| | 7 ᠰᠠᠷ᠎ᠠ ᠶᠢᠨ 7 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠳᠠᠷᠤᠭ᠎ᠠ ᠸᠠᠩ ᠭᠦᠸᠧ ᠴᠢᠤᠸᠠᠨ | ᠨᠥᠬᠦᠷᠯᠡᠯ ᠵᠡᠭᠡᠯᠢ ᠭᠤᠳᠤᠮᠵᠢ ᠂ ᠶᠢᠩ ᠽᠧ ᠵᠡᠭᠡᠯᠢ ᠭᠤᠳᠤᠮᠵᠢ ᠂ ᠯᠠᠨ ᠲᠢᠶᠠᠨ ᠵᠡᠭᠡᠯᠢ ᠭᠤᠳᠤᠮᠵᠢ ᠳᠤ ᠣᠷᠴᠢᠨ ᠳᠤᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ | ᠬᠠᠯᠠᠨ ᠰᠠᠶᠢᠵᠢᠷᠠᠭᠤᠯᠵᠤ ᠴᠡᠭᠴᠡᠯᠡᠨ ᠵᠠᠰᠠᠬᠤ ᠪᠠ ᠳᠤᠯᠠᠭᠠᠯᠠᠭ᠎ᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠵᠡᠷᠭᠡ ᠠᠵᠢᠯ ᠢ ᠪᠠᠶᠢᠴᠠᠭᠠᠨ | ᠰᠤᠳᠤᠯᠵᠤ ᠱᠠᠯᠠᠪᠳᠠᠭᠤᠯᠤᠨ ᠵᠢᠯᠣᠭᠤᠳᠪᠠ ᠃ | | | | ᠵᠢᠷᠤᠭ ᠄ 7 ᠰᠠᠷ᠎ᠠ ᠶᠢᠨ 7 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠳᠠᠷᠤᠭ᠎ᠠ ᠸᠠᠩ ᠭᠦᠸᠧ | ᠴᠢᠤᠸᠠᠨ ᠨᠥᠬᠦᠷᠯᠡᠯ ᠵᠡᠭᠡᠯᠢ ᠭᠤᠳᠤᠮᠵᠢ ᠳᠤ ᠬᠦᠷᠴᠦ ᠨᠥᠬᠦᠷᠯᠡᠯ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠠᠶᠢᠴᠠᠭᠠᠯᠳᠠ ᠳᠤ ᠢᠯᠡᠷᠡᠬᠦᠯᠦᠭᠰᠡᠨ | ᠣᠷᠴᠢᠨ ᠳᠤᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠬᠠᠯᠠᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠵᠠᠷᠢᠮ ᠪᠠᠶᠢᠳᠠᠯ ᠢ ᠪᠤᠳᠠᠳᠤ ᠭᠠᠵᠠᠷ ᠲᠤᠨᠢ | ᠪᠠᠶᠢᠴᠠᠭᠠᠨ ᠦᠵᠡᠪᠡ ᠃ ᠶᠤᠸᠠᠢ ᠴᠧᠨ ᠶᠠᠨ ᠰᠡᠭᠦᠳᠡᠷᠯᠡᠪᠡ | ᠸᠠᠩ ᠭᠦᠸᠧ ᠴᠢᠤᠸᠠᠨ ᠨᠥᠬᠦᠷᠯᠡᠯ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠠᠶᠢᠴᠠᠭᠠᠯᠳᠠ ᠳᠤ ᠢᠯᠡᠷᠡᠭᠦᠯᠦᠭᠰᠡᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠠᠰᠠᠭᠤᠳᠠᠯ ᠢ ᠬᠠᠯᠠᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠵᠠᠷᠢᠮ ᠪᠠᠶᠢᠳᠠᠯ ᠢ ᠪᠠᠶᠢᠴᠠᠭᠠᠨ ᠦᠵᠡᠭᠰᠡᠨ ᠤ ᠳᠠᠷᠠᠭ᠎ᠠ ᠂ ᠲᠦᠷᠦᠯ ᠵᠦᠢᠯ ᠤᠨ | ᠭᠠᠷ ᠬᠦᠢᠴᠡᠳᠭᠡᠯ ᠢ ᠬᠠᠷᠭᠤᠭᠤᠯᠤᠨ ᠪᠠᠶᠢᠴᠠᠭᠠᠵᠤ ᠨᠤᠲᠠᠯᠠᠨ ᠲᠣᠭᠲᠠᠭᠠᠬᠤ ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠬᠦᠭᠡᠷᠦᠮᠵᠢ ᠶᠢ ᠲᠣᠬᠢᠷᠠᠭᠤᠯᠤᠨ | ᠲᠡᠭᠦᠯᠳᠡᠷᠵᠢᠭᠦᠯᠬᠦ ᠂ ᠬᠠᠯᠠᠨ ᠰᠠᠶᠢᠵᠢᠷᠠᠭᠤᠯᠵᠤ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ ᠲᠣᠭᠲᠠᠭᠠᠬᠤ ᠵᠡᠷᠭᠡ ᠶᠠᠪᠤᠳᠠᠯ ᠤᠨ ᠲᠤᠬᠠᠢ ᠴᠢᠬᠤᠯᠠᠴᠢᠯᠠᠬᠰᠠᠨ ᠪᠥᠭᠡᠳ | ᠲᠦᠷᠦᠯ ᠬᠤᠪᠢᠶᠠᠨ ᠡᠮᠬᠢᠯᠡᠵᠦ ᠰᠤᠳᠤᠯᠤᠨ ᠮᠠᠭᠠᠳᠯᠠᠬᠤ ᠂ ᠬᠤᠭᠤᠴᠠᠭ᠎ᠠ ᠲᠣᠭᠲᠠᠭᠠᠨ ᠬᠠᠯᠠᠨ ᠰᠠᠶᠢᠵᠢᠷᠠᠭᠤᠯᠵᠤ ᠴᠡᠭᠴᠡᠯᠡᠨ ᠵᠠᠰᠠᠬᠤ ᠂ ᠪᠦᠬᠦ ᠲᠠᠯ᠎ᠠ ᠪᠠᠷ | ᠵᠢᠷᠤᠮᠵᠢᠭᠤᠯᠤᠨ ᠳᠡᠭᠡᠭᠰᠢᠯᠡᠭᠦᠯᠬᠦ ᠵᠡᠷᠭᠡ ᠲᠠᠯ᠎ᠠ ᠪᠠᠷ ᠲᠣᠳᠣᠷᠬᠠᠢ ᠱᠠᠭᠠᠷᠳᠠᠯᠭ᠎ᠠ ᠳᠤᠷᠠᠳᠴᠠᠢ᠃ | | | | ᠵᠢᠷᠤᠭ ᠄ 7 ᠰᠠᠷ᠎ᠠ ᠶᠢᠨ 7 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠳᠠᠷᠤᠭ᠎ᠠ ᠸᠠᠩ ᠭᠦᠸᠧ | ᠴᠢᠤᠸᠠᠨ ᠯᠦᠩ ᠸᠠᠩ ᠴᠢᠶᠣᠤ ᠬᠤᠲᠠ ᠶᠢᠨ ᠶᠠᠪᠤᠳᠠᠯ ᠤᠨ ᠲᠣᠭᠤᠷᠢᠭ ᠤᠨ ᠢᠯᠴᠢ ᠬᠠᠩᠭᠠᠬᠤ ᠬᠠᠮᠢᠶᠠᠷᠤᠯᠲᠠ ᠶᠢᠨ ᠲᠣᠣᠷ ᠢ ᠥᠭᠡᠷᠡᠴᠢᠯᠡᠨ ᠵᠠᠰᠠᠬᠤ ᠪᠠᠷᠢᠯᠭ᠎ᠠ ᠶᠢᠨ | ᠠᠬᠤᠢ ᠲᠠᠯᠠᠪᠠᠶ ᠳᠤ ᠪᠠᠷᠢᠯᠭ᠎ᠠ ᠶᠢᠨ ᠵᠢᠷᠤᠭ ᠲᠥᠯᠥᠪᠯᠡᠭᠡ ᠪᠠ ᠬᠡᠷᠡᠭᠯᠡᠬᠦ ᠮᠠᠲ᠋ᠧᠷᠢᠶᠠᠯ ᠤᠨ ᠶᠠᠰᠤ ᠴᠢᠨᠠᠷ ᠂ ᠬᠤᠭᠤᠯᠠᠢ ᠲᠣᠣᠷ ᠢ ᠲᠥᠬᠦᠷᠵᠢᠭᠦᠯᠬᠦ ᠪᠠ ᠬᠤᠭᠤᠯᠠᠢ ᠶᠢ | ᠥᠭᠡᠷᠡᠴᠢᠯᠡᠨ ᠵᠠᠰᠠᠬᠤ ᠂ ᠪᠠᠷᠢᠯᠭ᠎ᠠ ᠶᠢᠨ ᠬᠤᠭᠤᠴᠠᠭᠠᠨ ᠤ ᠲᠣᠬᠢᠷᠠᠭᠤᠯᠤᠯᠲᠠ ᠪᠠ ᠪᠠᠷᠢᠯᠭ᠎ᠠ ᠶᠢᠨ ᠠᠬᠢᠴᠠ ᠵᠡᠷᠭᠡ ᠪᠠᠶᠢᠳᠠᠯ ᠢ ᠨᠠᠷᠢᠨ ᠣᠶᠢᠯᠠᠭᠠᠪᠠ ᠃ ᠶᠤᠸᠠᠢ ᠴᠧᠨ | ᠶᠠᠨ ᠰᠡᠭᠦᠳᠡᠷᠯᠡᠪᠡ | ᠶᠢᠩ ᠽᠧ ᠵᠡᠭᠡᠯᠢ ᠭᠤᠳᠤᠮᠵᠢ ᠶᠢᠨ ᠬᠤ᠋ ᠰᠢ ᠰᠠᠭᠤᠭᠠᠯᠢ ᠲᠣᠭᠤᠷᠢᠭ ᠂ ᠯᠦᠩ ᠸᠠᠩ ᠴᠢᠶᠣᠤ ᠬᠤᠲᠠ ᠶᠢᠨ ᠶᠠᠪᠤᠳᠠᠯ ᠤᠨ ᠲᠣᠭᠤᠷᠢᠭ ᠤᠨ ᠢᠯᠴᠢ ᠬᠠᠩᠭᠠᠬᠤ | ᠭᠤᠣᠯ ᠬᠠᠮᠢᠶᠠᠷᠤᠯᠲᠠ ᠶᠢᠨ ᠲᠣᠣᠷ ᠢ ᠥᠭᠡᠷᠡᠴᠢᠯᠡᠨ ᠵᠠᠰᠠᠬᠤ ᠢᠨᠵᠧᠨᠧᠷᠢᠩ ᠤᠨ ᠠᠬᠤᠢ ᠲᠠᠯᠠᠪᠠᠶ ᠳᠤ ᠂ ᠸᠠᠩ ᠭᠦᠸᠧ ᠴᠢᠤᠸᠠᠨ ᠪᠠᠷᠢᠯᠭ᠎ᠠ ᠶᠢᠨ ᠵᠢᠷᠤᠭ ᠲᠥᠯᠥᠪᠯᠡᠭᠡ | ᠪᠠ ᠮᠠᠲ᠋ᠧᠷᠢᠶᠠᠯ ᠤᠨ ᠶᠠᠰᠤ ᠴᠢᠨᠠᠷ ᠂ ᠬᠤᠭᠤᠯᠠᠢ ᠲᠣᠣᠷ ᠤᠨ ᠢᠵᠢ ᠪᠦᠷᠢᠳᠦᠭᠦᠯᠦᠯ ᠪᠠ ᠬᠤᠭᠤᠯᠠᠢ ᠶᠢ ᠥᠭᠡᠷᠡᠴᠢᠯᠡᠡ ᠵᠠᠰᠠᠬᠤ ᠂ ᠪᠠᠷᠢᠯᠭ᠎ᠠ ᠶᠢᠨ ᠬᠤᠭᠤᠴᠠᠭᠠᠨ ᠤ | ᠲᠣᠬᠢᠷᠠᠭᠤᠯᠤᠯᠲᠠ ᠪᠠ ᠪᠠᠷᠢᠯᠭ᠎ᠠ ᠶᠢᠨ ᠠᠬᠢᠴᠠ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠤ ᠳᠠᠷᠠᠭ᠎ᠠ ᠂ ᠠᠵᠢᠯ ᠢ ᠤᠷᠢᠳᠴᠢᠯᠠᠨ ᠰᠤᠳᠤᠯᠤᠨ ᠮᠠᠭᠠᠳᠯᠠᠬᠤ ᠶᠢ | ᠴᠢᠩᠭᠠᠳᠬᠠᠬᠤ ᠂ ᠣᠷᠣᠨ ᠬᠤᠪᠢᠶᠠᠨ ᠬᠡᠰᠡᠭ ᠬᠤᠪᠢᠶᠠᠨ ᠪᠠᠷᠢᠯᠭ᠎ᠠ ᠪᠠᠷᠢᠬᠤ ᠶᠢ ᠬᠡᠷᠡᠭᠵᠢᠭᠦᠯᠬᠦ ᠂ ᠬᠦᠮᠤᠰ ᠢ ᠳᠤᠬᠢᠷᠠᠭᠤᠯᠬᠤ ᠪᠠ ᠲᠤᠨᠤᠭ ᠲᠥᠬᠦᠭᠡᠷᠦᠮᠵᠢ ᠶᠢᠨ | ᠣᠷᠣᠭᠤᠯᠤᠯᠲᠠ ᠶᠢ ᠨᠡᠮᠡᠭᠳᠡᠭᠦᠯᠬᠦ ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠳᠠᠯᠠᠬᠤ ᠂ ᠬᠦᠴᠤᠨ ᠵᠤᠶᠢᠯ ᠤᠨ ᠪᠠᠲᠤᠯᠠᠭ᠎ᠠ ᠶᠢ ᠴᠢᠩᠭᠠᠳᠬᠠᠬᠤ ᠂ ᠠᠮᠤᠷ | ᠳᠦᠪᠰᠢᠨ ᠪᠠᠷᠢᠯᠭ᠎ᠠ ᠪᠠᠷᠢᠬᠤ ᠶᠢ ᠦᠨᠡᠨ ᠬᠦ ᠪᠠᠲᠤᠯᠠᠬᠤ ᠵᠡᠷᠭᠡ ᠲᠠᠯ᠎ᠠ ᠪᠠᠷ ᠲᠣᠳᠣᠷᠬᠠᠢ ᠱᠠᠭᠠᠷᠳᠠᠯᠭ᠎ᠠ ᠳᠤᠷᠠᠳᠤᠭᠰᠠᠨ ᠪᠥᠭᠡᠳ ᠤᠯᠠᠨ ᠲᠦᠮᠡᠨ ᠤ ᠬᠡᠷᠡᠭᠴᠡᠭᠡ ᠪᠠ | ᠲᠦᠭᠦᠮ ᠨᠥᠬᠦᠴᠡᠯ ᠢ ᠨᠢᠭᠡᠳᠦᠯᠲᠡᠢ ᠲᠥᠯᠥᠪᠵᠢᠭᠦᠯᠬᠦ ᠂ ᠪᠣᠳᠠᠲᠤ ᠬᠡᠷᠡᠭᠯᠡᠭᠡ ᠪᠠ ᠠᠯᠤᠰ ᠬᠡᠳᠤ ᠶᠢ ᠬᠠᠮᠲᠤ ᠳᠤᠨᠢ ᠬᠠᠷᠠᠭᠠᠯᠵᠠᠬᠤ ᠵᠢᠴᠢ ᠲᠣᠭᠲᠠᠭᠰᠠᠨ | ᠬᠤᠭᠤᠴᠠᠭᠠᠨ ᠳᠠᠭᠠᠨ ᠠᠵᠢᠯ ᠢᠶᠠᠨ ᠲᠤᠰᠢᠶᠠᠬᠤ ᠶᠢ ᠦᠨᠡᠨ ᠬᠦ ᠪᠠᠲᠤᠯᠠᠬᠤ ᠵᠡᠷᠭᠡ ᠲᠠᠯ᠎ᠠ ᠪᠠᠷ ᠤᠯᠠᠮ ᠨᠢᠭᠡ ᠠᠯᠬᠤᠮ ᠴᠢᠬᠤᠯᠠᠴᠢᠯᠠᠭᠰᠠᠨ ᠪᠠᠶᠢᠨ᠎ᠠ᠃ | ᠬᠤᠰᠢᠭᠤᠨ ᠤ ᠳᠡᠳ᠋ ᠳᠠᠷᠤᠭ᠎ᠠ ᠯᠢᠦ ᠢᠦᠢ ᠴᠧᠩ ᠂ ᠭᠦᠸᠧ ᠷᠦᠢ ᠂ ᠬᠠᠷᠢᠶ᠎ᠠ ᠭᠠᠵᠠᠷ ᠵᠢᠴᠢ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠨᠥᠬᠦᠳ ᠣᠷᠣᠯᠴᠠᠵᠠᠢ ᠃ | |