| ᠵᠡᠭᠦᠨᠭᠠᠷ ᠬᠤᠰᠢᠭᠤ ᠨᠢ ᠣᠷᠳᠣᠰ ᠤᠨ ᠥᠨᠳᠦᠷᠯᠢᠭ ᠤᠨ ᠵᠡᠭᠦᠨ ᠬᠡᠰᠡᠭ ᠲᠤ ᠪᠠᠶᠢᠷᠢᠯᠠᠵᠤ ᠂ ᠪᠥᠬᠦ ᠬᠤᠰᠢᠭᠤᠨ ᠤ ᠶᠡᠷᠦᠩᠬᠡᠢ ᠲᠠᠯᠠᠪᠠᠶ ᠨᠢ 7692 ᠲᠡᠭᠰᠢ | ᠳᠥᠷᠪᠡᠯᠵᠢᠨ ᠺᠢᠯᠣᠮᠧᠲᠷ ᠪᠠᠶᠢᠵᠤ ᠂ 1 ᠨᠡᠭᠡᠭᠡᠯᠲᠡ ᠶᠢᠨ ᠤᠷᠤᠨ ᠂ 10 ᠰᠤᠮᠤ ᠰᠢᠶᠠᠩ ᠪᠠᠯᠭᠠᠰᠤ ᠂ 4 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ ᠂ | ᠨᠡᠶᠢᠲᠡ 200 ᠭᠠᠴᠠᠭ᠎ᠠ ᠲᠣᠰᠬᠤᠨ ︵ ᠨᠡᠶᠢᠭᠡᠮ ᠲᠣᠭᠤᠷᠢᠭ ︶ ᠲᠠᠢ ᠪᠠᠶᠢᠵᠤ ᠂ ᠪᠥᠬᠦ ᠬᠤᠰᠢᠭᠤᠨ ᠤ ᠪᠥᠬᠦ ᠬᠥᠮᠥᠨ ᠠᠮᠠ ᠨᠢ 36 ᠲᠦᠮᠡ ᠪᠤᠢ ᠃ ᠦᠨᠳᠦᠰᠦᠨ | ᠱᠠᠲᠤᠨ ᠤ ᠪᠤᠯᠪᠠᠰᠤᠨ ᠤ ᠤᠶᠢᠯᠡᠳᠤᠯᠭᠡ ᠶᠢᠨ ᠭᠠᠵᠠᠷ ᠥᠷᠲᠡᠭᠡ ᠶᠢᠨ ᠡᠬᠢ ᠪᠠᠶᠠᠯᠢᠭ ᠳᠤᠲᠠᠮᠠᠭ ᠂ ᠴᠢᠳᠠᠪᠤᠷᠢᠲᠠᠨ ᠬᠦᠷᠦᠯᠴᠡᠬᠦ ᠦᠭᠡᠢ ᠂ ᠲᠠᠷᠠᠬᠠᠢ ᠪᠤᠲᠠᠷᠬᠠᠢ | ᠰᠠᠭᠤᠷᠢᠰᠢᠯ ᠲᠠᠢ ᠂ ᠬᠥᠮᠥᠰ ᠢ ᠵᠣᠬᠢᠶᠠᠨ ᠪᠠᠶᠢᠭᠤᠯᠬᠤ ᠳᠤ ᠬᠦᠴᠢᠷᠲᠡᠢ ᠪᠠᠶᠢᠬᠤ ᠵᠡᠷᠭᠡ ᠪᠣᠳᠠᠲᠤ ᠪᠠᠶᠢᠳᠠᠯ ᠳᠤ ᠴᠢᠭᠯᠡᠭᠦᠯᠦᠨ ᠂ 2023 ᠣᠨ ᠠᠴᠠ ᠡᠬᠢᠯᠡᠨ ᠂ | ᠵᠡᠭᠦᠨᠭᠠᠷ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠬᠢᠨ ᠠᠷᠠᠳ ᠣᠯᠠᠨ ᠤ ᠦᠵᠡᠵᠦ ᠣᠶᠢᠯᠠᠭᠠᠳᠠᠭ ᠂ ᠣᠷᠣᠯᠴᠠᠵᠤ | ᠳᠡᠶᠢᠯᠬᠦ ᠠᠷᠭ᠎ᠠ ᠮᠠᠶ᠋ᠢᠭ ᠢ ᠭᠡᠷᠡᠭᠯᠡᠬᠦ ᠶᠢ ᠪᠠᠷᠢᠮᠲᠠᠯᠠᠨ ᠂ ᠦᠨᠳᠦᠰᠦᠨ ᠱᠠᠲᠤᠨ ᠤ ᠡᠯ᠎ᠡ ᠲᠥᠷᠥᠯ ᠤᠨ ᠪᠣᠯᠪᠠᠰᠤᠨ ᠤ ᠦᠢᠯᠡᠳᠦᠯᠭᠡ ᠶᠢᠨ ᠵᠢᠭᠰᠠᠭᠠᠯ ᠤᠨ ᠭᠠᠵᠠᠷ ᠂ | ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢᠨ ᠡᠬᠢ ᠪᠠᠶᠠᠯᠢᠭ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ ᠂ ︽ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠴᠤᠬᠯᠠᠭ᠎ᠠ ᠮᠠᠶᠢᠮᠠᠢ ᠳᠤ ᠤᠷᠤᠯᠴᠠᠬᠤ ︾ ᠳᠦᠷᠤᠯ ᠲᠡᠮᠳᠡᠭᠲᠦ ᠶᠢᠨ ᠠᠵᠢᠯᠯᠠᠭ᠎ᠠ ᠶᠢ ᠥᠷᠨᠢᠭᠦᠯᠪᠡ ᠃ ᠵᠡᠭᠦᠨᠭᠠᠷ ᠬᠤᠰᠢᠭᠤ ︽ ᠣᠯᠠᠨ ᠲᠦᠮᠡᠨ ᠢ | ᠨᠢᠭᠲᠠᠷᠠᠭᠤᠯᠤᠨ ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠂ ᠰᠤᠶᠤᠯ ᠢᠶᠠᠷ ᠬᠦᠮᠤᠨ ᠢ ᠤᠬᠠᠭᠠᠷᠠᠭᠤᠯᠤᠨ ᠂ ᠪᠤᠯᠪᠠᠰᠤᠨ ᠬᠡᠪ ᠵᠠᠩᠰᠢᠯ ᠲᠠᠢ ᠪᠣᠯᠭᠠᠬᠤ ︾ | ᠠᠵᠢᠯ ᠤᠨ ᠬᠠᠷᠠᠯᠲᠠ ᠲᠠᠢ ᠨᠢᠭᠲᠠ ᠤᠶᠠᠯᠳᠤᠭᠤᠯᠤᠨ ᠂ ᠡᠯ᠎ᠡ ᠰᠠᠯᠠᠭ᠎ᠠ ᠮᠥᠴᠢᠷ ᠪᠣᠯᠣᠨ ᠨᠡᠶᠢᠭᠡᠮ ᠤᠨ ᠰᠢᠯᠢᠳᠡᠭ ᠰᠠᠶᠢᠨ ᠳᠤᠷ᠎ᠠ ᠶᠢᠨ ᠦᠢᠯᠡᠴᠢᠯᠡᠭᠡᠨ ᠤ ᠡᠬᠢ | ᠪᠠᠶᠠᠯᠢᠭ ᠢ ᠨᠢᠭᠡᠳᠦᠯᠲᠡᠢ ᠲᠥᠯᠥᠪᠵᠢᠬᠦᠯᠵᠤ ᠂ ᠰᠠᠷ᠎ᠠ ᠪᠤᠯᠭᠠᠨ ᠤ 20 ᠤ ᠡᠳᠦᠷ ᠪᠤᠶᠤ ᠬᠥᠳᠡᠭᠡ ᠲᠣᠰᠬᠤᠨ ᠤ ᠴᠤᠭᠯᠠᠭ᠎ᠠ ᠮᠠᠶᠢᠮᠠᠢ ᠳᠤ ᠲᠦᠰᠢᠭᠯᠡᠨ ︽ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠴᠤᠭᠯᠠᠭ᠎ᠠ ᠮᠠᠶᠢᠮᠠᠢ ᠳᠤ ᠤᠷᠤᠯᠴᠠᠬᠤ︾ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ ᠂ ︽ᠤᠯᠠᠨ | ᠶᠠᠩᠵᠤᠴᠢᠯᠠᠭᠰᠠᠨ᠂ ᠤᠯᠠᠨ ᠲᠦᠮᠡᠨᠴᠢᠯᠡᠭᠰᠡᠨ᠂ ᠪᠠᠶᠢᠩᠭᠤᠵᠢᠭᠰᠠᠨ︾ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠪᠠᠷ | ᠳᠠᠮᠵᠢᠭᠤᠯᠵᠤ ᠂ ᠪᠣᠯᠪᠠᠰᠤᠨ ᠤ ᠦᠢᠯᠡᠳᠦᠯᠭᠡ ᠶᠢ ᠤᠯᠠᠨ ᠲᠦᠮᠡᠨ ᠤ ᠠᠮᠢᠳᠤᠷᠠᠯ ᠳᠤ ᠠᠭᠤᠰᠤᠯᠴᠠᠭᠤᠯᠬᠤ ᠂ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠬᠤ ᠶᠢ | ᠠᠬᠢᠭᠤᠯᠵᠤ ᠂ ᠤᠯᠠᠨ ᠲᠦᠮᠡᠨ ᠤ ᠢᠳᠡᠪᠬᠢᠲᠡᠢ ᠣᠷᠣᠯᠴᠠᠬᠤ ᠶᠢ ᠬᠥᠲᠥᠯᠥᠨ ᠳᠠᠭᠠᠭᠤᠯᠵᠤ ᠂ ᠬᠡᠪ ᠵᠠᠩᠰᠢᠯ ᠢ ᠥᠭᠡᠷᠡᠴᠢᠯᠡᠬᠦ ᠵᠢᠤᠬᠠᠮᠰᠠᠷ ᠠᠴᠠ ᠪᠠᠨ | ᠦᠢᠯᠡᠳᠦᠯᠭᠡᠵᠢᠭᠦᠯᠤᠨ ᠂ ᠪᠣᠯᠪᠠᠰᠤᠨ ᠴᠤᠭᠯᠠᠭ᠎ᠠ ᠮᠠᠶᠢᠮᠠᠢ ᠶᠢᠨ ︽ᠪᠠᠭ᠎ᠠ ᠶᠠᠪᠤᠳᠠᠯ︾ ᠢᠶᠠᠷ ᠪᠣᠯᠪᠠᠰᠤᠨ ᠤ ᠦᠢᠯᠡᠳᠦᠯᠭᠡ ᠶᠢᠨ ︽ᠲᠣᠮᠣ ᠶᠠᠪᠤᠳᠠᠯ︾ ᠢ ᠠᠮᠢᠳᠤᠯᠢᠭ | ᠪᠣᠯᠭᠠᠵᠤ ᠪᠠᠶᠢᠨ᠎ᠠ᠃ | | | ᠣᠯᠠᠨ ᠲᠠᠯ᠎ᠠ ᠶᠢᠨ ᠬᠦᠴᠦᠨ ᠢ ᠨᠢᠬᠳᠠᠷᠠᠭᠤᠯᠤᠨ ᠂ ᠡᠬᠢ ᠪᠠᠶᠠᠯᠢᠭ ᠤᠨ ︽ ᠶᠡᠭᠡ ᠬᠠᠮᠳᠤᠷᠠᠯ ︾ ᠶᠢ ᠪᠡᠶᠡᠯᠡᠭᠦᠯᠪᠠ | ᠤᠳᠠᠭ᠎ᠠ ᠪᠤᠯᠭᠠᠨ ᠤ ︽ ᠴᠤᠬᠯᠠᠭ᠎ᠠ ᠮᠠᠶᠢᠮᠠᠢ ︾ ᠶᠢ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠠᠴᠠ | ᠨᠢᠭᠡᠳᠦᠯᠲᠡᠢ ᠲᠥᠯᠥᠪᠵᠢᠬᠦᠯᠤᠨ ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠤᠬᠳᠠᠯ ᠪᠦᠬᠦᠢ ᠰᠠᠯᠠᠭ᠎ᠠ ᠮᠥᠴᠢᠷ ᠂ ᠪᠠᠶᠢᠩᠭᠤ ᠶᠢᠨ ᠰᠠᠶᠢᠨ ᠳᠤᠷ᠎ᠠ ᠶᠢᠨ | ᠦᠢᠯᠡᠴᠢᠯᠡᠭᠡᠨ ᠤ18 ᠬᠤᠪᠢᠶᠠᠷᠢ ᠠᠩᠭᠢ ᠬᠦᠯᠢᠶᠡᠨ ᠠᠪᠴᠤ ᠂ ᠡᠯ᠎ᠡ ᠰᠤᠮᠤ ᠰᠢᠶᠠᠩ ᠪᠠᠯᠭᠠᠰᠤ ︵ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ︶ ᠶᠢᠨ ᠰᠢᠨ᠎ᠡ | ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠂ ᠥᠷᠲᠡᠭᠡ ᠬᠡᠷᠡᠭᠴᠡᠭᠡ ᠶᠣᠰᠣᠭᠠᠷ ᠳᠠᠭᠠᠭᠠᠴᠢᠯᠠᠨ ᠭᠦᠢᠴᠡᠳᠬᠡᠵᠦ ᠂ ᠨᠡᠶᠢᠭᠡᠮ ᠤᠨ ᠬᠠᠶᠢᠷ᠎ᠠ ᠶᠢᠨ | ᠰᠡᠳᠬᠢᠯᠳᠤ ᠵᠣᠬᠢᠶᠠᠨ ᠪᠠᠶᠢᠭᠤᠯᠤᠯᠲᠠ ᠪᠠ ᠣᠯᠠᠨ ᠲᠦᠮᠡᠨ ᠢ ᠳᠠᠶᠢᠴᠢᠯᠠᠨ ᠥᠷᠭᠡᠨ ᠢᠶᠠᠷ ᠣᠷᠣᠯᠴᠠᠭᠤᠯᠪᠠ ᠃ ᠤᠳᠠᠭ᠎ᠠ ᠪᠤᠯᠭᠠᠨ ᠤ ᠴᠤᠭᠯᠠᠭ᠎ᠠ ᠮᠠᠶᠢᠮᠠᠢ ᠶᠢ ᠣᠯᠠᠨ | ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠵᠤ ᠂ ︽ ᠣᠨᠣᠯ ᠤᠨ ᠤᠬᠠᠭᠤᠯᠭ᠎ᠠ ᠂ ᠠᠮᠢᠳᠤᠷᠠᠯ ᠤᠨ ᠦᠢᠯᠡᠴᠢᠯᠡᠭᠡ ᠂ ᠲᠥᠷᠥ ᠶᠢᠨ ᠪᠣᠳᠣᠯᠭ᠎ᠠ ᠶᠢᠨ | ᠠᠰᠠᠭᠤᠨ ᠯᠠᠪᠯᠠᠯᠲᠠ ᠂ ᠡᠮᠴᠢᠯᠡᠭᠡ ᠪᠠᠷ ᠠᠷᠠᠳ ᠲᠤ ᠳᠥᠭᠦᠮ ᠦᠵᠡᠭᠦᠯᠬᠦ ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ︾ ᠵᠡᠷᠭᠡ ᠠᠳᠠᠯᠢ ᠪᠤᠰᠤ ᠰᠠᠶᠢᠨ | ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢᠨ ᠣᠷᠣᠨ ᠲᠣᠭᠤᠷᠢᠭ ᠭᠠᠷᠭᠠᠵᠤ ᠂ 14 ᠰᠤᠮᠤ ᠰᠢᠶᠠᠩ ᠪᠠᠯᠭᠠᠰᠤ ︵ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ | ᠭᠠᠵᠠᠷ ︶ ᠳᠤ ᠦᠢᠯᠡᠴᠢᠯᠡᠭᠡ ᠂ ᠬᠠᠶᠢᠷ᠎ᠠ ᠬᠠᠯᠠᠮᠵᠢ ᠂ ᠰᠣᠶᠣᠯ ᠂ ᠪᠣᠳᠠᠲᠤ ᠠᠰᠢᠭ ᠂ ᠡᠷᠡᠭᠦᠯ ᠮᠡᠨᠳᠦ ᠶᠢ ᠲᠥᠪᠯᠡᠷᠡᠭᠦᠯᠦᠨ ᠬᠦᠷᠭᠡᠵᠦ ᠂ ᠣᠯᠠᠨ ᠲᠦᠮᠡᠨ ᠤ ᠪᠡᠶ᠎ᠡ ᠪᠠᠨ | ᠳᠠᠭᠠᠭᠠᠨ ᠰᠣᠩᠭᠤᠬᠤ ᠂ ᠴᠢᠯᠦᠭᠡᠲᠡᠢ ᠴᠤᠭᠯᠠᠷᠠᠬᠤ ᠂ ᠠᠵᠢᠯᠯᠠᠭ᠎ᠠ ᠳᠤ ᠣᠷᠣᠯᠴᠠᠬᠤ ᠳᠤ ᠲᠥᠬᠦᠮ ᠦᠵᠡᠭᠦᠯᠦᠨ ᠂ ᠪᠣᠯᠪᠠᠰᠤᠨ ᠤ ᠦᠢᠯᠡᠳᠦᠯᠭᠡ ᠶᠢ ᠡᠳᠦᠷ | ᠲᠤᠲᠤᠮ ᠤᠨ ᠠᠮᠢᠳᠤᠷᠠᠯ ᠳᠤ ᠠᠭᠤᠰᠬᠠᠵᠤ ᠂ ᠴᠤᠭᠯᠠᠭ᠎ᠠ ᠮᠠᠶᠢᠮᠠᠢ ᠳᠤ ᠣᠴᠢᠬᠤ ᠡᠳᠦᠷ ᠢ ᠬᠥᠮᠥᠰ ᠤᠨ ᠣᠶᠤᠨ ᠰᠠᠨᠠᠭ᠎ᠠ ᠪᠠ ᠡᠳ᠋ ᠪᠣᠳᠠᠰ ᠤᠨ ᠬᠤᠣᠰ ᠡᠯᠪᠡᠭ | ᠬᠤᠷᠢᠶᠠᠯᠲᠠ ᠶᠢᠨ ᠰᠠᠶᠢᠨ ᠡᠳᠦᠷ ᠪᠣᠯᠭᠠᠬᠰᠠᠨ ᠪᠠᠶᠢᠨ᠎ᠠ ᠃ ᠡᠭᠦᠨ ᠤ ᠬᠠᠮᠲᠤ ᠂ ᠪᠥᠬᠦ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ214 ᠭᠠᠵᠠᠷ ︵ ᠥᠷᠲᠡᠭᠡ ︶ ᠲᠤ ᠲᠦᠰᠢᠭᠯᠡᠨ ᠂ ᠣᠯᠠᠨ ᠲᠦᠮᠡᠨ ᠤ ᠪᠠᠶᠢᠩᠭᠤ ᠣᠴᠢᠳᠠᠭ ᠪᠠ ᠬᠠᠷᠢᠴᠠᠩᠭᠤᠢ ᠲᠣᠭᠲᠠᠪᠤᠷᠢᠲᠠᠢ ᠪᠣᠯᠪᠠᠰᠤᠨ ᠤ | ᠦᠢᠯᠡᠳᠦᠯᠭᠡ ᠶᠢᠨ ᠲᠠᠯᠠᠪᠠᠶ ᠂ ᠣᠯᠠᠨ ᠲᠦᠮᠡᠨ ᠤ ᠲᠣᠮᠣ ᠲᠠᠪᠴᠠᠩ ᠵᠡᠷᠭᠡ ᠠᠵᠢᠯᠯᠠᠭᠠᠨ ᠤ ᠲᠠᠯᠠᠪᠤᠷ ᠢ ︽ ᠴᠤᠭᠯᠠᠭ᠎ᠠ ᠮᠠᠶᠢᠮᠠᠢ ︾ ᠶᠢᠨ ᠭᠤᠣᠯ ᠵᠢᠭᠰᠠᠭᠠᠯ ᠤᠨ | ᠭᠠᠵᠠᠷ ᠪᠣᠯᠭᠠᠵᠤ ᠂ ᠣᠯᠠᠨ ᠲᠦᠮᠡᠨ ᠤ ᠣᠷᠣᠯᠴᠠᠬᠤ ᠳᠤ ᠲᠥᠬᠦᠮ ᠦᠵᠡᠭᠦᠯᠵᠡᠢ ᠃ | | | ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠨᠢᠭᠲᠠ | ᠤᠶᠠᠯᠳᠤᠭᠤᠯᠤᠨ ᠂ ᠦᠢᠯᠡᠴᠢᠯᠡᠭᠡᠨ ᠤ ︽ ᠶᠡᠭᠡ ᠬᠠᠮᠲᠤᠷᠠᠯ ︾ ᠢ ᠪᠡᠶᠡᠯᠡᠭᠦᠯᠪᠠ | ᠵᠡᠭᠦᠨᠭᠠᠷ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠣᠯᠣᠨ ᠣᠨ ᠤ | ᠭᠤᠣᠯᠳᠠᠯᠭ᠎ᠠ ᠲᠠᠢ ᠠᠵᠢᠯ ᠲᠠᠢ ᠤᠶᠠᠯᠳᠤᠭᠤᠯᠤᠨ ᠰᠠᠷ᠎ᠠ ᠶᠢᠨ ᠭᠤᠣᠯ ᠰᠡᠳᠦᠪ ᠢ ᠨᠡᠶᠢᠲᠡᠯᠡᠵᠦ ᠂ ᠤᠳᠠᠭ᠎ᠠ ᠪᠤᠯᠭᠠᠨ ᠤ ︽ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠴᠤᠭᠯᠠᠭ᠎ᠠ ᠮᠠᠶᠢᠮᠠᠢ ᠳᠤ ᠣᠷᠣᠯᠴᠠᠬᠤ︾ᠠᠵᠢᠯᠯᠠᠭ᠎ᠠ ᠶᠢ ᠡᠯ᠎ᠡ ᠰᠤᠮᠤ ᠰᠢᠶᠠᠩ ᠪᠠᠯᠭᠠᠰᠤ︵ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ︶ ᠶᠢᠨ | ᠦᠢᠯᠡᠳᠦᠯᠭᠡ ᠶᠢᠨ ᠭᠠᠵᠠᠷ ᠠᠴᠠ ᠴᠢᠬᠤᠯᠠ ᠶᠡᠭᠡ ᠠᠵᠢᠯᠯᠠᠭ᠎ᠠ᠂ ᠴᠢᠬᠤᠯᠠ ᠪᠠᠶᠠᠷ ᠤᠨ ᠡᠳᠦᠷ᠂ ᠬᠥᠳᠡᠭᠡ ᠲᠣᠰᠬᠤᠨ ᠤ ᠴᠤᠭᠯᠠᠭ᠎ᠠ ᠮᠠᠶᠢᠮᠠᠢ ᠵᠡᠷᠭᠡ ᠴᠠᠭ ᠬᠤᠭᠤᠴᠠᠭ᠎ᠠ | ᠲᠠᠢ ᠤᠶᠠᠯᠳᠤᠭᠤᠯᠤᠨ ᠂ ᠤᠷᠢᠳᠴᠢᠯᠠᠨ ᠵᠠᠬᠢᠶᠠᠯᠠᠭ᠎ᠠ ᠶᠢᠨ ᠬᠠᠭᠤᠳᠠᠰᠤ ᠪᠠᠷ ᠭᠤᠶᠤᠴᠢᠯᠠᠳᠠᠭ ᠪᠠᠶᠢᠨ᠎ᠠ᠃ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠦᠢᠯᠡᠴᠢᠯᠡᠭᠡᠨ ᠤ ᠲᠥᠪ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠲᠥᠪᠯᠡᠷᠡᠭᠦᠯᠦᠨ ︽ ᠵᠠᠬᠢᠶᠠᠯᠠᠭ᠎ᠠ ᠶᠢᠨ ᠬᠠᠭᠤᠳᠠᠰᠤ ᠳᠠᠷᠬᠠᠭᠠᠬᠤ ︾ | ᠠᠵᠢᠯᠯᠠᠭ᠎ᠠ ᠥᠷᠨᠢᠭᠦᠯᠵᠦ ᠂ ︽ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠴᠤᠭᠯᠠᠭ᠎ᠠ ᠮᠠᠶᠢᠮᠠᠢ ᠳᠤ ᠤᠷᠤᠯᠴᠠᠬᠤ︾ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠦᠭᠰᠡᠨ ᠤ ᠬᠠᠮᠲᠤ ᠣᠨᠣᠯ ᠤᠨ ᠤᠬᠠᠭᠤᠯᠭ᠎ᠠ ᠂ ᠤᠷᠠᠨ ᠰᠠᠶᠢᠬᠠᠨ ᠤ ᠦᠵᠡᠭᠦᠯᠭᠡ ᠶᠢᠨ ᠲᠣᠭᠯᠠᠯᠲᠠ ᠂ ᠪᠤᠳᠤᠯ ᠰᠠᠨᠠᠯ ᠢᠶᠠᠨ ᠪᠡᠶᠡᠯᠡᠭᠦᠯᠬᠦ ᠂ ᠨᠡᠶᠢᠲᠡ ᠶᠢᠨ | ᠠᠰᠠᠷᠠᠮᠵᠢ ᠶᠢᠨ ᠺᠢᠨᠣ᠋ ᠨᠡᠪᠲᠡᠷᠡᠭᠦᠯᠬᠦ ᠵᠡᠷᠭᠡ ᠦᠢᠯᠡᠳᠦᠯᠭᠡ ᠶᠢᠨ ᠠᠭᠤᠯᠭ᠎ᠠ ᠶᠢ ᠲᠣᠭᠲᠠᠪᠤᠷᠢᠵᠢᠭᠤᠯᠵᠠᠢ ᠃ ᠤᠳᠠᠭ᠎ᠠ ᠪᠤᠯᠭᠠᠨ ᠤ ︽ ᠴᠤᠭᠯᠠᠭ᠎ᠠ ᠮᠠᠶᠢᠮᠠᠢ ︾ ᠨᠢ | ᠨᠠᠮ ᠤᠨ ᠰᠢᠨ᠎ᠡ ᠶᠢ ᠡᠬᠦᠳᠬᠦ ᠣᠨᠣᠯ ᠂ ᠴᠢᠭᠯᠡᠯᠲᠡ ᠲᠥᠷᠥ ᠶᠢᠨ ᠪᠣᠳᠣᠯᠭ᠎ᠠ ᠶᠢ ᠣᠯᠠᠨ ᠲᠦᠮᠡᠨ ᠤ ᠡᠭᠦᠳᠡᠨ ᠳᠤ ᠬᠠᠨᠳᠤᠯᠭ᠎ᠠ ᠲᠠᠢ ᠪᠠᠷ ᠬᠦᠷᠭᠡᠵᠦ ᠥᠭᠭᠦᠭᠰᠡᠨ ᠢᠶᠠᠷ | ᠦᠯᠤ ᠪᠠᠷᠠᠨ ᠂ ᠪᠠᠰᠠ ᠬᠠᠶᠢᠷ᠎ᠠ ᠬᠠᠯᠠᠮᠵᠢ ᠶᠢᠨ ᠵᠢᠷᠤᠮ ᠤᠨ ᠦᠰᠤ ᠭᠡᠵᠢᠭᠡ ᠬᠠᠶᠢᠴᠢᠯᠠᠬᠤ ᠂ ᠬᠠᠶᠢᠷ᠎ᠠ ᠬᠠᠯᠠᠮᠵᠢ ᠶᠢᠨ ᠵᠢᠷᠤᠮ ᠤᠨ ᠡᠮᠴᠢᠯᠡᠭᠡ ᠬᠢᠬᠦ ᠂ ᠬᠠᠶᠢᠷ᠎ᠠ | ᠬᠠᠯᠠᠮᠵᠢ ᠶᠢᠨ ᠴᠤᠭᠯᠠᠭ᠎ᠠ ᠮᠠᠶᠢᠮᠠᠢ ᠭᠠᠷᠭᠠᠬᠤ ᠂ ᠭᠡᠷ ᠤᠨ ᠴᠠᠬᠢᠯᠭᠠᠨ ᠬᠡᠷᠡᠭᠰᠡᠯ ᠢ ᠰᠡᠯᠪᠢᠨ ᠵᠠᠰᠠᠬᠤ ᠂ ᠬᠢᠲᠤᠭ᠎ᠠ ᠬᠠᠶᠢᠴᠢ ᠪᠢᠯᠡᠭᠦᠳᠡᠬᠦ ᠵᠡᠷᠭᠡ ᠣᠯᠠᠨ ᠳᠡᠯᠭᠡᠭᠡ | ᠮᠠᠶᠢᠮᠠᠢ ᠶᠢᠨ ᠭᠠᠵᠠᠷ ᠭᠠᠷᠭᠠᠵᠤ ᠂ ᠣᠯᠠᠨ ᠲᠦᠮᠡᠨ ᠤ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠂ ᠨᠠᠩᠠᠷᠪᠢᠨ ᠣᠯᠠᠨ ᠲᠦᠮᠡᠨ ᠢ | ᠪᠦᠲᠦᠮᠵᠢᠲᠡᠶ ᠪᠠᠷ ᠳᠠᠶᠢᠴᠢᠯᠠᠨ ᠢᠳᠡᠪᠬᠢᠲᠡᠢ ᠣᠷᠣᠯᠴᠠᠭᠤᠯᠪᠠ ᠂ ᠡᠨᠡ ᠨᠢ ᠬᠤᠰᠢᠭᠤᠨ ᠤ ᠨᠠᠮ ᠤᠨ ᠬᠤᠷᠢᠶ᠎ᠠ ᠂ ᠬᠤᠰᠢᠭᠤᠨ ᠤ ᠵᠠᠰᠠᠭ ᠤᠨ ᠣᠷᠳᠣᠨ ᠤ ᠠᠵᠢᠯ ᠤᠨ | ᠪᠦᠬᠦ ᠲᠠᠯ᠎ᠠ ᠳᠤ ᠦᠢᠯᠡᠴᠢᠯᠡᠭᠰᠡᠨ ᠮᠥᠷᠲᠡᠭᠡᠨ ᠪᠠᠰᠠ ᠨᠠᠮ ᠪᠠᠣᠯᠠᠨ ᠲᠦᠮᠡᠨ ᠤ ᠠᠵᠢᠯ ᠤᠨ ᠬᠥᠭᠦᠷᠭᠡ ᠬᠤᠯᠪᠣᠭᠠᠰᠤ ᠶᠢ ᠨᠠᠪᠲᠠᠷᠡᠭᠦᠯᠵᠦ ᠂ ᠡᠬᠢ ᠪᠠᠶᠠᠯᠢᠭ ᠢ | ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠬᠦ ᠂ ᠰᠠᠶᠢᠨ ᠳᠤᠷ᠎ᠠ ᠶᠢᠨ ᠦᠢᠯᠡᠴᠢᠯᠡᠭᠡ ᠶᠢ ᠨᠠᠩ ᠨᠠᠷᠢᠯᠢᠭ ᠣᠨᠣᠴᠠᠲᠠᠢ ᠪᠣᠯᠭᠠᠬᠤ ᠂ ᠤᠬᠠᠭᠤᠯᠤᠨ ᠳᠡᠯᠭᠡᠨ ᠦᠵᠡᠭᠦᠯᠬᠦ ᠶᠢ | ᠡᠷᠴᠢᠮᠳᠡᠢ ᠪᠣᠯᠭᠠᠵᠤ ᠂ ᠣᠯᠠᠨ ᠲᠦᠮᠡᠨ ᠢᠳᠡᠪᠬᠢᠲᠡᠢ ᠣᠷᠣᠯᠴᠠᠬᠰᠠᠨ ᠠᠮᠢᠳᠤᠯᠢᠭ ᠪᠠᠶᠢᠳᠠᠯ ᠢ ᠠᠩᠬ᠎ᠠ ᠠᠯᠬᠤᠮ ᠪᠣᠶ ᠪᠣᠯᠭᠠᠪᠠ ᠃ | | | | ᠣᠷᠳᠣ ᠬᠤᠭᠤᠴᠠᠭᠠᠨ ᠤ ᠪᠦᠲᠦᠮᠵᠢᠲᠡᠶ ᠪᠠᠶᠢᠳᠠᠯ ᠳᠤ ᠠᠩᠬᠠᠷᠤᠯ ᠢᠶᠠᠨ | ᠲᠥᠪᠯᠡᠷᠡᠭᠦᠯᠤᠨ ᠂ ᠠᠵᠢᠯᠯᠠᠭ᠎ᠠ ᠶᠢᠨ︽ ᠳᠤᠮᠤ ᠨᠢᠭᠡᠳᠤᠯ ︾ ᠢ ᠪᠤᠢ ᠪᠤᠯᠭᠠᠪᠠ | | ᠠᠵᠢᠯᠯᠠᠭ᠎ᠠ ᠨᠢ ᠭᠠᠴᠠᠭ᠎ᠠ ᠲᠣᠰᠬᠤᠨ ︵ ᠨᠡᠶᠢᠭᠡᠮ ᠲᠣᠭᠤᠷᠢᠭ ︶ ︽ ᠬᠦᠰᠡᠯ ᠱᠠᠭᠠᠷᠳᠠᠯᠭ᠎ᠠ ᠳᠤᠷᠠᠳᠬᠤ ︾ ᠂ ᠰᠤᠮᠤ ᠰᠢᠶᠠᠩ ᠪᠠᠯᠭᠠᠰᠤ ︵ ᠵᠡᠭᠡᠯᠢ ᠭᠤᠳᠤᠮᠵᠢ ︶ ︽ | ᠪᠠᠲᠤᠯᠠᠭ᠎ᠠ ᠬᠠᠩᠭᠠᠬᠤ ︾ ᠂ ᠬᠤᠰᠢᠭᠤᠨ ᠤ ᠱᠠᠲᠤᠨ ᠠᠴᠠ ︽ ᠦᠢᠯᠡᠴᠢᠯᠡᠭᠡ ᠬᠦᠷᠭᠡᠬᠦ ︾ ᠭᠤᠷᠪᠠᠨ ᠱᠠᠲᠤᠨ ᠤ ᠬᠠᠮᠲᠤᠷᠠᠨ ᠬᠥᠳᠡᠯᠦᠯᠴᠡᠬᠦ ᠠᠷᠭ᠎ᠠ ᠮᠠᠶ᠋ᠢᠭ | ᠶᠣᠰᠣᠭᠠᠷ ᠂ ︽ ᠲᠣᠮᠣ ᠴᠤᠭᠯᠠᠭ᠎ᠠ ᠮᠠᠶᠢᠮᠠᠢ ︾ ᠶᠢᠨ ᠬᠡᠯᠪᠡᠷᠢ ᠪᠠᠷ ᠵᠡᠭᠦᠨᠭᠠᠷ ᠤᠨ ᠠᠯᠪᠠᠨ ᠵᠢᠷᠤᠮ ᠤᠨ ᠠᠵᠢᠯ ᠤᠨ ᠨᠡᠶᠢᠭᠡᠮᠯᠢᠭ ᠂ ᠠᠨᠳᠠ ᠠᠪᠤᠷᠠᠨ ᠲᠤᠰᠠᠯᠠᠯᠳᠠ ᠶᠢᠨ | ᠠᠩᠭᠢ ᠂ ᠵᠠᠯᠠᠭᠤ ᠰᠠᠶᠢᠨ ᠳᠤᠷ᠎ᠠ ᠶᠢᠨ ᠦᠢᠯᠡᠴᠢᠯᠡᠭᠴᠢᠳ ᠤᠨ ᠨᠡᠶᠢᠭᠡᠮᠯᠢᠭ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠪᠠᠳᠠᠷᠠᠭᠤᠯᠵᠤ ᠂ | ᠰᠠᠷ᠎ᠠ ᠪᠤᠯᠭᠠᠨ ᠠᠯᠢ ᠣᠯᠠᠨ ᠣᠨᠴᠠᠯᠢᠭᠲᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠲᠥᠯᠥᠪᠯᠡᠭᠰᠡᠨ ᠤ ᠬᠠᠮᠲᠤ ᠬᠡᠷᠡᠭᠴᠡᠭᠡ ᠱᠠᠭᠠᠷᠳᠠᠯᠭ᠎ᠠ ᠪᠠᠷ | ᠨᠡᠯᠢᠶᠡᠳ ᠶᠡᠭᠡ ︽ ᠣᠯᠠᠨ ᠲᠦᠮᠡᠨ ᠤ ᠵᠠᠬᠢᠶᠠᠯᠠᠭ᠎ᠠ ᠶᠢᠨ ᠬᠠᠭᠤᠳᠠᠰᠤ ︾ ᠳᠤ ︽ ᠵᠠᠬᠢᠶᠠᠯᠠᠭ᠎ᠠ ᠶᠢᠨ ᠦᠢᠯᠡᠴᠢᠯᠡᠭᠡ ︾ ᠬᠢᠵᠦ ᠂ ᠣᠨᠣᠯ ᠬᠦᠷᠭᠡᠬᠦ ᠂ ᠲᠥᠷᠥ ᠶᠢᠨ | ᠪᠣᠳᠣᠯᠭ᠎ᠠ ᠬᠦᠷᠭᠡᠬᠦ ᠂ ᠰᠣᠶᠣᠯ ᠬᠦᠷᠭᠡᠬᠦ ᠂ ᠡᠷᠡᠭᠦᠯ ᠮᠡᠨᠳᠦ ᠬᠦᠷᠭᠡᠬᠦ ᠂ ᠰᠢᠨᠵᠢᠯᠡᠬᠦ ᠤᠬᠠᠭᠠᠨ ᠮᠡᠷᠭᠡᠵᠢᠯ ᠬᠦᠷᠭᠡᠬᠦ ᠂ ᠬᠠᠤᠯᠢ ᠴᠠᠭᠠᠵᠠ ᠬᠦᠷᠭᠡᠬᠦ ᠵᠡᠷᠭᠡ ᠡᠯ᠎ᠡ | ᠲᠥᠷᠥᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ ᠂ ︽ ᠰᠠᠷ᠎ᠠ ᠪᠤᠯᠭᠠᠨ ᠭᠤᠣᠯ ᠰᠡᠳᠦᠪ ᠲᠠᠢ ᠂ ᠲᠠᠯᠠᠪᠠᠶ ᠪᠤᠯᠭᠠᠨ | ᠣᠨᠴᠠᠯᠢᠭ ᠲᠠᠢ ︾ ᠰᠠᠶᠢᠨ ᠳᠤᠷ᠎ᠠ ᠶᠢᠨ ᠦᠢᠯᠡᠴᠢᠯᠡᠭᠡᠨ ᠤ ᠵᠠᠭᠪᠤᠷ ᠢ ᠪᠣᠶ ᠪᠣᠯᠭᠠᠵᠤ ᠂ ᠣᠯᠠᠨ ᠲᠦᠮᠡᠨ ᠤ ᠬᠠᠮᠤᠭ ᠤᠨ ᠬᠡᠷᠡᠭᠴᠡᠭᠡ ᠲᠠᠢ ᠠᠷᠠᠳ ᠤᠨ ᠠᠮᠢᠳᠤᠷᠠᠯ ᠤᠨ | ᠦᠢᠯᠡᠴᠢᠯᠡᠭᠡ ᠶᠢ ᠰᠢᠭᠤᠳ ᠣᠯᠠᠨ ᠲᠦᠮᠡᠨ ᠳᠤ ᠬᠦᠷᠭᠡᠵᠦ ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠂ ᠵᠣᠯ ᠵᠢᠷᠭᠠᠯᠳᠤ ᠲᠥᠷᠥᠭᠳᠡᠯ ᠢ ᠳᠡᠭᠡᠭᠰᠢᠯᠡᠭᠦᠯᠪᠡ ᠃ | ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡᠴᠤᠭᠯᠠᠭᠠ ᠮᠠᠶᠢᠮᠠᠢ ᠳᠤ ᠤᠷᠤᠯᠴᠠᠬᠤ︾ᠪᠣᠯᠪᠠᠰᠤᠨ ᠤ ᠦᠢᠯᠡᠳᠦᠯᠭᠡ ᠶᠢᠨ ᠲᠦᠷᠦᠯ ᠵᠦᠢᠯ ᠨᠢ ᠰᠢᠨᠵᠢᠯᠡᠬᠦ | ᠤᠬᠠᠭᠠᠨᠴᠢ ᠤᠨᠤᠯ ᠂ ᠨᠠᠮ ᠤᠨ ᠲᠦᠷᠦ ᠶᠢᠨ ᠪᠣᠳᠣᠯᠭ᠎ᠠ᠂ ᠭᠤᠣᠯ ᠤᠷᠤᠰᠬᠠᠯᠳᠤ ᠦᠷᠳᠡᠭ᠂ ᠰᠣᠶᠣᠯ ᠤᠳᠬ᠎ᠠ ᠤᠷᠠᠯᠢᠭ ᠂ ᠭᠡᠪ ᠵᠠᠩᠰᠢᠯ ᠢ ᠥᠭᠡᠷᠡᠴᠢᠯᠡᠬᠦ ᠶᠢ | ᠪᠣᠯᠪᠠᠰᠤᠨ ᠤ ᠦᠢᠯᠡᠳᠦᠯᠭᠡ ᠳᠤ ᠳᠤᠭᠤᠰᠢᠯᠠᠭᠤᠯᠤᠨ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢ ᠬᠦᠴᠦᠲᠡᠢ ᠠᠬᠢᠭᠤᠯᠵᠠᠢ︔ ᠤᠯᠠᠨ ᠲᠦᠮᠡᠨ ᠢ | ᠵᠣᠬᠢᠶᠠᠨ ᠪᠠᠶᠢᠭᠤᠯᠬᠤ ᠳᠤ ᠬᠦᠴᠢᠷᠲᠡᠢ᠂ ᠠᠵᠢᠯᠯᠠᠭ᠎ᠠ ᠥᠷᠨᠢᠭᠦᠯᠬᠦ ᠳᠤ ᠬᠦᠴᠢᠷᠲᠡᠢ᠂ ᠰᠠᠶᠢᠨ ᠳᠤᠷ᠎ᠠ ᠶᠢᠨ ᠤᠶᠢᠯᠡᠴᠢᠯᠡᠭᠡ ᠶᠢ ᠪᠠᠶᠢᠩᠭᠤᠵᠢᠭᠤᠯᠬᠤ ᠳᠤ ᠬᠦᠴᠢᠷᠲᠡᠢ | ᠪᠠᠶᠢᠬᠤ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠡᠭᠦᠨ ᠤ ᠬᠠᠮᠳᠤ ᠪᠠᠰᠠ ᠥᠷᠭᠡᠨ ᠤᠯᠠᠨ ᠰᠠᠭᠤᠭᠠᠯᠢ ᠠᠷᠠᠳ ᠤᠨ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠵᠤ ᠂ ᠨᠠᠮ ᠤᠨ ᠰᠢᠨ᠎ᠡ ᠶᠢ ᠡᠭᠦᠳᠬᠦ ᠤᠨᠤᠯ ᠂ ᠴᠢᠭᠯᠡᠯᠲᠡ ᠲᠦᠷᠦ ᠶᠢᠨ ᠪᠣᠳᠣᠯᠭ᠎ᠠ ᠶᠢ ᠤᠯᠠᠮᠵᠢᠯᠠᠨ ᠳᠡᠯᠭᠡᠷᠡᠭᠦᠯᠵᠦ ᠂ ᠤᠯᠠᠨ ᠲᠦᠮᠡᠨ ᠤ ᠦᠵᠡᠵᠦ | ᠰᠣᠨᠢᠷᠬᠠᠬᠤ ᠳᠤᠷᠠᠲᠠᠢ ᠠᠵᠢᠯᠯᠠᠭ᠎ᠠ ᠪᠠᠷ ᠤᠯᠠᠨ ᠲᠦᠮᠡᠨ ᠤ ᠠᠩᠬᠠᠷᠤᠯ ᠢ ᠲᠠᠲᠠᠵᠤ ᠂ ᠲᠡᠳᠡᠨ ᠢ ᠣᠷᠣᠯᠴᠠᠭᠤᠯᠤᠬᠰᠠᠨ ᠪᠠᠶᠢᠨ᠎ᠠ᠃ 2023 ᠣᠨ ᠳᠤ ᠠᠵᠢᠯᠯᠠᠭ᠎ᠠ ᠶᠢ | ᠥᠷᠨᠢᠭᠦᠯᠦᠭᠰᠡᠨ ᠠᠴᠠ ᠨᠠᠭᠠᠰᠢ ᠂ ᠨᠡᠶᠢᠳᠡ 16 ᠳᠠᠯᠠᠪᠠᠢ ᠤᠳᠠᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ ᠂ 1500 ᠭᠠᠷᠤᠢ ᠰᠠᠶᠢᠨ | ᠳᠤᠷ᠎ᠠ ᠶᠢᠨ ᠠᠵᠢᠯᠯᠠᠭᠴᠢ ᠣᠷᠣᠯᠴᠠᠵᠤ ᠂ ᠨᠡᠶᠢᠳᠡ 40000 ᠭᠠᠷᠤᠢ ᠬᠥᠮᠥᠨ ᠤᠳᠠᠭ᠎ᠠ ᠳᠤ ᠦᠢᠯᠡᠴᠢᠯᠡᠵᠦ ᠂ ᠪᠣᠯᠪᠠᠰᠤᠨ ᠤ ᠦᠢᠯᠡᠳᠦᠯᠭᠡ ᠶᠢᠨ ᠠᠷᠭ᠎ᠠ ᠵᠠᠮ ᠢ | ᠨᠡᠩ ᠰᠢᠯᠤᠭᠤᠳᠬᠠᠵᠤ ᠂ ᠠᠵᠢᠯᠯᠠᠭ᠎ᠠ ᠶᠢ ᠨᠡᠩ ᠪᠠᠶᠢᠩᠭᠤᠵᠢᠭᠤᠯᠤᠨ᠂ ᠦᠢᠯᠡᠴᠢᠯᠡᠭᠡ ᠶᠢ ᠨᠡᠩ ᠨᠠᠷᠢᠯᠢᠭ ᠤᠨᠤᠴᠠᠳᠠᠢ ᠪᠣᠯᠭᠠᠬᠤ ᠶᠢ ᠠᠬᠢᠭᠤᠯᠪᠠ᠃ | | | | ᠨᠡᠶᠢᠭᠡᠮ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠬᠦᠯᠤᠨ ᠡᠮᠬᠢᠯᠡᠨ ᠨᠡᠶᠢᠯᠡᠭᠦᠯᠪᠠ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ | ᠵᠢᠯᠣᠭᠤᠳᠤᠨ ᠲᠣᠬᠢᠷᠠᠭᠤᠯᠬᠤ ᠂ ᠪᠣᠯᠪᠠᠰᠤᠷᠠᠭᠤᠯᠤᠨ ᠵᠢᠯᠤᠭᠤᠳᠬᠤ ᠂ ᠮᠡᠳᠡᠭᠡ ᠵᠠᠩᠭᠢ ᠶᠢ ᠤᠬᠠᠭᠤᠯᠬᠤ ᠵᠡᠷᠭᠡ ᠡᠭᠦᠷᠭᠡ ᠴᠢᠳᠠᠪᠬᠢ ᠶᠢ ᠭᠦᠢᠴᠡᠳ ᠪᠠᠳᠠᠷᠠᠭᠤᠯᠵᠤ ᠂ | ︽ᠪᠣᠳᠠᠲᠤ ᠳᠠᠶᠢᠯᠠᠯᠳᠤᠭᠠᠨ︾ ᠢᠶᠠᠷ ᠳᠠᠮᠵᠢᠨ ᠬᠥᠨᠳᠡᠯᠡᠨ᠂ ᠭᠤᠯᠳᠤ ᠪᠠᠷ ᠨᠡᠪᠲᠡᠷᠡᠯᠴᠡᠨ ᠵᠣᠯᠭᠠᠭᠤᠯᠬᠤ ᠲᠣᠭᠲᠠᠴᠠ ᠶᠢ ᠴᠢᠨᠠᠭᠰᠢᠳᠠ ᠰᠢᠯᠤᠭᠤᠳᠬᠠᠵᠤ ᠂ ᠰᠠᠶᠢᠨ | ᠳᠤᠷ᠎ᠠ ᠶᠢᠨ ᠦᠢᠯᠡᠴᠢᠯᠡᠭᠡᠨ ᠤ︽ᠬᠠᠩᠭᠠᠯᠭ᠎ᠠ ᠬᠡᠷᠡᠭᠴᠡᠭᠡ︾ ᠶᠢᠨ ᠡᠬᠢ ᠪᠠᠶᠠᠯᠢᠭ ᠢ ᠪᠦᠲᠦᠮᠵᠢᠲᠡᠢ ᠨᠡᠶᠢᠳᠬᠡᠬᠦ ᠶᠢ ᠠᠬᠢᠭᠤᠯᠵᠤ ᠂ ᠨᠠᠮ ᠤᠨ ᠬᠤᠷᠢᠶ᠎ᠠ ᠵᠠᠰᠠᠭ ᠤᠨ | ᠣᠷᠳᠣᠨ ᠢᠶᠠᠷ ᠭᠤᠣᠯᠯᠠᠭᠤᠯᠤᠬᠰᠠᠨ ᠂ ᠪᠣᠯᠪᠠᠰᠤᠨ ᠤ ᠦᠢᠯᠡᠳᠦᠯᠭᠡ ᠪᠠᠷ ᠲᠠᠪᠴᠠᠩ ᠪᠣᠯᠭᠠᠬᠰᠠᠨ ᠂ ᠡᠯ᠎ᠡ ᠲᠠᠯ᠎ᠠ ᠶᠢᠨ ᠬᠢᠨ ᠣᠷᠣᠯᠴᠠᠭᠰᠠᠨ ᠵᠣᠬᠢᠴᠠᠭᠤᠯᠵᠤ ᠬᠠᠮᠲᠤᠷᠠᠨ | ᠬᠥᠳᠡᠯᠦᠯᠴᠡᠬᠦ ᠲᠣᠭᠲᠠᠴᠠ ᠶᠢ ᠴᠢᠨᠠᠭᠰᠢᠳᠠ ᠢᠯᠡᠳᠳᠡ ᠪᠤᠯᠭᠠᠪᠠ᠃ | ᠰᠠᠶᠢᠨ ᠳᠤᠷ᠎ᠠ ᠶᠢᠨ ᠦᠢᠯᠡᠴᠢᠯᠡᠭᠡᠨ ᠤ ᠬᠢᠷᠢ ᠳᠦᠪᠰᠢᠨ ᠢ ᠳᠡᠭᠡᠭᠰᠢᠯᠡᠬᠦᠯᠪᠡ ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠰᠢᠭᠤᠳ | ᠬᠠᠷᠢᠶ᠎ᠠ 18 ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠪᠣᠯᠣᠨ ᠨᠡᠶᠢᠭᠡᠮ ᠦᠨᠡᠯ᠎ᠡ ᠵᠣᠬᠢᠶᠠᠨ ᠪᠠᠶᠢᠭᠤᠯᠤᠯᠲᠠ ᠶᠢᠨ ᠬᠠᠩᠭᠠᠭᠰᠠᠨ ᠤᠨᠤᠯ ᠤᠨ ᠤᠬᠠᠭᠤᠯᠤᠨ | ᠲᠠᠶᠢᠯᠪᠤᠷᠢᠯᠠᠯᠳᠠ ᠂ ᠠᠮᠢᠳᠤᠷᠠᠯ ᠤᠨ ᠦᠢᠯᠡᠴᠢᠯᠡᠭᠡ᠂ ᠲᠦᠷᠦ ᠶᠢᠨ ᠪᠣᠳᠣᠯᠭ᠎ᠠ ᠶᠢᠨ ᠠᠰᠠᠭᠤᠨ ᠯᠠᠪᠯᠠᠯᠭ᠎ᠠ᠂ ᠡᠮ ᠡᠮᠨᠡᠯᠭᠡ ᠪᠠᠷ ᠠᠷᠠᠳ ᠲᠤ ᠲᠦᠬᠦᠮ ᠦᠵᠡᠭᠦᠯᠬᠦ ᠂ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠵᠡᠷᠭᠡ ᠦᠢᠯᠡᠴᠢᠯᠡᠭᠡ ᠨᠢ ᠦᠢᠯᠡᠳᠦᠯᠭᠡ ᠶᠢᠨ ᠠᠭᠤᠯᠭ᠎ᠠ ᠶᠢ ᠪᠠᠶᠠᠯᠢᠭᠵᠢᠭᠤᠯᠤᠨ ᠥᠷᠭᠡᠳᠬᠡᠭᠰᠡᠨ ᠢᠶᠠᠷ ᠦᠯᠤ ᠪᠠᠷᠠᠨ | ᠪᠠᠰᠠ ᠰᠠᠶᠢᠨ ᠳᠤᠷ᠎ᠠ ᠶᠢᠨ ᠦᠢᠯᠡᠴᠢᠯᠡᠭᠡᠨ ᠤ ᠲᠤᠰᠬᠠᠶᠢᠵᠢᠬᠰᠠᠨ ᠲᠦᠪᠰᠢᠨ ᠢ ᠳᠡᠭᠡᠭᠰᠢᠯᠡᠭᠦᠯᠪᠡ᠃ | ᠤᠯᠠᠨ ᠲᠦᠮᠡᠨ ᠤ ᠵᠣᠬᠢᠶᠠᠨ ᠪᠠᠶᠢᠭᠤᠯᠤᠯᠲᠠ ᠶᠢᠨ ᠬᠦᠴᠢᠷ ᠠᠰᠠᠭᠤᠳᠠᠯ ᠢ ᠰᠢᠢᠳᠪᠤᠷᠢᠯᠡᠪᠡ ᠃ ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠴᠤᠭᠯᠠᠭ᠎ᠠ | ᠮᠠᠶᠢᠮᠠᠢ ᠳᠤ ᠣᠷᠣᠯᠴᠠᠬᠤ︾ ᠨᠢ ᠴᠢᠬᠤᠯᠠ ᠶᠡᠭᠡ ᠠᠵᠢᠯᠯᠠᠭ᠎ᠠ᠂ ᠴᠢᠬᠤᠯᠠ ᠪᠠᠶᠠᠷ ᠤᠨ ᠡᠳᠦᠷ ᠪᠣᠯᠣᠨ ᠬᠥᠳᠡᠭᠡ ᠲᠣᠰᠬᠤᠨ ᠤ ᠴᠤᠭᠯᠠᠭ᠎ᠠ ᠮᠠᠶᠢᠮᠠᠢ ᠶᠢᠨ ᠴᠠᠭ ᠂ ᠭᠠᠵᠠᠷ | ᠣᠷᠣᠨ ᠲᠠᠢ ᠨᠢᠭᠡᠳᠦᠯᠲᠡᠢ ᠪᠠᠶᠢᠵᠤ ᠂ ᠤᠯᠠᠨ ᠲᠦᠮᠡᠨ ᠴᠤᠭᠯᠠᠭᠠᠮᠠᠶᠢᠮᠠᠢ ᠳᠤ ᠣᠷᠣᠯᠴᠠᠬᠤ ᠴᠢᠯᠦᠭᠡ ᠵᠠᠪ ᠢᠶᠠᠷ ᠢᠶᠠᠨ ᠠᠵᠢᠯᠯᠠᠭ᠎ᠠ ᠳᠤ ᠣᠷᠣᠯᠴᠠᠵᠤ ᠂ ᠤᠨᠤᠯ | ᠲᠦᠷᠦ ᠶᠢᠨ ᠪᠣᠳᠣᠯᠭ᠎ᠠ ᠶᠢ ᠣᠶᠢᠯᠠᠭᠠᠨ ᠂ ᠳᠣᠲᠣᠨᠣ ᠦᠢᠯᠡᠴᠢᠯᠡᠭᠡ ᠶᠢ ᠬᠦᠷᠲᠡᠵᠦ ᠂ ᠦᠨᠳᠦᠰᠦᠨ ᠱᠠᠲᠤ ᠢᠯᠠᠩᠭᠤᠶ᠎ᠠ ᠬᠥᠳᠡᠭᠡ ᠲᠣᠰᠬᠤᠨ ᠤ ᠬᠥᠮᠥᠰ ᠤᠨ | ᠴᠤᠭᠯᠠᠷᠠᠬᠤ ᠳᠤ ᠬᠦᠴᠢᠷ ᠠᠰᠠᠭᠤᠳᠠᠯ ᠢ ᠰᠢᠢᠳᠪᠦᠷᠢᠯᠡᠪᠡ᠃ | | ᠵᠡᠭᠦᠨᠭᠠᠷ ᠬᠤᠰᠢᠭᠤᠨ ᠤ ︽ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠴᠤᠭᠯᠠᠭ᠎ᠠ ᠮᠠᠶᠢᠮᠠᠢ ᠳᠤ ᠤᠷᠤᠯᠴᠠᠬᠤ︾ ᠦᠢᠯᠡᠳᠦᠯᠭᠡ ᠶᠢᠨ ᠲᠦᠷᠦᠯ ᠵᠦᠢᠯ ᠨᠢ | ᠡᠬᠢ ᠪᠠᠶᠠᠯᠢᠭ ᠢ ᠨᠡᠶᠢᠳᠬᠡᠬᠦ ᠂ ᠬᠠᠩᠭᠠᠯᠭ᠎ᠠ ᠬᠡᠷᠡᠭᠴᠡᠭᠡ ᠶᠢ ᠤᠨᠢᠨ ᠳᠡᠭᠡᠷ᠎ᠡ ᠨᠢ ᠵᠣᠯᠭᠠᠭᠤᠯᠬᠤ ᠪᠠ ᠤᠯᠠᠨ ᠶᠠᠩᠵᠤ ᠬᠡᠯᠪᠡᠷᠢ ᠲᠠᠢ ᠪᠣᠯᠪᠠᠰᠤᠨ ᠤ ᠦᠢᠯᠡᠳᠦᠯᠭᠡ ᠶᠢᠨ | ᠠᠵᠢᠯᠯᠠᠭ᠎ᠠ ᠪᠠᠷ ᠳᠠᠮᠵᠢᠭᠤᠯᠵᠤ ᠂ ᠰᠠᠭᠤᠭᠠᠯᠢ ᠠᠷᠠᠳ ᠲᠤ ︽ ᠴᠤᠭᠯᠠᠭ᠎ᠠ ᠮᠠᠶᠢᠮᠠᠢ ᠳᠤ ᠣᠷᠣᠯᠴᠠᠬᠤ ︾ ᠰᠤᠯᠠ ᠰᠡᠯᠡᠭᠦᠦ ᠴᠠᠭ ᠲᠤ ᠣᠨᠣᠯ ᠲᠥᠷᠥ ᠶᠢᠨ ᠪᠣᠳᠣᠯᠭ᠎ᠠ ᠂ | ᠪᠣᠯᠪᠠᠰᠤᠨ ᠰᠢᠨ᠎ᠡ ᠰᠤᠷᠲᠠᠯ ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠵᠡᠷᠭᠡ ᠦᠢᠯᠡᠴᠢᠯᠡᠭᠡᠨ ᠤ ᠠᠭᠤᠯᠭ᠎ᠠ ᠶᠢ ᠡᠳ᠋ᠯᠡᠭᠦᠯᠵᠦ ᠴᠢᠳᠠᠭᠰᠠᠨ ᠨᠢ ᠦᠨᠳᠦᠰᠦᠨ | ᠱᠠᠲᠤᠨ ᠤ ᠠᠵᠢᠯᠯᠠᠭ᠎ᠠ ᠶᠢ ᠥᠷᠨᠢᠭᠦᠯᠬᠦ ᠬᠦᠴᠢᠷ ᠠᠰᠠᠭᠤᠳᠠᠯ ᠢ ᠰᠢᠢᠳᠪᠦᠷᠢᠯᠡᠭᠰᠡᠨ ᠢᠶᠠᠷ ᠦᠯᠤ ᠪᠠᠷᠠᠨ ᠪᠠᠰᠠ ᠡᠬᠢ ᠪᠠᠶᠠᠯᠢᠭ ᠢ ᠦᠨᠳᠤᠰᠤᠨ ᠱᠠᠳᠤᠨ ᠳᠤ | ᠪᠠᠭᠤᠯᠭᠠᠬᠤ ᠶᠢ ᠠᠬᠢᠭᠤᠯᠵᠤ ᠂ ᠬᠤᠲᠠ ᠬᠥᠳᠡᠭᠡ ᠶᠢ ᠬᠤᠯᠪᠤᠭᠠᠯᠠᠨ ᠪᠠᠶᠢᠭᠤᠯᠬᠤ ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢᠨ ᠠᠰᠢᠭᠲᠠᠢ ᠰᠦᠪᠡᠭᠴᠢᠯᠡᠯᠲᠡ | ᠪᠣᠯᠵᠤ ᠂ ᠣᠯᠠᠨ ᠲᠦᠮᠡᠨ ᠤ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠨ ᠂ ᠠᠷᠠᠳ ᠣᠯᠠᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠳᠤ | ᠢᠳᠡᠪᠬᠢᠲᠡᠢ ᠠᠬᠢᠭᠤᠯᠬᠤ ᠦᠢᠯᠡᠳᠦᠯ ᠲᠠᠢ ᠪᠠᠶᠢᠨ᠎ᠠ ᠃ | |