| ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ | ᠲᠣᠭᠠᠴᠢᠯᠠᠭᠰᠠᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ | ︽ ᠰᠢᠨ᠎ᠡ ᠶᠢ ᠡᠭᠦᠳᠦᠭᠰᠡᠨ ᠡᠮ ᠤᠨ ᠬᠥᠭᠵᠢᠯᠲᠡ ᠶᠢ ᠪᠦᠬᠦ ᠬᠡᠯᠬᠢᠶ᠎ᠡ ᠪᠠᠷ ᠳᠡᠮᠵᠢᠬᠦ ᠲᠤᠬᠠᠢ ᠬᠡᠷᠡᠭᠵᠢᠭᠦᠯᠬᠦ ᠲᠥᠰᠥᠯ ︾ ᠢ ᠬᠢᠨᠠᠨ ᠵᠥᠪᠯᠡᠵᠦ ᠪᠠᠲᠤᠯᠠᠪᠠ | ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠠᠵᠢᠯ ᠢ ᠤᠯᠠᠮ ᠨᠢᠭᠡ ᠠᠯᠬᠤᠮ ᠠᠬᠢᠭᠤᠯᠬᠤ ᠲᠤᠬᠠᠢ ᠶᠠᠷᠢᠯᠴᠠᠪᠠ | ᠲᠢᠶᠠᠨᠵᠢᠨ ᠤ ᠪᠢᠨ ᠬᠠᠢ ᠰᠢᠨ᠎ᠡ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠪᠠ | 2023 ᠣᠨ ᠤ ᠲᠥᠪ ᠤᠨ ᠲᠥᠰᠥᠪ ᠤᠨ ᠭᠦᠢᠴᠡᠳᠬᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠣᠳᠣᠯᠲᠠ ᠳᠤ ᠪᠠᠶᠢᠴᠠᠭᠠᠨ | ᠭᠠᠷᠭᠠᠭᠰᠠᠨ ᠭᠤᠣᠯ ᠠᠰᠠᠭᠤᠳᠠᠯ ᠵᠢᠴᠢ ᠠᠩᠬ᠎ᠠ ᠠᠯᠬᠤᠮ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 7 ᠳ᠋ᠤᠭᠠᠷ ᠰᠠᠷ᠎ᠠ ᠶᠢᠨ 5 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ | ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠂ ᠲᠣᠭᠠᠴᠢᠯᠠᠭᠰᠠᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠤᠯᠪᠣᠭᠳᠠᠯ | ᠪᠦᠬᠦᠢ ᠠᠵᠢᠯ ᠢ ᠰᠤᠳᠤᠯᠤᠨ ᠪᠠᠶᠢᠷᠢᠯᠠᠭᠤᠯᠵᠤ ᠂ ︽ ᠰᠢᠨ᠎ᠡ ᠶᠢ ᠡᠭᠦᠳᠦᠭᠰᠡᠨ ᠡᠮ ᠤᠨ ᠬᠥᠭᠵᠢᠯᠲᠡ ᠶᠢ ᠪᠥᠬᠦ ᠬᠡᠯᠬᠢᠶ᠎ᠡ ᠪᠠᠷ ᠳᠡᠮᠵᠢᠬᠦ ᠲᠤᠬᠠᠢ ᠬᠡᠷᠡᠭᠵᠢᠭᠦᠯᠬᠦ ᠲᠥᠰᠥᠯ ︾ | ᠢ ᠬᠢᠨᠠᠨ ᠵᠥᠪᠯᠡᠵᠦ ᠪᠠᠲᠤᠯᠠᠨ ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠠᠵᠢᠯ ᠢ ᠤᠯᠠᠮ ᠨᠢᠭᠡ ᠠᠯᠬᠤᠮ ᠠᠬᠢᠭᠤᠯᠬᠤ ᠲᠤᠬᠠᠢ ᠶᠠᠷᠢᠯᠴᠠᠵᠤ ᠂ | ᠲᠢᠶᠠᠨᠵᠢᠨ ᠤ ᠪᠢᠨ ᠬᠠᠢ ᠰᠢᠨ᠎ᠡ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠵᠤ ᠂ | 2023 ᠣᠨ ᠤ ᠲᠥᠪ ᠤᠨ ᠲᠥᠰᠥᠪ ᠤᠨ ᠭᠦᠢᠴᠡᠳᠬᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠣᠳᠣᠯᠲᠠ ᠳᠤ ᠪᠠᠶᠢᠴᠠᠭᠠᠨ | ᠭᠠᠷᠭᠠᠭᠰᠠᠨ ᠭᠤᠣᠯ ᠠᠰᠠᠭᠤᠳᠠᠯ ᠵᠢᠴᠢ ᠠᠩᠬ᠎ᠠ ᠠᠯᠬᠤᠮ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ ᠃ | ᠬᠤᠷᠠᠯ ᠳᠤ ᠂ ᠪᠦᠬᠦ ᠲᠠᠯ᠎ᠠ ᠶᠢᠨ ᠥᠨᠳᠥᠷᠴᠡ ᠠᠴᠠ ᠲᠣᠭᠠᠴᠢᠯᠠᠭᠰᠠᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠠᠨᠢᠨ ᠠᠬᠢᠭᠤᠯᠵᠤ ᠂ | ᠲᠣᠭᠠᠴᠢᠯᠠᠭᠰᠠᠨ ᠮᠡᠷᠭᠡᠵᠢᠯ ᠪᠠ ᠪᠣᠳᠠᠲᠤ ᠴᠣᠭᠴᠠᠲᠤ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ ᠂ ᠲᠣᠭᠠᠴᠢᠯᠠᠭᠰᠠᠨ ᠠᠵᠤ ᠦᠢᠯᠡᠰᠵᠢᠯᠲᠡ ᠂ | ᠠᠵᠤ ᠦᠢᠯᠡᠰ ᠤᠨ ᠲᠣᠭᠠᠴᠢᠯᠠᠯᠲᠠ ᠶᠢ ᠠᠬᠢᠭᠤᠯᠤᠨ ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠦᠬᠦ ᠲᠠᠯ᠎ᠠ ᠪᠠᠷ ᠡᠷᠴᠢᠮᠯᠡᠬᠦ ᠬᠡᠷᠡᠭᠲᠡᠢ ᠃ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠬᠦ ᠪᠠ ᠨᠡᠭᠡᠭᠡᠯᠲᠡ ᠬᠢᠵᠦ ᠬᠠᠮᠲᠤᠷᠠᠯᠴᠠᠬᠤ ᠶᠢ ᠪᠠᠷᠢᠮᠲᠠᠯᠠᠵᠤ ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠨᠦᠬᠦᠴᠡᠯ ᠢ | ᠦᠷᠭᠦᠯᠵᠢᠯᠡᠨ ᠰᠢᠯᠢᠳᠡᠭᠵᠢᠭᠦᠯᠦᠨ ᠂ ᠳ᠋ᠠᠶᠢᠲ᠋ᠠ ᠶᠢᠨ ᠰᠠᠭᠤᠷᠢ ᠳᠦᠷᠢᠮ ᠪᠠ ᠲᠣᠭᠠᠴᠢᠯᠠᠭᠰᠠᠨ ᠰᠠᠭᠤᠷᠢ ᠪᠡᠯᠡᠳᠬᠡᠮᠵᠢ ᠶᠢ ᠬᠠᠮᠵᠢᠯᠴᠠᠨ ᠲᠡᠭᠦᠯᠳᠡᠷᠵᠢᠭᠦᠯᠵᠦ ᠂ | ᠳ᠋ᠠᠶᠢᠲ᠋ᠠ ᠶᠢᠨ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠶᠢ ᠠᠬᠢᠭᠤᠯᠬᠤ ᠬᠡᠷᠡᠭᠲᠡᠢ ᠃ ᠲᠠᠪᠴᠠᠩ ᠤᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ | ᠴᠢᠳᠠᠪᠤᠷᠢ ᠶᠢ ᠳᠡᠭᠡᠭᠰᠢᠯᠡᠭᠦᠯᠵᠦ ᠂ ᠲᠠᠪᠴᠠᠩ ᠤᠨ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠬᠤᠷᠠᠯ ᠳᠤ ᠵᠢᠭᠠᠵᠤ ᠭᠠᠷᠭᠠᠭᠰᠠᠨ ᠨᠢ ᠂ ᠰᠢᠨ᠎ᠡ ᠶᠢ ᠡᠭᠦᠳᠦᠭᠰᠡᠨ ᠡᠮ ᠢ ᠬᠥᠭᠵᠢᠭᠦᠯᠬᠦ ᠨᠢ ᠡᠮ ᠡᠮᠨᠡᠯᠭᠡ ᠶᠢᠨ ᠠᠵᠤ ᠦᠢᠯᠡᠰ ᠤᠨ ᠬᠥᠭᠵᠢᠯᠲᠡ ᠲᠠᠢ | ᠬᠤᠯᠪᠣᠭᠳᠠᠵᠤ ᠂ ᠠᠷᠠᠳ ᠲᠦᠮᠡᠨ ᠤ ᠡᠷᠡᠭᠦᠯ ᠮᠡᠨᠳᠦ ᠪᠤᠶᠠᠨ ᠵᠢᠷᠭᠠᠯ ᠲᠠᠢ ᠬᠤᠯᠪᠣᠭᠳᠠᠨ᠎ᠠ ᠃ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠪᠥᠬᠦ ᠬᠡᠯᠬᠢᠶ᠎ᠡ ᠪᠠᠷ | ᠴᠢᠩᠭᠠᠳᠬᠠᠵᠤ ᠂ ᠦᠨ᠎ᠡ ᠬᠠᠩᠰᠢ ᠶᠢᠨ ᠬᠠᠮᠢᠶᠠᠷᠤᠯᠲᠠ ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠂ ᠬᠤᠳᠠᠯᠳᠤᠭᠠᠨ ᠤ ᠳᠠᠭᠠᠳᠬᠠᠯ ᠂ ᠡᠮ ᠤᠨ ᠵᠦᠢᠯᠡᠰ ᠢ | ᠲᠣᠬᠢᠷᠠᠭᠤᠯᠤᠨ ᠬᠡᠷᠡᠭᠯᠡᠬᠦ ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠵᠡᠷᠭᠡ ᠲᠥᠷᠥ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠰᠢᠭᠯᠠᠵᠤ ᠂ ᠬᠢᠨᠠᠨ | ᠦᠨᠡᠯᠡᠵᠦ ᠬᠢᠨᠠᠨ ᠵᠥᠪᠰᠢᠶᠡᠷᠡᠬᠦ ᠪᠠ ᠡᠮᠴᠢᠯᠡᠭᠡᠨ ᠤ ᠪᠠᠶᠢᠭᠤᠯᠤᠮᠵᠢ ᠶᠢᠨ ᠬᠢᠨᠠᠨ ᠰᠢᠯᠭᠠᠬᠤ ᠲᠣᠭᠲᠠᠴᠠ ᠶᠢ ᠰᠢᠯᠢᠳᠡᠭᠵᠢᠭᠦᠯᠦᠨ ᠂ ᠰᠢᠨ᠎ᠡ ᠶᠢ ᠡᠭᠦᠳᠦᠭᠰᠡᠨ ᠡᠮ ᠤᠨ | ᠵᠦᠢᠯᠡᠰ ᠤᠨ ᠰᠢᠪᠲᠤᠯᠤᠨ ᠬᠥᠭᠵᠢᠬᠦ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ ᠃ ᠡᠯ᠎ᠡ ᠲᠠᠯ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠡᠬᠢ ᠪᠠᠶᠠᠯᠢᠭ ᠢ ᠲᠠᠶᠢᠴᠢᠯᠠᠵᠤ ᠂ ᠰᠢᠨ᠎ᠡ ᠡᠮ ᠤᠨ ᠰᠢᠨ᠎ᠡ ᠶᠢ ᠡᠭᠦᠳᠬᠦ ᠰᠠᠭᠤᠷᠢ ᠰᠤᠳᠤᠯᠭᠠᠨ ᠢ ᠴᠢᠩᠭᠠᠳᠬᠠᠵᠤ ᠂ ᠮᠠᠨ ᠤ ᠤᠯᠤᠰ ᠤᠨ ᠰᠢᠨ᠎ᠡ ᠶᠢ | ᠡᠭᠦᠳᠦᠭᠰᠡᠨ ᠡᠮ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠡᠢ ᠃ | ᠬᠤᠷᠠᠯ ᠳᠤ ᠂ ᠪᠠᠷᠠᠭᠤᠨ ᠬᠡᠰᠡᠭ ᠤᠨ ᠭᠠᠵᠠᠷ ᠣᠷᠣᠨ ᠨᠢ ᠪᠦᠬᠦ ᠤᠯᠤᠰ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠶᠡᠭᠡ ᠲᠠᠯ᠎ᠠ ᠳᠤ ᠮᠠᠰᠢ ᠴᠢᠬᠤᠯᠠ | ᠠᠴᠢ ᠬᠤᠯᠪᠣᠭᠳᠠᠯ ᠲᠠᠢ ᠶᠤᠮ ᠃ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ | ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠡᠭᠦᠷᠭᠡ ᠪᠠᠨ | ᠨᠠᠷᠢᠯᠢᠭᠵᠢᠭᠤᠯᠤᠨ ᠬᠤᠪᠢᠶᠠᠷᠢᠯᠠᠵᠤ ᠂ ᠨᠠᠶᠢᠳᠠᠪᠤᠷᠢᠵᠢᠭᠤᠯᠤᠯᠲᠠ ᠶᠢ ᠵᠦᠢᠯ ᠳᠠᠷᠠᠭᠠᠯᠠᠨ ᠰᠠᠶᠢᠲᠤᠷ ᠠᠳᠬᠤᠨ ᠂ ᠰᠠᠨᠠᠭᠠᠴᠢᠯᠠᠭ᠎ᠠ ᠠᠴᠠ ᠪᠠᠨ ᠢᠳᠡᠪᠬᠢᠲᠡᠢ | ᠦᠢᠯᠡᠴᠢᠯᠡᠵᠦ ᠂ ᠪᠠᠷᠠᠭᠤᠨ ᠬᠡᠰᠡᠭ ᠤᠨ ᠭᠠᠵᠠᠷ ᠣᠷᠣᠨ ᠤ ᠣᠷᠣᠨ ᠪᠦᠰᠡ ᠶᠢᠨ ᠪᠦᠬᠦᠯᠢ ᠴᠣᠭᠴᠠ ᠶᠢᠨ ᠪᠣᠳᠠᠲᠤ ᠬᠦᠴᠦᠨ ᠪᠠ ᠦᠷᠭᠦᠯᠵᠢᠯᠡᠬᠦ᠋ᠢᠴᠡ | ᠬᠥᠭᠵᠢᠯᠲᠡ ᠶᠢᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠳᠡᠮᠵᠢᠬᠦ ᠬᠡᠷᠡᠭᠲᠡᠢ ᠭᠡᠵᠦ ᠵᠢᠭᠠᠵᠤ ᠭᠠᠷᠭᠠᠪᠠ ᠃ | ᠬᠤᠷᠠᠯ ᠳᠤ ᠵᠢᠭᠠᠵᠤ ᠭᠠᠷᠭᠠᠭᠰᠠᠨ ᠨᠢ ᠂ ᠪᠢᠨ ᠬᠠᠢ ᠰᠢᠨ᠎ᠡ ᠲᠣᠭᠤᠷᠢᠭ ᠪᠣᠯ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠳᠤ ᠦᠢᠯᠡᠴᠢᠯᠡᠬᠦ | ᠴᠢᠬᠤᠯᠠ ᠪᠠᠶᠢᠯᠳᠤᠬᠤ ᠪᠣᠳᠣᠯᠭ᠎ᠠ ᠶᠢᠨ ᠲᠤᠯᠬᠤ ᠴᠡᠭ ᠪᠣᠯᠣᠨ᠎ᠠ ᠃ ᠪᠢᠨ ᠬᠠᠢ ᠰᠢᠨ᠎ᠡ ᠲᠣᠭᠤᠷᠢᠭ ᠬᠢᠭᠡᠳ ᠪᠡᠭᠡᠵᠢᠩ ᠾᠧᠪᠧᠢ ᠶᠢᠨ ᠬᠠᠮᠢᠶ᠎ᠠ ᠪᠦᠬᠦᠢ ᠭᠠᠵᠠᠷ | ᠣᠷᠣᠨ ᠯᠤᠭ᠎ᠠ ᠲᠦᠷᠦ ᠶᠢᠨ ᠪᠣᠳᠣᠯᠭ᠎ᠠ ᠶᠢᠨ ᠵᠣᠯᠭᠠᠯᠴᠠᠭ᠎ᠠ ᠂ ᠲᠥᠰᠥᠯ ᠢ ᠬᠠᠮᠲᠤᠷᠠᠨ ᠪᠠᠶᠢᠭᠤᠯᠬᠤ ᠶᠢ ᠴᠢᠩᠭᠠᠳᠬᠠᠵᠤ ᠂ ᠳᠠᠪᠠᠭᠤᠯᠢᠭ ᠲᠤ ᠪᠠᠨ ᠲᠦᠰᠢᠭᠯᠡᠨ | ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠪᠠᠶᠢᠭᠤᠯᠵᠤ ᠂ ᠭᠠᠷᠠᠮ ᠤᠨ ᠤᠰᠤᠨ ᠵᠠᠮ ᠤᠨ ᠴᠢᠳᠠᠪᠬᠢ ᠪᠠᠨ ᠰᠢᠯᠢᠳᠡᠭᠵᠢᠭᠦᠯᠦᠨ ᠳᠡᠭᠡᠭᠰᠢᠯᠡᠭᠦᠯᠵᠦ ᠂ | ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠥᠭᠡᠷᠡᠴᠢᠯᠡᠯᠲᠡ ᠰᠢᠨᠡᠴᠢᠯᠡᠯᠲᠡ ᠶᠢ ᠭᠦᠨᠵᠡᠭᠡᠶᠢᠷᠡᠭᠦᠯᠦᠨ ᠂ ᠪᠡᠭᠡᠵᠢᠩ ᠲᠢᠶᠠᠨᠵᠢᠨ ᠾᠧᠪᠧᠢ ᠶᠢᠨ ᠴᠢᠨᠠᠷ | ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠤ ᠡᠬᠢ ᠰᠤᠷᠪᠤᠯᠵᠢ ᠶᠢᠨ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠬᠤ ᠳᠤ ᠲᠤᠯᠭᠠᠭᠤᠷᠢᠯᠠᠬᠤ ᠬᠡᠷᠡᠭᠲᠡᠢ ᠭᠡᠵᠡᠢ ᠃ | ᠬᠤᠷᠠᠯ ᠳᠤ ᠂ 2023 ᠣᠨ ᠤ ᠲᠥᠪ ᠤᠨ ᠲᠥᠰᠥᠪ ᠤᠨ ᠭᠦᠢᠴᠡᠳᠬᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠣᠳᠣᠯᠲᠠ ᠳᠤ | ᠪᠠᠶᠢᠴᠠᠭᠠᠵᠤ ᠭᠠᠷᠭᠠᠭᠰᠠᠨ ᠠᠰᠠᠭᠤᠳᠠᠯ ᠤᠳ ᠢ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠪᠠᠨ ᠴᠢᠩᠭᠠᠳᠬᠠᠵᠤ ᠂ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ ᠂ | ᠨᠡᠬᠡᠮᠵᠢᠯᠡᠨ ᠠᠪᠴᠢᠷᠠᠬᠤ ᠴᠢᠬᠤᠯᠠᠲᠠᠢ ᠪᠡᠯᠡ ᠮᠥᠩᠭᠦ ᠶᠢ ᠴᠠᠭ ᠲᠤᠬᠠᠢ ᠳᠤ ᠨᠢ ᠨᠡᠬᠡᠮᠵᠢᠯᠡᠨ ᠠᠪᠴᠢᠷᠠᠵᠤ ᠂ ᠬᠠᠷᠢᠭᠤᠴᠠᠯᠭ᠎ᠠ ᠨᠡᠬᠡᠮᠵᠢᠯᠡᠬᠦ ᠴᠢᠬᠤᠯᠠᠲᠠᠢ | ᠠᠰᠠᠭᠤᠳᠠᠯ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠂ ᠳᠦᠷᠢᠮ ᠢ ᠲᠡᠭᠦᠯᠳᠡᠷᠵᠢᠭᠦᠯᠬᠦ ᠴᠢᠬᠤᠯᠠᠲᠠᠢ ᠶᠢ ᠨᠢ ᠲᠦᠷᠭᠡᠬᠡᠨ ᠲᠡᠭᠦᠯᠳᠡᠷᠵᠢᠭᠦᠯᠬᠦ ᠬᠡᠷᠡᠭᠲᠡᠢ ᠃ ᠬᠢᠨᠠᠨ | ᠪᠤᠳᠤᠵᠤ ᠴᠡᠭᠴᠡᠯᠡᠨ ᠰᠠᠶᠢᠵᠢᠷᠠᠭᠤᠯᠬᠤ ᠶᠢ ᠠᠵᠢᠯ ᠢᠶᠠᠨ ᠰᠠᠶᠢᠵᠢᠷᠠᠭᠤᠯᠬᠤ ᠶᠢᠨ ᠴᠢᠬᠤᠯᠠ ᠭᠠᠷᠳᠠᠴᠠ ᠪᠣᠯᠭᠠᠵᠤ ᠂ ᠴᠡᠭᠴᠡᠯᠡᠨ ᠰᠠᠶᠢᠵᠢᠷᠠᠭᠤᠯᠬᠤ ᠪᠠᠷ | ᠨᠠᠶᠢᠳᠠᠪᠤᠷᠢᠵᠢᠭᠤᠯᠬᠤ ᠶᠢ ᠠᠬᠢᠭᠤᠯᠤᠨ ᠂ ᠴᠡᠭᠴᠡᠯᠡᠨ ᠰᠠᠶᠢᠵᠢᠷᠠᠭᠤᠯᠬᠤ ᠪᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠬᠤᠷᠠᠯ ᠳᠡᠭᠡᠷ᠎ᠡ ᠪᠠᠰᠠ ᠪᠤᠰᠤᠳ ᠵᠦᠢᠯ ᠢ ᠰᠤᠳᠤᠯᠵᠠᠢ ᠃ | | |