ᠲᠦᠷᠦᠯ ᠵᠦᠢᠯ ᠢ ᠦᠵᠡᠵᠦ ᠠᠬᠢᠴᠠ ᠶᠢ ᠦᠵᠡᠶ᠎ᠡ    ᠵᠡᠭᠦᠨᠭᠠᠷ ᠬᠤᠰᠢᠭᠤᠨ ᠤ ︽ᠳᠤᠯᠠᠭᠠᠯᠠᠭ᠎ᠠ ᠶᠢᠨ ᠢᠨᠵᠧᠨᠧᠷᠢᠩ︾︱ᠬᠤ᠋ ᠰᠢ ᠶᠢᠨ ᠨᠡᠭᠦᠳᠡᠯ ᠠᠷᠠᠳ ᠤᠨ ᠲᠣᠭᠤᠷᠢᠭ ᠢ ᠥᠭᠡᠷᠡᠴᠢᠯᠡᠨ ᠵᠠᠰᠠᠬᠤ ᠲᠦᠷᠦᠯ ᠵᠦᠢᠯ ᠰᠢᠨ᠎ᠡ ᠠᠬᠢᠴᠠ ᠲᠠᠢ ᠪᠤᠯᠪᠠ
ᠨᠡᠶᠢᠲᠡᠯᠡᠭᠰᠡᠨ ᠴᠠᠭ᠄
2024/7/9
    ᠠᠷᠠᠳ ᠤᠯᠠᠨ  ᠤ ᠬᠦᠰᠡᠯ  ᠱᠠᠭᠠᠷᠳᠠᠯᠭ᠎ᠠ ᠂  ᠵᠠᠰᠠᠭ ᠤᠨ ᠤᠷᠳᠤᠨ  ᠤ ᠴᠢᠷᠮᠠᠶᠢᠬᠤ ᠴᠢᠭᠯᠡᠯ  ︽ ᠳᠤᠯᠠᠭᠠᠯᠠᠭ᠎ᠠ  ᠶᠢᠨ ᠢᠨᠵᠧᠨᠧᠷᠢᠩ ︾  ᠨᠢ ᠣᠯᠠᠨ ᠲᠦᠮᠡᠨ ᠤ ᠠᠮᠢᠳᠤᠷᠠᠯ  ᠲᠠᠢ ᠬᠤᠯᠪᠣᠭᠳᠠᠬᠰᠠᠨ   ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠪᠤᠯᠤᠨ᠎ᠠ     ᠥᠨᠥᠳᠥᠷ ᠤᠯᠠᠨ ᠢ ᠳᠠᠭᠠᠭᠤᠯᠵᠤ ᠵᠡᠭᠦᠨᠭᠠᠷ ᠬᠤᠰᠢᠭᠤᠨ ᠤ ︽ ᠳᠤᠯᠠᠭᠠᠯᠠᠭ᠎ᠠ  ᠶᠢᠨ ᠢᠨᠵᠧᠨᠧᠷᠢᠩ︾ ᠪᠤᠯᠬᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ   ᠢ ᠥᠭᠡᠷᠡᠴᠢᠯᠡᠡ ᠵᠠᠰᠠᠬᠤ ᠪᠠᠷᠢᠯᠭ᠎ᠠ ︱ ᠬᠤ᠋ ᠰᠢ ᠶᠢᠨ ᠨᠡᠭᠦᠳᠡᠯ ᠠᠷᠠᠳ ᠤᠨ ᠲᠣᠭᠤᠷᠢᠭ   ᠢ ᠥᠭᠡᠷᠡᠴᠢᠯᠡᠡ ᠵᠠᠰᠠᠬᠤ ᠲᠥᠷᠥᠯ ᠵᠦᠢᠯ ᠤᠨ ᠬᠠᠮᠤᠭ  ᠤᠨ ᠰᠢᠨ᠎ᠡ ᠠᠬᠢᠴᠠ  ᠶᠢ ᠦᠵᠡᠶ᠎ᠠ   ᠲᠣᠰ ᠲᠥᠷᠥᠯ ᠵᠦᠢᠯ ᠢ 2024 ᠣᠨ ᠤ 6 ᠰᠠᠷ᠎ᠠ ᠶᠢᠨ 12 ᠤᠨ ᠡᠳᠦᠷ ᠠᠴᠠ ᠡᠬᠢᠯᠡᠨ ᠪᠠᠷᠢᠯᠭ᠎ᠠ ᠡᠬᠢᠯᠡᠬᠦᠯᠵᠤ ᠂ ᠥᠭᠡᠷᠡᠴᠢᠯᠡᠨ ᠵᠠᠰᠠᠬᠤ ᠠᠭᠤᠯᠭ᠎ᠠ ᠳᠤ ᠭᠡᠷ ᠤᠨ ᠭᠠᠳᠠᠨᠠᠬᠢ ᠤᠰᠤ ᠲᠠᠲᠠᠷᠠᠭᠤᠯᠬᠤ ᠬᠤᠭᠤᠯᠠᠢ ᠲᠣᠣᠷ 7636 ᠮᠧᠲᠷ ᠂ ᠤᠰᠤ ᠬᠠᠩᠭᠠᠬᠤ ᠬᠤᠭᠤᠯᠠᠢ ᠲᠣᠣᠷ 29799 ᠮᠧᠲᠷ ᠂ ᠢᠯᠴᠢ ᠬᠠᠩᠭᠠᠬᠤ ᠬᠤᠭᠤᠯᠠᠢ ᠲᠣᠣᠷ 41768 ᠮᠧᠲᠷ ᠂ ᠳᠡᠪᠢᠰᠬᠦ ᠰᠤᠯᠠ ᠴᠠᠬᠢᠯᠭᠠᠨ  ᠤ ᠬᠤᠭᠤᠯᠠᠢ ᠲᠣᠣᠷ 24900 ᠮᠧᠲᠷ ᠪᠠᠭᠳᠠᠵᠤ ᠂ ᠵᠠᠮ ᠤᠨ ᠭᠠᠳᠠᠷᠭᠤ   ᠶᠢᠨ ᠬᠠᠲᠠᠭᠤᠷᠠᠭᠤᠯᠤᠭᠰᠠᠨ ᠲᠠᠯᠠᠪᠠᠶ  ᠶᠢ 10.61 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠭᠡᠵᠤ ᠂ ᠶᠡᠷᠦᠩᠭᠡᠢ ᠪᠡᠯᠡ ᠤᠷᠤᠭᠤᠯᠤᠯᠳᠠ  ᠨᠢ 6900 ᠲᠦᠮᠡᠨ ᠲᠥᠭᠦᠷᠢᠭ   ᠲᠤ ᠬᠦᠷᠬᠦ ᠪᠤᠯᠤᠨ᠎ᠠ ᠃ 
今日4(1).bmp
今日4(2).bmp
   ᠤᠳᠤᠬᠠᠨ ᠪᠣᠯᠲᠠᠯ᠎ᠠ ᠂ ᠨᠤᠷᠠᠭᠠᠬᠤ ᠪᠠᠷᠢᠯᠭ᠎ᠠ  ᠶᠢᠨ 35% ᠶᠢ ᠪᠡᠶᠡᠯᠡᠭᠦᠯᠵᠦ ᠂ ᠪᠣᠬᠢᠷ ᠤᠰᠤᠨ ᠤ ᠬᠤᠭᠤᠯᠠᠢ  ᠲᠣᠣᠷ ᠤᠨ 32% ᠢ ᠤᠭᠰᠠᠷᠠᠵᠤ ᠂ ᠳᠤᠯᠠᠭᠠᠯᠠᠭ᠎ᠠ ᠂ ᠤᠰᠤ ᠬᠠᠩᠭᠠᠬᠤ ᠬᠤᠭᠤᠯᠠᠢ ᠲᠣᠣᠷ ᠤᠨ 25% ᠶᠢ ᠤᠭᠰᠠᠷᠠᠵᠤ ᠂ ᠠᠮᠤᠷ ᠲᠦᠪᠰᠢᠨ ᠪᠠ ᠶᠠᠰᠤ ᠴᠢᠨᠠᠷ ᠢ ᠪᠠᠲᠤᠯᠠᠭᠰᠠᠨ ᠰᠠᠭᠤᠷᠢᠨ ᠳᠡᠭᠡᠷ᠎ᠡ ᠂ 9 ᠰᠠᠷ᠎ᠠ ᠶᠢᠨ ᠡᠬᠢ ᠪᠠᠷ ᠰᠠᠭᠤᠭᠠᠯᠢ ᠠᠷᠠᠳ  ᠤᠨ ᠲᠣᠭᠤᠷᠢᠭ ᠤᠨ ᠪᠦᠬᠦᠯᠢ ᠴᠣᠭᠴᠠ ᠶᠢᠨ ᠥᠭᠡᠷᠡᠴᠢᠯᠡᠡ ᠵᠠᠰᠠᠯᠳᠠ ᠶᠢ ᠪᠡᠶᠡᠯᠡᠭᠦᠯᠬᠦ ᠪᠠᠷ ᠴᠢᠷᠮᠠᠶᠢᠵᠤ ᠪᠤᠢ ᠃ 
今日4(3).bmp
今日4(4).bmp
今日4(5).bmp
  ᠲᠥᠷᠥᠯ ᠵᠦᠢᠯ ᠤᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ ᠂ ᠥᠭᠡᠷᠡᠴᠢᠯᠡᠨ ᠪᠠᠶᠢᠭᠤᠯᠵᠤ ᠳᠠᠭᠤᠰᠤᠭᠰᠠᠨ ᠤ ᠳᠠᠷᠠᠭ᠎ᠠ ᠂ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ  ᠲᠤ ᠢᠯᠴᠢ ᠬᠠᠩᠭᠠᠬᠤ ᠂ ᠤᠰᠤ ᠬᠠᠩᠭᠠᠬᠤ ᠂ ᠪᠣᠬᠢᠷᠲᠤᠯ ᠪᠣᠳᠠᠰ ᠭᠠᠳᠠᠭᠰᠢᠯᠠᠭᠤᠯᠬᠤ ᠵᠡᠷᠭᠡ ᠲᠠᠯ᠎ᠠ ᠳᠤ ᠲᠥᠬᠦᠮ ᠦᠵᠡᠭᠦᠯᠬᠦ ᠶᠢᠨ ᠬᠠᠮᠲᠤ ᠲᠠᠷᠠᠭᠠᠴᠢ ᠶᠢᠨ ᠳᠤᠯᠠᠭᠠᠯᠠᠭ᠎ᠠ ᠶᠢᠨ ᠬᠤᠭᠤᠴᠠᠭᠠᠨ ᠳᠠᠬᠢ ᠴᠢᠨᠠᠷ ᠰᠠᠶᠢᠲᠠᠢ ᠢᠯᠴᠢ ᠬᠠᠩᠭᠠᠬᠤ ᠳᠤ ᠪᠠᠲᠤ ᠪᠠᠬᠢ ᠰᠠᠭᠤᠷᠢ ᠲᠠᠯᠪᠢᠵᠤ ᠂ ᠠᠷᠠᠳ ᠣᠯᠠᠨ ᠢ ᠳᠤᠯᠠᠭᠠᠨ ᠪᠦᠯᠢᠶᠡᠨ ᠡᠪᠦᠯ ᠢ ᠥᠩᠭᠡᠷᠡᠭᠦᠯᠬᠦ ᠪᠣᠯᠣᠨ᠎ᠠ ᠭᠡᠬᠦ ᠶᠤᠮ ᠃ 
今日4(6).bmp
今日4(7).bmp
   ︽ ᠳᠤᠯᠠᠭᠠᠯᠠᠭ᠎ᠠ  ᠶᠢᠨ ᠢᠨᠵᠧᠨᠧᠷᠢᠩ︾  ᠢ ᠡᠬᠢᠯᠡᠭᠦᠯᠦᠭᠰᠡᠨ ᠠᠴᠠ ᠨᠠᠭᠠᠰᠢ ᠂ ᠵᠡᠭᠦᠨᠭᠠᠷ ᠬᠤᠰᠢᠭᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠲᠦᠷᠭᠡᠳᠬᠡᠵᠦ ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠯᠠᠨ ᠤ ᠵᠣᠯ ᠵᠢᠷᠭᠠᠯᠲᠤ ᠠᠮᠢᠳᠤᠷᠠᠯ ᠢ ᠤᠯᠠᠮ ᠰᠠᠶᠢᠵᠢᠷᠠᠭᠤᠯᠵᠤ ᠪᠠᠶᠢᠨ᠎ᠠ᠃ 
ᠢᠷᠡᠯᠲᠡ᠄ ᠵᠡᠭᠦᠨᠭᠠᠷ ᠬᠤᠰᠢᠭᠤᠨ ᠤ ᠬᠠᠮ ᠵᠠᠭᠤᠴᠢᠯᠠᠭᠤᠷ ᠤᠨ ᠲᠥᠪ