤ ︾ ᠠᠵᠢᠯᠯᠠᠭ᠎ᠠ  ᠨᠢ 2024 ᠣᠨ ᠤ 6 ᠰᠠᠷ᠎ᠠ ᠶᠢᠨ 26 ᠤ ᠡᠳᠦᠷ ᠯᠦᠩᠺᠸᠦ ᠪᠠᠯᠭᠠᠰᠤᠨ ᠤ ᠰᠢᠨ᠎ᠡ ᠵᠠᠬ᠎ᠠ ᠳᠡᠯᠭᠡᠭᠦᠷ ᠲᠤ ᠥᠷᠨᠢᠭᠦᠯᠪᠡ ᠃ ᠬᠥᠳᠡᠯᠭᠡᠭᠡᠨ ᠳᠤᠮᠳᠠ ᠂ ᠴᠢᠶᠦ᠋ᠨ ᠶᠢᠩ ᠱᠠᠨ ᠰᠢ ᠶᠢᠨ ᠵᠦᠴᠦᠭᠡ ᠶᠢᠨ ᠬᠦᠷᠢᠶᠡᠯᠡᠩ ᠤᠨ ᠤᠷᠠᠯᠢᠭᠴᠢᠳ ᠯᠦᠩᠺᠸᠦ ᠶᠢᠨ ᠨᠤᠲᠤᠭ ᠤᠨ ᠠᠬᠠᠰ ᠵᠠᠬᠠᠰ ᠨᠠᠷ ᠲᠤ ᠱᠠᠨ ᠰᠢ ᠶᠢᠨ ︽ ᠲᠤᠯᠤᠭᠠᠨ ᠡᠮᠡᠭᠡ ᠶᠢᠨ ᠦᠢᠮᠡᠭᠡᠨ ︾ ᠭᠡᠬᠦ ᠵᠦᠴᠦᠭᠡ ᠶᠢ ᠲᠤᠭᠯᠠᠵᠤ ᠂ ᠥᠷᠭᠡᠨ ᠣᠯᠠᠨ ᠦᠵᠡᠭᠴᠢᠳ ᠤᠨ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ ᠃
    基层1(1).bmp   
  ᠳᠥᠭᠦᠮ ᠲᠣᠭᠯᠠᠯᠲᠠ ᠶᠢᠨ ᠳᠠᠶᠢᠰᠠ ᠪᠤᠯᠪᠠᠴᠦ ᠲᠣᠭᠯᠠᠭᠴᠢᠳ ᠤᠨᠢᠷᠠᠭᠤ ᠰᠠᠶᠢᠬᠠᠨ ᠲᠤᠭᠯᠠᠯᠳᠠ ᠶᠢ ᠨᠥᠯᠥᠭᠡᠯᠡᠬᠦ ᠦᠭᠡᠢ ᠂ ᠲᠡᠳᠡᠨ ᠤ ᠲᠣᠭᠯᠠᠯᠲᠠ ᠨᠢ ᠬᠠᠶᠢᠷ᠎ᠠ ᠰᠡᠳᠬᠢᠯᠭᠡ ᠲᠠᠢ ᠪᠥᠭᠡᠳ ᠰᠦᠷ ᠵᠢᠪᠬᠤᠯᠠᠩᠲᠤ ᠭᠤᠶᠢᠳᠠ ᠰᠠᠶᠢᠬᠠᠨ ᠳᠠᠭᠤᠤ ᠨᠢ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠵᠠᠶ ᠃ ᠲᠣᠭᠯᠠᠯᠲᠠ ᠳᠠᠭᠤᠰᠤᠭᠰᠠᠨ ᠤ ᠳᠠᠷᠠᠭ᠎ᠠ ᠂ ᠨᠤᠲᠤᠭ ᠤᠨ ᠠᠬ᠎ᠠ ᠳᠡᠭᠦᠦ ᠨᠡᠷ ᠮᠠᠰᠢ ᠥᠨᠳᠥᠷ ᠦᠨᠡᠯᠡᠯᠲᠡ ᠥᠭᠴᠡᠶ ᠂ ︽ ᠶᠠᠭ ᠰᠢᠨ᠎ᠡ ᠵᠠᠬ᠎ᠠ ᠳᠡᠯᠭᠡᠭᠦᠷ ᠴᠤᠭᠯᠠᠭᠠᠨ ᠳᠤ ᠶᠠᠭᠠᠷᠠᠪᠴᠢᠯ ᠲᠠᠢ ᠲᠠᠭᠠᠷᠠᠯᠳᠤᠪᠠᠯ ᠂ ᠪᠢᠳᠡ ᠰᠢᠯᠢ ᠳᠡᠭᠡᠷ᠎ᠡ ᠠᠴᠠ ᠪᠠᠭᠤᠵᠤ ᠢᠷᠡᠭᠡᠳ ᠶᠠᠭᠤᠮ᠎ᠠ ᠬᠤᠳᠠᠯᠳᠤᠨ ᠠᠪᠬᠤ ᠶᠢᠨ ᠬᠠᠮᠲᠤ ᠪᠠᠰᠠ ᠵᠦᠴᠦᠭᠡ ᠦᠵᠡᠬᠦ ᠶᠢ ᠰᠠᠭᠠᠲᠠᠭᠠᠬᠤ ᠥᠬᠡᠶ ᠂ ᠲᠠ ᠨᠠᠷ ᠤᠨ ᠲᠣᠬᠢᠷᠠᠭᠤᠯᠤᠭᠰᠠᠨ ᠮᠠᠰᠢ ᠰᠠᠶᠢᠨ ᠂ ᠡᠩ ᠤᠨ ᠦᠶ᠎ᠡ ᠳᠤ ᠪᠢᠳᠡ ᠲᠤᠰᠬᠠᠶᠢᠯᠠᠨ ᠢᠷᠡᠵᠦ ᠲᠣᠭᠯᠠᠭᠰᠠᠨ ᠤ ᠳᠠᠷᠠᠭ᠎ᠠ ᠵᠦᠴᠦᠭᠡ ᠦᠵᠡᠬᠦ ᠲᠠᠯᠠᠪᠤᠷ ᠲᠤ ᠵᠦᠴᠦᠭᠡ ᠦᠵᠡᠵᠦ ᠪᠠᠶᠢᠭᠰᠠᠨ ᠶᠠᠩ ᠨᠠᠰᠤᠲᠠᠨ ᠬᠡᠯᠡᠨ᠎ᠡ ᠃
    基层1(2).bmp    
  ᠲᠣᠰ ᠤᠳᠠᠭᠠᠨ ᠤ ᠲᠣᠭᠯᠠᠯᠲᠠ ᠨᠢ ᠤᠶᠢᠷ᠎ᠠ ᠬᠠᠪᠢ ᠶᠢᠨ ᠣᠯᠠᠨ ᠲᠦᠮᠡᠨ ᠤ ᠠᠩᠬᠠᠷᠤᠯ ᠢ ᠲᠠᠲᠠᠵᠠᠶ ᠃     
ᠢᠷᠡᠯᠲᠡ᠄ ᠯᠦᠩᠺᠸᠦ ᠪᠠᠯᠭᠠᠰᠤᠨ ᠤ ᠨᠡᠶᠢᠳᠡᠯᠡᠯ