ᠰᠢ ᠶᠢᠨ ᠫᠢᠩ ᠬᠤᠨᠠᠨ ᠤ ᠶᠤᠸᠠᠢ ᠶᠠᠩ ᠬᠤᠲᠠ ᠶᠢᠨ ᠬᠤᠸᠠ ᠷᠦᠩ ᠰᠢᠶᠠᠨ ᠤ ᠲᠤᠸᠠᠨ ᠵᠧᠦ ᠳᠠᠯᠠᠩ ᠤᠨ ᠳ᠋ᠦᠩ ᠲᠢᠩ ᠬᠤ᠋ ᠨᠠᠭᠤᠷ ᠤᠨ ᠡᠮᠦᠨ᠎ᠡ ᠹᠷᠣᠨᠲ ᠤᠨ ᠬᠠᠰᠢᠯᠭ᠎ᠠ ᠰᠡᠲᠡᠷᠡᠭᠰᠡᠨ ᠳᠤ ᠴᠢᠬᠤᠯᠠ ᠵᠢᠭᠠᠪᠤᠷᠢ ᠥᠭᠴᠦ ᠠᠶᠤᠯ ᠠᠴᠠ ᠠᠪᠤᠷᠠᠨ ᠲᠤᠰᠠᠯᠠᠬᠤ ᠠᠵᠢᠯ ᠢ ᠪᠦᠭᠦ ᠬᠦᠴᠦᠨ ᠢᠶᠠᠷ ᠢᠶᠠᠨ ᠥᠷᠨᠢᠭᠦᠯᠵᠦ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ ᠯᠢ ᠴᠢᠶᠠᠩ ᠴᠣᠬᠤᠯᠠᠪᠤᠷᠢ ᠥᠭᠪᠡ
ᠨᠡᠶᠢᠲᠡᠯᠡᠭᠰᠡᠨ ᠴᠠᠭ᠄
2024/7/9
     ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 5 ᠤ ᠴᠠᠭᠢᠯᠭᠠᠨ ᠮᠡᠳᠡᠭᠡ 7 ᠰᠠᠷ᠎ᠠ ᠶᠢᠨ 5 ᠤ ᠦᠳᠡ ᠶᠢᠨ ᠬᠤᠶᠢᠨ᠎ᠠ ᠂ ᠬᠤᠨᠠᠨ ᠤ ᠶᠤᠸᠠᠢ ᠶᠠᠩ ᠬᠤᠲᠠ ᠶᠢᠨ ᠬᠤᠸᠠ ᠷᠦᠩ ᠰᠢᠶᠠᠨ ᠤ ᠲᠤᠸᠠᠨ ᠵᠧᠦ ᠰᠢᠶᠠᠩ ᠤᠨ ᠲᠤᠸᠠᠨ ᠪᠧᠢ ᠲᠣᠰᠬᠤᠨ ᠤ ᠲᠤᠸᠠᠨ ᠵᠧᠦ ᠳᠠᠯᠠᠩ ᠤᠨ ᠳ᠋ᠦᠩ ᠲᠢᠩ ᠬᠤ᠋ ᠨᠠᠭᠤᠷ ᠤᠨ ᠡᠮᠦᠨ᠎ᠡ ᠹᠷᠣᠨᠲ ᠤᠨ ᠬᠠᠰᠢᠯᠭ᠎ᠠ ᠰᠡᠲᠡᠷᠡᠵᠦ ᠂ ᠬᠤᠲᠣᠭᠤᠷ ᠭᠠᠵᠠᠷ ᠤᠰᠤᠨ ᠳᠤ ᠠᠪᠲᠠᠭᠳᠠᠪᠠ ᠂ ᠲᠤᠬᠠᠢ ᠶᠢᠨ ᠭᠠᠵᠠᠷ ᠤᠨ ᠭᠠᠮᠰᠢᠭᠳᠠᠭᠰᠠᠨ ᠣᠯᠠᠨ ᠲᠦᠮᠡᠨ ᠪᠦᠭᠦᠨ ᠢᠶᠠᠷ ᠢᠶᠠᠨ ᠠᠮᠤᠷ ᠲᠦᠪᠰᠢᠨ ᠢᠶᠠᠷ ᠰᠢᠯᠵᠢᠵᠡᠢ ᠃    ᠲᠦᠭᠰᠢᠭᠦᠷᠢ ᠲᠠᠢ ᠪᠠᠶᠢᠳᠠᠯ ᠭᠠᠷᠤᠭᠰᠠᠨ ᠤ ᠳᠠᠷᠠᠭ᠎ᠠ ᠂ ᠭᠠᠳᠠᠭᠠᠳᠤ ᠳᠤ ᠠᠶᠢᠯᠴᠢᠯᠠᠵᠤ ᠪᠠᠶᠢᠭ᠎ᠠ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠶᠢᠨ ᠬᠠᠮᠲᠤ ᠴᠢᠬᠤᠯᠠ ᠵᠢᠭᠠᠪᠤᠷᠢ ᠥᠭᠴᠦ ᠂ ᠬᠤᠨᠠᠨ ᠤ ᠶᠤᠸᠠᠢ ᠶᠠᠩ ᠬᠤᠳᠠ ᠶᠢᠨ ᠬᠤᠸᠠ ᠷᠦᠩ ᠰᠢᠶᠠᠨ ᠤ ᠲᠤᠸᠠᠨ ᠵᠧᠦ ᠳᠠᠯᠠᠩ ᠤᠨ ᠳ᠋ᠦᠩ ᠲᠢᠩ ᠬᠤ᠋ ᠨᠠᠭᠤᠷ ᠤᠨ ᠡᠮᠦᠨ᠎ᠡ ᠹᠷᠣᠨᠲ ᠤᠨ ᠬᠠᠰᠢᠯᠭ᠎ᠠ ᠰᠡᠲᠡᠷᠡᠭᠰᠡᠨ ᠳᠤ ᠂ ᠲᠦᠭᠰᠢᠭᠦᠷᠢ ᠳᠤ ᠤᠴᠠᠷᠠᠭᠰᠠᠨ ᠭᠠᠵᠠᠷ ᠣᠷᠣᠨ ᠤ ᠤᠯᠠᠨ ᠲᠦᠮᠡᠨ ᠢ ᠴᠠᠭ ᠲᠤᠬᠠᠢ ᠳᠤᠨᠢ ᠰᠢᠯᠵᠢᠭᠦᠯᠬᠦ ᠶᠢᠨ ᠬᠠᠮᠲᠤ ᠲᠣᠬᠢᠲᠠᠢ ᠲᠥᠪᠬᠢᠨᠡᠭᠦᠯᠵᠦ ᠂ ᠠᠶᠤᠯ ᠠᠴᠠ ᠠᠪᠤᠷᠠᠨ ᠲᠤᠰᠠᠯᠠᠬᠤ ᠠᠵᠢᠯ ᠢ ᠪᠦᠭᠦ ᠬᠦᠴᠦ ᠪᠠᠷ ᠢᠶᠠᠨ ᠥᠷᠨᠢᠭᠦᠯᠵᠦ ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠰᠠᠶᠢᠲᠤᠷ ᠬᠠᠮᠠᠭᠠᠯᠠᠵᠤ ᠂ ᠤᠯᠤᠰ ᠤᠨ ᠦᠶᠡᠷ ᠢ ᠰᠡᠷᠭᠡᠶᠢᠯᠡᠬᠦ ᠶᠡᠷᠦᠩᠬᠡᠢ ᠵᠢᠯᠤᠭᠤᠳᠬᠤ ᠭᠠᠵᠠᠷ ᠤᠨ ᠬᠢᠨ ᠠᠵᠢᠯᠯᠠᠬᠤ ᠳᠤᠭᠤᠶᠢᠯᠠᠩ ᠲᠣᠮᠢᠯᠠᠨ ᠵᠢᠯᠣᠭᠤᠳᠤᠯᠭ᠎ᠠ ᠪᠠᠨ ᠴᠢᠩᠭᠠᠳᠬᠠᠬᠤ ᠬᠡᠷᠡᠭᠲᠡᠢ ᠭᠡᠪᠡ ᠃ ᠰᠢ ᠶᠢᠨ ᠫᠢᠩ ᠂ ᠮᠠᠨ ᠤ ᠤᠯᠤᠰ ᠪᠦᠭᠦ ᠲᠠᠯ᠎ᠠ ᠪᠠᠷ ᠦᠶᠡᠷ ᠤᠨ ᠭᠤᠣᠯ ᠬᠤᠭᠤᠴᠠᠭᠠᠨ ᠳᠤ ᠣᠷᠣᠭᠰᠠᠨ ᠠᠴᠠ ᠨᠠᠭᠠᠰᠢ ᠂ ᠵᠠᠷᠢᠮ ᠭᠠᠵᠠᠷ ᠲᠤ ᠬᠤᠷ᠎ᠠ ᠲᠤᠨᠳᠠᠰᠤ ᠶᠢᠨ ᠬᠡᠮᠵᠢᠶ᠎ᠡ ᠶᠡᠬᠡᠳᠡᠵᠦ ᠂ ᠦᠷᠭᠦᠯᠵᠢᠯᠡᠭᠰᠡᠨ ᠴᠠᠭ ᠨᠢ ᠣᠷᠳᠣ ᠂ ᠦᠶᠡᠷ ᠢ ᠰᠡᠷᠭᠡᠶᠢᠯᠡᠬᠦ ᠪᠠᠶᠢᠳᠠᠯ ᠬᠦᠨᠳᠦ ᠨᠣᠴᠢᠲᠠᠢ ᠪᠠᠶᠢᠵᠤ ᠂ ᠢᠯᠠᠩᠭᠤᠶ᠎ᠠ ᠬᠠᠰᠢᠯᠭ᠎ᠠ ᠳᠠᠯᠠᠩ ᠤᠨ ᠤᠰᠤᠨ ᠳᠤ ᠢᠳᠡᠭᠳᠡᠭᠰᠡᠨ ᠴᠠᠭ ᠨᠢ ᠭᠡᠲᠦ ᠣᠷᠳᠣ ᠪᠣᠯᠪᠠᠯ ᠴᠤᠷᠭᠢᠯᠠᠬᠤ ᠵᠡᠷᠭᠡ ᠠᠶᠤᠯ ᠲᠦᠭᠰᠢᠭᠦᠷᠢ ᠠᠮᠠᠷᠬᠠᠨ ᠡᠭᠦᠰᠳᠡᠭ ᠪᠠᠶᠢᠵᠤ ᠂ ᠨᠡᠯᠢᠶᠡᠳ ᠶᠡᠭᠡ ᠠᠶᠤᠯ ᠲᠦᠭᠰᠢᠭᠦᠷᠢ ᠭᠡᠮ ᠰᠣᠭᠤᠭ ᠣᠷᠣᠰᠢᠵᠤ ᠪᠠᠶᠢᠨ᠎ᠠ ᠃ ᠬᠠᠮᠢᠶ᠎ᠠ ᠪᠦᠬᠦᠢ ᠣᠷᠣᠨ ᠨᠤᠲᠤᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠠᠷᠤᠢ ᠲᠦᠷᠭᠡᠨ ᠬᠥᠳᠡᠯᠦᠯᠴᠡᠵᠦ ᠂ ᠬᠦᠴᠦᠨ ᠢᠶᠠᠨ ᠵᠣᠬᠢᠶᠠᠨ ᠪᠠᠶᠢᠭᠤᠯᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠢ ᠥᠷᠨᠢᠭᠦᠯᠵᠦ ᠂ ᠬᠠᠰᠢᠯᠭ᠎ᠠ ᠳᠠᠯᠠᠩ ᠢ ᠴᠠᠭᠳᠠᠨ ᠪᠠᠶᠢᠴᠠᠭᠠᠬᠤ ᠠᠵᠢᠯ ᠢᠶᠠᠨ ᠴᠢᠩᠭᠠᠳᠬᠠᠵᠤ ᠂ ᠠᠶᠤᠯ ᠲᠦᠭᠰᠢᠭᠦᠷᠢ ᠶᠢ ᠴᠠᠭ ᠲᠤᠬᠠᠢ ᠳᠤᠨᠢ ᠢᠯᠡᠷᠡᠭᠦᠯᠬᠦ ᠶᠢᠨ ᠬᠠᠮᠲᠤ ᠲᠡᠷᠡ ᠳᠠᠷᠤᠢ ᠳᠤᠨᠢ ᠰᠢᠢᠳᠪᠦᠷᠢᠯᠡᠵᠦ ᠂ ᠦᠶᠡᠷ ᠢ ᠰᠡᠷᠭᠡᠶᠢᠯᠡᠬᠦ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃    ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠴᠣᠬᠤᠯᠠᠪᠤᠷᠢ ᠥᠭᠴᠦ ᠂ ᠠᠶᠤᠯ ᠠᠴᠠ ᠠᠪᠤᠷᠠᠵᠤ ᠰᠢᠢᠳᠪᠦᠷᠢᠯᠡᠬᠦ ᠠᠵᠢᠯ ᠢ ᠪᠦᠭᠦ ᠬᠦᠴᠦ ᠪᠠᠷ ᠢᠶᠠᠨ ᠰᠠᠶᠢᠲᠤᠷ ᠬᠢᠵᠦ ᠂ ᠠᠶᠤᠯ ᠲᠦᠭᠰᠢᠭᠦᠷᠢ ᠶᠢᠨ ᠪᠠᠶᠢᠳᠠᠯ ᠢ ᠡᠵᠡᠮᠳᠡᠵᠦ ᠂ ᠭᠠᠮᠰᠢᠭᠳᠠᠭᠰᠠᠨ ᠤᠯᠠᠨ ᠲᠦᠮᠡᠨ ᠢ ᠲᠣᠬᠢᠲᠠᠢ ᠲᠥᠪᠬᠢᠨᠡᠭᠦᠯᠬᠦ ᠶᠢᠨ ᠬᠠᠮᠲᠤ ᠴᠦᠭᠦᠷᠦᠮ ᠤᠨ ᠬᠠᠰᠢᠯᠭ᠎ᠠ ᠶᠢ ᠴᠠᠭᠳᠠᠨ ᠪᠠᠶᠢᠴᠠᠭᠠᠵᠤ ᠰᠡᠷᠭᠡᠶᠢᠯᠡᠨ ᠬᠠᠮᠠᠭᠠᠯᠠᠬᠤ ᠶᠢ ᠴᠢᠩᠭᠠᠳᠬᠠᠵᠤ ᠂ ᠡᠯ᠎ᠡ ᠵᠦᠢᠯ ᠤᠨ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠃ ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠡᠷᠦᠩᠬᠡᠢ ᠵᠢᠯᠤᠭᠤᠳᠬᠤ ᠭᠠᠵᠠᠷ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠭᠦ ᠪᠠ ᠵᠥᠪᠳᠡᠯᠴᠡᠨ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠵᠤ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠪᠠᠷ ᠰᠠᠶᠢᠲᠤᠷ ᠬᠢᠵᠦ ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠥᠩᠭᠡᠷᠡᠭᠦᠯᠬᠦ ᠶᠢ ᠪᠦᠭᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠪᠡ ᠃    ᠰᠢ ᠶᠢᠨ ᠫᠢᠩ ᠤᠨ ᠵᠢᠭᠠᠪᠤᠷᠢ ᠪᠣᠯᠣᠨ ᠯᠢ ᠴᠢᠶᠠᠩ ᠤᠨ ᠱᠠᠭᠠᠷᠳᠠᠯᠭ᠎ᠠ ᠶᠢ ᠦᠨᠳᠦᠰᠦᠯᠡᠨ ᠂ ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠡᠷᠦᠩᠬᠡᠢ ᠵᠢᠯᠤᠭᠤᠳᠬᠤ ᠭᠠᠵᠠᠷ ᠂ ᠤᠰᠤᠨ ᠠᠰᠢᠭᠯᠠᠯᠲᠠ ᠶᠢᠨ ᠶᠠᠮᠤᠨ ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠨᠢᠭᠡᠨᠲᠡ ᠠᠵᠢᠯᠯᠠᠬᠤ ᠳᠤᠭᠤᠶᠢᠯᠠᠩ ᠲᠣᠮᠢᠯᠠᠨ ᠲᠤᠬᠠᠢ ᠶᠢᠨ ᠲᠠᠯᠠᠪᠠᠢ ᠳᠤ ᠣᠴᠢᠭᠤᠯᠵᠤ ᠵᠢᠭᠠᠨ ᠵᠢᠯᠣᠭᠤᠳᠴᠠᠢ ᠃ ᠬᠤᠨᠠᠨ ᠮᠤᠵᠢ ᠂ ᠶᠤᠸᠠᠢ ᠶᠠᠩ ᠬᠤᠲᠠ ᠶᠢᠨ ᠨᠠᠮ ᠵᠠᠰᠠᠭ ᠤᠨ ᠬᠠᠷᠢᠭᠤᠴᠠᠯᠭᠠᠲᠠᠳ ᠲᠤᠬᠠᠢ ᠶᠢᠨ ᠲᠠᠯᠠᠪᠠᠶ ᠳᠤ ᠠᠶᠤᠯ ᠠᠴᠠ ᠠᠪᠤᠷᠠᠵᠤ ᠠᠪᠤᠷᠠᠨ ᠲᠤᠰᠠᠯᠠᠬᠤ ᠶᠢ ᠵᠢᠯᠤᠭᠤᠳᠴᠤ ᠪᠠᠶᠢᠨ᠎ᠠ ᠃ ᠣᠳᠣᠬᠠᠨ ᠳᠤ ᠬᠤᠯᠪᠣᠭᠳᠠᠯ ᠪᠦᠬᠦᠢ ᠠᠵᠢᠯ ᠶᠠᠭ ᠶᠠᠪᠤᠭᠳᠠᠵᠤ ᠪᠠᠶᠢᠨ᠎ᠠ ᠃   
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ