| 7 ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ ᠂ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠯᠣᠨ ᠣᠷᠳᠣᠰ ᠤᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠠᠷᠢᠯᠴᠠᠬᠤ ᠬᠤᠷᠠᠯ ᠬᠢᠵᠦ ᠂ ᠬᠤᠶᠠᠷ ᠲᠠᠯ᠎ᠠ ᠪᠠᠷ ᠢᠶᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠠᠮᠵᠢᠯᠴᠠᠨ ᠬᠥᠮᠥᠨ | ᠬᠥᠮᠥᠵᠢᠭᠦᠯᠬᠦ ᠂ ᠠᠵᠤ ᠦᠢᠯᠡᠰ ᠪᠠ ᠵᠢᠭᠠᠨ ᠰᠤᠷᠭᠠᠯᠲᠠ ᠶᠢᠨ ᠠᠭᠤᠰᠤᠯᠴᠠᠯ ᠢ ᠭᠦᠨᠵᠡᠭᠡᠶᠢᠷᠡᠭᠦᠯᠬᠦ ᠂ ᠴᠢᠳᠠᠪᠤᠷᠢᠲᠠᠨ ᠬᠥᠮᠥᠵᠢᠭᠦᠯᠬᠦ ᠨᠠᠷᠢᠯᠢᠭ ᠣᠨᠣᠪᠴᠢ ᠶᠢᠨ | ᠬᠡᠮᠵᠢᠶ᠎ᠡ ᠶᠢ ᠳᠡᠭᠡᠭᠰᠢᠯᠡᠭᠦᠯᠬᠦ ᠳᠤᠭᠤᠷᠢᠨ ᠳᠤ ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠬᠠᠮᠲᠤ ᠪᠠᠷ ᠬᠥᠮᠥᠵᠢᠭᠦᠯᠬᠦ ᠲᠠᠪᠴᠠᠩ ᠢ ᠪᠠᠶᠢᠭᠤᠯᠬᠤ ᠂ ᠭᠠᠵᠠᠷ ᠣᠷᠣᠨ ᠤ | ᠠᠵᠤ ᠠᠬᠤᠢ ᠶᠢᠨ ᠬᠥᠭᠵᠢᠯᠲᠡ ᠳᠤ ᠨᠠᠩ ᠰᠠᠶᠢᠨ ᠦᠢᠯᠡᠴᠢᠯᠡᠬᠦ ᠵᠡᠷᠭᠡ ᠶᠠᠪᠤᠳᠠᠯ ᠤᠨ ᠲᠠᠯ᠎ᠠ ᠪᠠᠷ ᠰᠠᠨᠠᠯ ᠢᠶᠠᠨ ᠭᠦᠨᠵᠡᠭᠡᠢ ᠰᠣᠯᠢᠯᠴᠠᠪᠠ ᠃ ᠣᠷᠳᠣᠰ ᠤᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠮᠠ ᠵᠢᠶᠠᠨ ᠹᠧᠩ ᠂ ᠨᠠᠮ ᠤᠨ ᠬᠤᠷᠢᠶᠠᠨ ᠤ ᠳᠡᠳ᠋ ᠱᠦᠵᠢ ᠂ ᠵᠠᠬᠢᠷᠤᠯ ᠰᠥᠩ ᠰᠢ ᠸᠧᠨ ᠂ | ᠨᠠᠮ ᠤᠨ ᠬᠤᠷᠢᠶᠠᠨ ᠤ ᠭᠡᠰᠢᠭᠦᠨ ᠂ ᠳᠡᠳ᠋ ᠵᠠᠬᠢᠷᠤᠯ ᠷᠧᠨ ᠭᠤᠸᠠᠩ ᠹᠧᠢ ᠂ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ | ᠳᠠᠷᠤᠭ᠎ᠠ ᠵᠠᠩ ᠶᠠ ᠨᠠᠨ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠳ᠋ᠦ᠋ ᠭᠦᠸᠧ ᠬᠤᠸᠠ ᠂ | ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠠᠨ ᠰᠢᠶᠣᠣ ᠬᠤᠩ ᠵᠢᠴᠢ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠂ ᠠᠵᠤ ᠦᠢᠯᠡᠳᠪᠦᠷᠢ ᠪᠠ ᠰᠢᠨᠵᠢᠯᠡᠬᠦ ᠤᠬᠠᠭᠠᠨ ᠤ ᠲᠣᠪᠴᠢᠶ᠎ᠠ ᠂ ᠡᠨᠧᠷᠭᠢ ᠶᠢᠨ ᠲᠣᠪᠴᠢᠶ᠎ᠠ ᠂ ᠨᠡᠭᠡᠭᠡᠯᠲᠡ ᠶᠢᠨ ᠤᠷᠤᠨ | ᠤ ᠴᠢᠳᠠᠪᠤᠷᠢᠲᠠᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠂ ᠵᠡᠭᠦᠨᠭᠠᠷ ᠬᠤᠰᠢᠭᠤᠨ ᠤ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠭᠤᠣᠯ ᠬᠠᠷᠢᠭᠤᠴᠠᠯᠭᠠᠲᠠᠨ ᠂ ᠣᠷᠳᠣᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠡᠯ᠎ᠡ ᠰᠠᠯᠪᠤᠷᠢ ᠶᠢᠨ ᠬᠠᠷᠢᠭᠤᠴᠠᠯᠭᠠᠲᠠᠨ ᠂ | ᠰᠠᠭᠤᠭ᠎ᠠ ᠭᠠᠵᠠᠷ ᠤᠨ ᠡᠯᠡᠠᠵᠤ ᠠᠬᠤᠶᠢᠯᠠᠯ ᠤᠨ ᠲᠥᠯᠥᠭᠡᠯᠡᠭᠴᠢᠳ ᠶᠠᠷᠢᠯᠴᠠᠬᠤ ᠬᠤᠷᠠᠯ ᠳᠤ ᠣᠷᠣᠯᠴᠠᠵᠠᠢ ᠃ | | | | ᠣᠷᠳᠣᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋ ᠱᠦᠵᠢ ᠂ ᠵᠠᠬᠢᠷᠤᠯ ᠰᠥᠩ ᠰᠢ ᠸᠧᠨ ᠡᠩ ᠲᠡᠷᠢᠭᠦᠨ ᠳᠤ ᠳᠡᠭᠡᠳᠦ | ᠰᠤᠷᠭᠠᠭᠤᠯᠢ ᠵᠢᠨᠬᠤᠯᠪᠤᠬᠳᠠᠯ ᠪᠦᠬᠦᠢ ᠪᠠᠶᠢᠳᠠᠯ ᠢ ᠲᠠᠨᠢᠯᠴᠠᠭᠤᠯᠪᠠ ᠃ ᠲᠡᠷᠡ ᠵᠢᠭᠠᠵᠤ ᠭᠠᠷᠭᠠᠬᠤ ᠳᠠᠭᠠᠨ ᠂ ᠳᠡᠭᠡᠳᠦ ᠰᠤᠷᠭᠠᠭᠤᠯᠢ ᠨᠢ ᠠᠵᠤ ᠠᠬᠤᠶᠢᠯᠠᠯ ᠯᠤᠭ᠎ᠠ ᠶᠢᠨ | ᠬᠠᠮᠲᠤᠷᠠᠯᠴᠠᠭ᠎ᠠ ᠪᠠᠨ ᠴᠢᠩᠭᠠᠳᠬᠠᠬᠤ ᠪᠠᠷ ᠴᠢᠷᠮᠠᠶᠢᠭᠰᠠᠭᠠᠷ ᠢᠷᠡᠵᠡᠶ ᠂ ᠢᠯᠠᠩᠭᠤᠶ᠎ᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠪᠠ ᠰᠣᠷᠣᠭᠴᠢ ᠶᠢᠨ | ᠠᠵᠢᠯ ᠣᠯᠭᠤᠯᠲᠠ ᠶᠢᠨ ᠲᠠᠯ᠎ᠠ ᠪᠠᠷ ᠂ ᠪᠠᠶᠢᠯᠳᠤᠬᠤ ᠪᠣᠳᠣᠯᠭ᠎ᠠ ᠶᠢᠨ ᠪᠣᠷᠣ ᠲᠥᠯᠥᠪ ᠤᠨ ᠵᠦᠪᠳᠡᠯᠴᠡᠭᠡᠷ ᠳᠤᠬᠳᠠᠬᠤ ᠪᠠᠷ ᠳᠡᠮᠵᠢᠨ ᠂ ᠳᠡᠭᠡᠳᠦ ᠰᠤᠷᠭᠠᠭᠤᠯᠢ ᠨᠢ | ᠰᠤᠷᠭᠠᠨ ᠬᠥᠮᠦᠵᠢᠯ ᠤᠨ ᠡᠬᠢ ᠪᠠᠶᠠᠯᠢᠭ ᠪᠠ ᠠᠵᠤ ᠠᠬᠤᠶᠢᠯᠠᠯ ᠤᠨ ᠬᠡᠷᠡᠭᠴᠡᠭᠡ ᠶᠢ ᠨᠠᠩ ᠨᠢᠭᠲᠠ ᠤᠶᠠᠯᠳᠤᠭᠤᠯᠬᠤ ᠶᠢ ᠬᠦᠰᠡᠵᠦ ᠪᠠᠶᠢᠨ᠎ᠠ ᠭᠡᠵᠡᠢ ᠃ | | | | ᠵᠡᠭᠦᠨᠭᠠᠷ ᠬᠤᠰᠢᠭᠤᠨ ᠤ ᠠᠵᠢᠯ ᠮᠡᠷᠭᠡᠵᠢᠯ ᠤᠨ ᠦᠨᠳᠤᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠵᠠᠬᠢᠷᠤᠯ ᠴᠧᠨ ᠪᠦᠦ ᠱᠧᠩ ᠰᠤᠷᠭᠠᠭᠤᠯᠢ ᠶᠢᠨ ᠬᠠᠮᠲᠤᠷᠠᠨ | ᠰᠤᠷᠭᠠᠭᠤᠯᠢ ᠡᠷᠭᠢᠯᠡᠭᠰᠡᠨ ᠪᠠᠶᠢᠳᠠᠯ ᠢ ᠬᠠᠷᠢᠭᠤ ᠮᠡᠳᠡᠭᠦᠯᠪᠡ ᠃ ᠰᠤᠷᠭᠠᠭᠤᠯᠢ ᠨᠢ ᠠᠵᠤ ᠠᠬᠤᠶᠢᠯᠠᠯ ᠲᠠᠢ ᠨᠢᠭᠲᠠ ᠬᠠᠮᠲᠤᠷᠠᠨ ᠠᠵᠢᠯᠯᠠᠬᠤ ᠪᠠᠷ ᠳᠠᠮᠵᠢᠭᠠᠳ | ᠢᠯᠡᠳᠲᠡ ᠦᠷ᠎ᠡ ᠪᠦᠲᠦᠮᠵᠢ ᠣᠯᠵᠤ ᠂ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠭᠰᠡᠨ ᠢᠶᠠᠷ ᠦᠯᠤ ᠪᠠᠷᠠᠨ ᠪᠠᠰᠠ ᠰᠤᠷᠤᠭᠴᠢᠳ ᠤᠨ ᠠᠵᠢᠯ ᠣᠯᠬᠤ | ᠨᠤᠷᠮ᠎ᠠ ᠶᠢ ᠠᠬᠢᠭᠤᠯᠤᠭᠰᠠᠨ ᠪᠠᠶᠢᠨ᠎ᠠ᠃ ᠡᠭᠦᠨ ᠠᠴᠠ ᠭᠠᠳᠠᠨ᠎ᠠ ᠂ ᠰᠤᠷᠭᠠᠭᠤᠯᠢ ᠠᠴᠠ ᠪᠠᠰᠠ ᠡᠶᠢᠮᠦᠷᠬᠦ ᠬᠠᠮᠲᠤᠷᠠᠨ ᠠᠵᠢᠯᠯᠠᠬᠤ ᠵᠠᠭᠪᠤᠷ ᠢ ᠦᠷᠭᠦᠯᠵᠢᠯᠡᠨ | ᠥᠷᠭᠡᠳᠬᠡᠬᠦ ᠬᠦᠰᠡᠯ ᠢᠶᠠᠨ ᠢᠯᠡᠳᠬᠡᠵᠡᠢ ᠃ | | | | ᠭᠠᠷ ᠤᠨ ᠥᠰᠥᠭ ᠵᠢᠷᠤᠬᠤ ᠶᠣᠰᠣᠯᠠᠯ ᠳᠡᠭᠡᠷ᠎ᠡ ᠂ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ | ᠤᠷᠤᠨ ᠂ ᠵᠡᠭᠦᠨᠭᠠᠷ ᠬᠤᠰᠢᠭᠤᠨ ᠤ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠂ ᠣᠷᠳᠣᠰ ᠤᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠨᠢ ᠣᠷᠳᠣᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠬᠢᠭᠡᠳ ᠵᠡᠭᠦᠨᠭᠠᠷ ᠬᠤᠰᠢᠭᠤᠨ ᠤ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠬᠠᠮᠵᠢᠯᠴᠠᠨ ᠬᠥᠮᠥᠨ ᠬᠥᠮᠥᠵᠢᠭᠦᠯᠬᠦ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠦᠪᠳᠡᠯᠴᠡᠭᠡᠷ ᠲᠤ ᠭᠠᠷ ᠤᠨ ᠥᠰᠥᠭ ᠵᠢᠷᠤᠪᠠ ᠃ ᠡᠨᠡᠬᠦ ᠠᠷᠭ᠎ᠠ | ᠬᠡᠮᠵᠢᠶ᠎ᠡ ᠨᠢ ᠬᠤᠶᠠᠷ ᠲᠠᠯ᠎ᠠ ᠪᠠᠷ ᠢᠶᠠᠨ︽2+2+2︾ ᠤᠨ ᠳᠤᠮᠳᠠ ᠳᠡᠭᠡᠳᠦ ᠵᠡᠷᠭᠡ ᠶᠢᠨ ᠠᠵᠤ ᠠᠬᠤᠶᠢᠯᠠᠯᠳᠠᠨ ᠢ ᠨᠡᠪᠲᠡᠷᠡᠭᠦᠯᠦᠨ ᠬᠥᠮᠥᠵᠢᠭᠦᠯᠬᠦ ᠲᠠᠯ᠎ᠠ ᠪᠠᠷ ᠨᠡᠩ | ᠭᠦᠨᠵᠡᠭᠡᠢ ᠬᠠᠮᠲᠤᠷᠠᠯᠴᠠᠭ᠎ᠠ ᠥᠷᠨᠢᠭᠦᠯᠬᠦ ᠶᠢ ᠬᠠᠷᠠᠭᠤᠯᠵᠤ ᠪᠠᠶᠢᠨ᠎ᠠ᠃ | | | | | | ᠰᠠᠭᠤᠭ᠎ᠠ ᠭᠠᠵᠠᠷ ᠤᠨᠡᠯᠡᠠᠵᠤ ᠠᠬᠤᠶᠢᠯᠠᠯ ᠤᠨ ᠲᠥᠯᠥᠭᠡᠯᠡᠭᠴᠢᠳ ᠴᠦ ᠵᠠᠯᠭᠠᠪᠠᠷ ᠦᠭᠡ ᠶᠠᠷᠢᠵᠤ ᠂ ᠥᠪᠡᠷ ᠤᠨ ᠺᠣᠮᠫᠠᠨᠢ ᠶᠢᠨ ᠢᠶᠠᠨ ᠪᠠᠶᠢᠳᠠᠯ ᠪᠠ ᠠᠵᠢᠯ ᠤᠨ | ᠪᠠᠶᠢᠷᠢ ᠶᠢᠨ ᠬᠡᠷᠡᠭᠴᠡᠭᠡ ᠶᠢ ᠨᠠᠷᠢᠨ ᠲᠠᠨᠢᠯᠴᠠᠭᠤᠯᠵᠤ ᠂ ᠳᠡᠭᠡᠳᠦ ᠰᠤᠷᠭᠠᠭᠤᠯᠢ ᠪᠠᠠᠵᠤ ᠠᠬᠤᠶᠢᠯᠠᠯ ᠤᠨ ᠬᠠᠮᠲᠤᠷᠠᠯᠴᠠᠭ᠎ᠠ ᠪᠠᠷ ᠳᠠᠮᠵᠢᠭᠤᠯᠤᠨ ᠠᠵᠤ ᠠᠬᠤᠶᠢᠯᠠᠯ ᠤᠨ | ᠬᠡᠷᠡᠭᠴᠡᠭᠡ ᠳᠤ ᠨᠡᠶᠢᠴᠡᠬᠦ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠨᠠᠩ ᠣᠯᠠᠨ ᠬᠥᠮᠥᠵᠢᠭᠦᠯᠬᠦ ᠶᠢ ᠬᠦᠰᠡᠵᠡᠢ ᠃ | | | | ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠠᠨ ᠰᠢᠶᠣᠣ ᠬᠤᠩ ᠣᠷᠳᠣᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ | ᠪᠣᠯᠣᠨ ᠵᠡᠭᠦᠨᠭᠠᠷ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠤᠮᠳᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ | ᠨᠡᠪᠲᠡᠷᠡᠭᠦᠯᠦᠨ ᠪᠠᠶᠢᠭᠤᠯᠵᠤ ᠬᠦᠮᠤᠨ ᠬᠥᠮᠥᠵᠢᠭᠦᠯᠬᠦ ᠲᠠᠯ᠎ᠠ ᠪᠠᠷ ᠣᠯᠣᠭᠰᠠᠨ ᠠᠮᠵᠢᠯᠳᠠ ᠪᠦᠲᠦᠮᠵᠢ ᠶᠢ ᠳᠡᠭᠡᠳᠦ ᠬᠡᠮᠵᠢᠶ᠎ᠡ ᠪᠠᠷ ᠦᠨᠡᠯᠡᠵᠦ ᠂ ᠡᠭᠦᠨ ᠤ ᠬᠠᠮᠲᠤ | ᠳᠤᠮᠳᠠᠳᠤ ᠳᠡᠭᠡᠳᠦ ᠵᠢᠩᠬᠢᠨᠢ ᠠᠩᠬᠢ ᠶᠢ ᠨᠢᠭᠡ ᠴᠣᠭᠴᠠᠵᠢᠭᠤᠯᠤᠨ ᠰᠤᠷᠭᠠᠭᠤᠯᠢ ᠡᠷᠭᠢᠯᠡᠬᠦ ᠂ ᠳᠤᠮᠳᠠᠳᠤ ᠳᠡᠭᠡᠳᠦ ᠵᠡᠷᠭᠡ ᠶᠢᠨ ᠠᠵᠤ ᠠᠬᠤᠶᠢᠯᠠᠯ ᠤᠨ | ᠵᠠᠬᠢᠶᠠᠯᠠᠭ᠎ᠠ ᠶᠢᠨ ᠬᠥᠮᠥᠵᠢᠯ ᠵᠢᠴᠢ ᠰᠤᠷᠭᠠᠭᠤᠯᠢ ᠳᠡᠪᠰᠢᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠬᠦ ᠬᠦᠰᠡᠯ ᠢ ᠳᠤᠷᠠᠳᠤᠨ ᠭᠠᠷᠭᠠᠵᠠᠢ ᠂ ᠡᠨᠡ ᠨᠢ | ᠰᠤᠷᠤᠭᠴᠢᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ ᠴᠢᠳᠠᠬᠤ ᠪᠠᠷ ᠦᠯᠤ ᠪᠠᠷᠠᠨ ᠪᠠᠰᠠ ᠰᠠᠭᠤᠭ᠎ᠠ ᠭᠠᠵᠠᠷ ᠤᠨ ᠠᠵᠤ ᠠᠬᠤᠶᠢᠯᠠᠯ ᠳᠤ ᠨᠠᠩ ᠣᠯᠠᠨ | ᠥᠨᠳᠥᠷ ᠬᠡᠪ ᠪᠣᠯᠪᠠᠰᠤᠷᠠᠯ ᠲᠠᠢ ᠮᠡᠷᠭᠡᠵᠢᠯ ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠬᠦᠷᠭᠡᠵᠦ ᠴᠢᠳᠠᠬᠤ ᠪᠣᠯᠣᠨ᠎ᠠ ᠃ | | | | ᠬᠤᠰᠢᠭᠤᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠪᠠᠰᠠ ᠵᠠᠰᠠᠭ ᠤᠨ ᠣᠷᠳᠣᠨ ᠳᠡᠭᠡᠳᠦ ᠰᠤᠷᠭᠠᠭᠤᠯᠢ ᠠᠵᠤ ᠠᠬᠤᠶᠢᠯᠠᠯ ᠤᠨ ᠬᠠᠮᠵᠢᠯᠴᠠᠨ ᠬᠥᠮᠥᠨ | ᠬᠥᠮᠥᠵᠢᠭᠦᠯᠬᠦ ᠠᠵᠢᠯ ᠢ ᠳᠡᠮᠵᠢᠵᠦ ᠪᠠᠶᠢᠬᠤ ᠪᠠᠨ ᠢᠯᠡᠳᠬᠡᠪᠡ ᠃ | | | | | | ᠣᠷᠳᠣᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠳᠤᠷᠢᠳᠤᠯᠭ᠎ᠠ ᠨᠠᠷ ᠳᠡᠭᠡᠳᠦ ᠰᠤᠷᠭᠠᠭᠤᠯᠢ ᠶᠢᠨ ᠡᠯ᠎ᠡ ᠰᠠᠯᠪᠤᠷᠢ ᠶᠢᠨ ᠲᠤᠰᠬᠠᠢ ᠮᠡᠷᠭᠡᠵᠢᠯ ᠤᠨ | ᠪᠠᠶᠢᠷᠢᠯᠠᠭᠤᠯᠤᠯᠲᠠ ᠪᠠ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠨᠠᠷᠢᠨ ᠲᠠᠨᠢᠯᠴᠠᠭᠤᠯᠵᠠᠢ ᠃ ᠣᠷᠳᠣᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ | ᠨᠠᠮ ᠤᠨ ᠬᠤᠷᠢᠶᠠᠨ ᠤ ᠱᠦᠵᠢ ᠮᠠ ᠵᠢᠶᠠᠨ ᠹᠧᠩ ᠳᠠᠷᠠᠭ᠎ᠠ ᠠᠯᠬᠤᠮ ᠤᠨ ᠠᠵᠢᠯ ᠤᠨ ᠲᠥᠰᠥᠪᠯᠡᠯ ᠢᠶᠠᠨ ᠳᠤᠷᠠᠳᠴᠤ ᠂ ᠰᠤᠷᠭᠠᠭᠤᠯᠢ ᠪᠠ ᠠᠵᠤ ᠠᠬᠤᠶᠢᠯᠠᠯ ᠤᠨ | ᠪᠥᠬᠦ ᠲᠠᠯ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ ᠂ ᠠᠵᠤ ᠦᠢᠯᠡᠰ ᠪᠠ ᠵᠢᠭᠠᠨ ᠰᠤᠷᠭᠠᠯᠲᠠ ᠶᠢᠨ ᠠᠭᠤᠰᠤᠯᠴᠠᠯ ᠢ ᠭᠦᠨᠵᠡᠭᠡᠶᠢᠷᠡᠭᠦᠯᠦᠨ ᠂ ᠰᠤᠷᠭᠠᠭᠤᠯᠢ ᠶᠢᠨ | ᠳᠤᠳᠤᠷ᠎ᠠ ᠠᠵᠤ ᠠᠬᠤᠶᠢᠯᠠᠯ ᠲᠠᠢ ᠂ ᠠᠵᠤ ᠠᠬᠤᠶᠢᠯᠠᠯ ᠤᠨ ᠳᠤᠳᠤᠷ᠎ᠠ ᠰᠤᠷᠭᠠᠭᠤᠯᠢ ᠲᠠᠢ ᠪᠠᠶᠢᠬᠤ ᠰᠤᠷᠭᠠᠭᠤᠯᠢ ᠡᠷᠭᠢᠯᠡᠬᠦ ᠵᠠᠭᠪᠤᠷ ᠢ ᠬᠠᠶᠢᠨ ᠰᠦᠪᠡᠭᠴᠢᠯᠡᠵᠦ ᠂ ︽ | 2+2+2 ︾ ᠢ ᠨᠢᠭᠡ ᠴᠣᠭᠴᠠᠵᠢᠭᠤᠯᠤᠨ ᠬᠥᠮᠥᠵᠢᠭᠦᠯᠬᠦ ᠵᠠᠭᠪᠤᠷ ᠢ ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠪᠥᠬᠦ ᠤᠯᠤᠰ ᠤᠨ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠥᠯᠢᠭᠡᠷ ᠳᠠᠭᠤᠷᠢᠶᠠᠯ ᠢᠨᠵᠧᠨᠧᠷᠢᠩ ᠪᠣᠯᠭᠠᠨ ᠡᠷᠭᠢᠯᠡᠵᠦ ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠬᠢᠷᠢ | ᠳᠦᠪᠰᠢᠨ ᠪᠠ ᠨᠡᠶᠢᠭᠡᠮ ᠤᠨ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ ᠭᠡᠬᠦ ᠶᠤᠮ ᠃ | | | | ᠵᠡᠭᠦᠨᠭᠠᠷ ᠬᠤᠰᠢᠭᠤᠨ ᠤ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠵᠠᠩ ᠶᠠ ᠨᠠᠨ ᠬᠤᠷᠠᠯ ᠳᠤ ᠳ᠋ᠦᠩᠨᠡᠯᠲᠡ ᠬᠢᠵᠦ ᠂ ᠡᠯ᠎ᠡ ᠲᠠᠯ᠎ᠠ ᠶᠢᠨ ᠬᠢᠨ ᠤ | ᠢᠳᠡᠪᠬᠢᠲᠡᠢ ᠣᠷᠣᠯᠴᠠᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠤ ᠬᠠᠮᠲᠤ ᠬᠤᠰᠢᠳᠠ ᠶᠢᠨ ᠬᠠᠮᠲᠤᠷᠠᠯᠴᠠᠭᠠᠨ ᠤ ᠢᠷᠡᠭᠡᠳᠦᠢ ᠳᠤ ᠪᠠᠶᠠᠰᠤᠩᠭᠤᠢ | ᠪᠠᠶᠢᠬᠤ ᠪᠠᠨ ᠢᠯᠡᠳᠬᠡᠪᠡ᠃ ᠲᠡᠷᠡ ᠪᠦᠬᠦ ᠣᠷᠣᠯᠴᠠᠭᠴᠢ ᠲᠠᠯ᠎ᠠ ᠶᠢᠨ ᠬᠢᠨ ᠤ ᠰᠣᠯᠢᠯᠴᠠᠭ᠎ᠠ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ ᠂ ᠣᠷᠣᠨ | ᠨᠤᠲᠤᠭ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠬᠠᠮᠲᠤ ᠪᠠᠷ ᠠᠬᠢᠭᠤᠯᠬᠤ ᠶᠢ ᠵᠣᠷᠢᠭᠵᠢᠭᠤᠯᠪᠠ ᠃ | ᠦᠳᠡ ᠶᠢᠨ ᠬᠤᠶᠢᠨ᠎ᠠ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠵᠡᠭᠦᠨᠭᠠᠷ ᠠᠵᠤ ᠠᠬᠤᠢ ᠶᠢᠨ ᠨᠡᠭᠡᠭᠡᠯᠳᠡ ᠶᠢᠨ ᠤᠷᠤᠨ ᠤ ᠳ᠋ᠠ ᠯᠦ ᠠᠵᠤ ᠦᠢᠯᠡᠰ ᠤᠨ | ᠬᠦᠷᠢᠶᠡᠯᠡᠩ ᠪᠣᠯᠣᠨ ᠵᠡᠭᠦᠨᠭᠠᠷ ᠠᠵᠤ ᠦᠢᠯᠡᠰ ᠤᠨ ᠬᠦᠷᠢᠶᠡᠯᠡᠩ ᠤᠨ ᠰᠠᠭᠤᠭ᠎ᠠ ᠭᠠᠵᠠᠷ ᠤᠨ ᠠᠵᠤ ᠠᠬᠤᠶᠢᠯᠠᠯ ᠢᠶᠠᠷ ᠲᠣᠭᠤᠷᠢᠨ ᠦᠵᠡᠪᠡ᠃ | | | | |