| ᠥᠪᠥᠷ ᠮᠣᠩᠭᠤᠯ ᠤᠨ ᠨᠢᠭᠡᠳᠦᠭᠡᠷ ᠠᠵᠤ ᠦᠢᠯᠡᠰ ᠤᠨ ︽ ᠬᠠᠭᠠᠰ ᠵᠢᠯ ᠤᠨ ᠮᠡᠳᠡᠭᠦᠯᠦᠯᠲᠡ ︾ ᠲᠣᠭᠲᠠᠭᠤᠨ ᠪᠠᠲᠤᠲᠠᠢ ᠬᠠᠷᠢᠭᠤᠯᠲᠠ ᠶᠢᠨ ᠬᠠᠭᠤᠳᠠᠰᠤ | ᠲᠤᠰᠢᠶᠠᠪᠠ ᠃ | ᠳᠡᠭᠡᠷ᠎ᠡ ᠬᠠᠭᠠᠰ ᠵᠢᠯ ᠳᠤ ᠂ ᠥᠪᠥᠷ ᠮᠣᠩᠭᠤᠯ ᠤᠨ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 387 ᠳ᠋ᠦᠩᠰᠢᠭᠤᠷ ᠲᠥᠭᠦᠷᠢᠭ ᠲᠤ ᠬᠦᠷᠴᠦ ᠂ | ᠠᠳᠠᠯᠢ ᠬᠤᠭᠤᠴᠠᠭᠠᠨ ᠤ ᠬᠢ ᠠᠴᠠ 5.1% ᠪᠠᠷ ᠨᠡᠮᠡᠭᠳᠡᠵᠦ ᠂ ᠪᠦᠭᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠠᠷᠢᠴᠠᠯ ᠢᠶᠠᠷ 1.6 | ᠬᠤᠪᠢ ᠥᠨᠳᠥᠷ ᠪᠣᠯᠵᠤ ᠂ GDP ᠳᠤ ᠡᠵᠡᠯᠡᠬᠦ ᠬᠤᠪᠢ ᠶᠢᠨ ᠵᠢᠩ ᠨᠢ 3.3% ᠳᠤ ᠬᠦᠷᠴᠦ ᠂ ᠠᠵᠤ ᠠᠬᠤᠢ ᠶᠢᠨ ᠨᠡᠮᠡᠭᠳᠡᠯ ᠢ ᠵᠠᠭᠤᠨ ᠤ ᠬᠠᠷᠢᠴᠠᠯ ᠢᠶᠠᠷ 0.2 | ᠬᠤᠪᠢ ᠳᠠᠶᠢᠴᠢᠯᠠᠵᠤ ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 3.7% ᠳᠤ ᠭᠦᠷᠪᠡ ᠃ | ︽ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ ︾ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠠᠬᠢ | ᠦᠷᠭᠦᠯᠵᠢᠯᠡᠨ ᠴᠢᠩᠭᠠᠷᠠᠭᠰᠠᠨ ᠲᠣᠭᠲᠠᠯ ᠬᠦᠴᠦᠨ ᠂ ᠬᠥᠳᠡᠯᠭᠡᠬᠦ ᠬᠦᠴᠦᠨ ᠂ ᠠᠮᠢᠵᠢᠷᠠᠯ ᠤᠨ ᠬᠦᠴᠦᠨ ᠢ ᠲᠤᠭ᠎ᠠ ᠪᠠᠷᠢᠮᠲᠠ ᠭᠦᠢᠴᠡᠳ ᠢᠯᠡᠷᠡᠭᠦᠯᠪᠡ ᠃ | ᠠᠳᠠᠯᠢ ᠬᠤᠭᠤᠴᠠᠭᠠᠨ ᠤ ᠬᠢ ᠠᠴᠠ 5.1% ᠪᠠᠷ ᠨᠡᠮᠡᠭᠳᠡᠭᠰᠡᠨ ᠨᠢ ᠶᠠᠭᠤ ᠶᠢ ᠬᠠᠷᠠᠭᠤᠯᠵᠤ ᠪᠠᠶᠢᠬᠤ ᠪᠤᠶ ︖ | ᠡᠨᠡ ᠬᠦ 5.1% ᠶᠢᠨ ᠨᠡᠮᠡᠭᠳᠡᠯ ᠨᠢ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠢ ᠬᠠᠷᠠᠭᠤᠯᠵᠤ ᠪᠠᠶᠢᠨ᠎ᠠ ᠃ | ᠣᠷᠣᠨ ᠳᠠᠶᠠᠭᠠᠷ ᠢᠶᠠᠨ ᠲᠠᠷᠢᠮᠠᠯ ᠤᠨ ᠲᠠᠯᠠᠪᠠᠶ ᠪᠠᠨ ᠲᠣᠭᠲᠠᠪᠤᠷᠢᠵᠢᠭᠤᠯᠬᠤ ᠂ ᠮᠦ ᠨᠢᠭᠡᠴᠢ ᠶᠢᠨ ᠤᠨᠠᠯᠲᠠ ᠶᠢ ᠨᠡᠮᠡᠭᠳᠡᠭᠦᠯᠬᠦ ᠂ ᠦᠢᠯᠡᠴᠢᠯᠡᠭᠡ ᠪᠠᠨ ᠰᠢᠯᠢᠳᠡᠭᠵᠢᠭᠦᠯᠬᠦ ᠂ | ᠲᠥᠷᠥ ᠶᠢᠨ ᠪᠣᠳᠣᠯᠭ᠎ᠠ ᠪᠠᠨ ᠴᠢᠩᠭᠠᠳᠬᠠᠬᠤ ᠵᠡᠷᠭᠡ ᠲᠠᠯ᠎ᠠ ᠪᠠᠷ ᠬᠦᠴᠦᠯᠡᠵᠦ ᠂ ᠠᠮᠤ ᠪᠤᠳᠠᠭᠠᠨ ᠤ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠂ | ︽ ᠰᠠᠶᠢᠨ ᠦᠷ᠎ᠡ ᠂ ᠰᠠᠶᠢᠨ ᠮᠡᠷᠭᠡᠵᠢᠯ ᠂ ᠰᠠᠶᠢᠨ ᠲᠠᠷᠢᠶ᠎ᠠ ᠂ ᠰᠠᠶᠢᠨ ᠮᠠᠰᠢᠨ ᠂ ᠰᠠᠶᠢᠨ ᠳᠦᠷᠢᠮ ︾ ᠢ ᠭᠦᠨᠵᠡᠭᠡᠢ ᠠᠭᠤᠰᠤᠯᠴᠠᠭᠤᠯᠤᠨ ᠬᠦᠴᠦᠯᠡᠵᠦ ᠂ ᠲᠠᠷᠢᠶᠠᠯᠠᠩ ᠤᠨ | ᠦᠢᠯᠡᠳᠪᠦᠷᠢᠯᠡᠯ ᠤᠨ ᠬᠤᠪᠢᠰᠤᠯᠲᠠ ᠳᠤ ᠬᠠᠳᠠᠭᠠᠯᠠᠭᠳᠠᠵᠤ ᠪᠠᠶᠢᠭ᠎ᠠ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠡᠪᠡ ᠃ | ᠡᠨᠡ ᠬᠦ 5.1% ᠶᠢᠨ ᠨᠡᠮᠡᠭᠳᠡᠯ ᠨᠢ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠲᠣᠭᠲᠠᠭᠤᠨ ᠤ ᠳᠤᠮᠳᠠ ᠰᠠᠶᠢᠵᠢᠷᠠᠬᠤ ᠬᠠᠨᠳᠤᠰᠢ ᠲᠠᠢ ᠪᠣᠯᠤᠭᠰᠠᠨ ᠢ | ᠬᠠᠷᠠᠭᠤᠯᠵᠤ ᠪᠠᠶᠢᠨ᠎ᠠ ᠃ ᠡᠨᠡ ᠵᠢᠯ ᠠᠴᠠ ᠨᠠᠭᠠᠰᠢ ᠂ ᠥᠪᠥᠷ ᠮᠣᠩᠭᠤᠯ ᠡᠪᠡᠰᠦ ᠪᠣᠷᠳᠤᠭ᠎ᠠ ᠶᠢ ᠲᠣᠬᠢᠷᠠᠭᠤᠯᠤᠨ ᠲᠡᠭᠡᠭᠡᠪᠦᠷᠢᠯᠡᠬᠦ ᠠᠵᠢᠯ ᠢ ᠪᠦᠭᠦ ᠬᠦᠴᠦᠨ ᠢᠶᠠᠷ ᠢᠶᠠᠨ | ᠰᠠᠶᠢᠲᠤᠷ ᠬᠢᠵᠦ ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠨ ᠂ ᠰᠠᠭᠤᠷᠢ ᠡᠬᠡ ᠮᠠᠯ ᠪᠠ ᠦᠷ᠎ᠡ ᠶᠢᠨ ᠮᠠᠯ ᠢ ᠰᠠᠶᠢᠲᠤᠷ | ᠬᠠᠮᠠᠭᠠᠯᠠᠪᠠ ᠃ ᠪᠦᠭᠦ ᠣᠷᠣᠨ ᠳᠤ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠪᠡᠯᠴᠢᠭᠡᠷᠯᠡᠭᠦᠯᠬᠦ ᠠᠰᠠᠭᠤᠳᠠᠯ ᠢ ᠰᠢᠢᠳᠪᠦᠷᠢᠯᠡᠬᠦ 17 ᠲᠤᠷᠰᠢᠯᠲᠠ ᠶᠢᠨ ᠴᠡᠭ ᠤᠨ | ᠠᠵᠢᠯ ᠢ ᠡᠬᠢᠯᠡᠭᠦᠯᠵᠦ ᠂ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠲᠤᠷᠰᠢᠯᠲᠠ ᠶᠢᠨ ᠴᠡᠭ ᠤᠨ ᠶᠡᠷᠦᠩᠬᠡᠢ | ᠲᠤᠭ᠎ᠠ ᠶᠢ 5 ᠪᠤᠯᠭᠠᠵᠤ ᠂ ᠲᠥᠬᠦᠭᠡᠷᠦᠮᠵᠢᠲᠦ ᠮᠠᠯ ᠠᠵᠤ ᠠᠬᠤᠢ ᠂ ᠬᠠᠰᠢᠶᠠᠯᠠᠨ ᠲᠡᠵᠢᠭᠡᠵᠦ ᠠᠷᠠᠴᠢᠯᠠᠬᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ | ᠳᠡᠭᠡᠭᠰᠢᠯᠡᠭᠦᠯᠪᠡ ᠃ | ᠡᠨᠡ ᠬᠦ 5.1% ᠶᠢᠨ ᠨᠡᠮᠡᠭᠳᠡᠯ ᠨᠢ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠡᠷᠡᠰ ᠵᠣᠷᠢᠭ ᠢ ᠬᠠᠷᠠᠭᠤᠯᠵᠤ ᠪᠠᠶᠢᠨ᠎ᠠ ᠃ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠪᠤᠯᠪᠠᠰᠤᠷᠠᠭᠤᠯᠬᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠵᠦ ᠂ 167 ᠠᠵᠤ ᠦᠢᠯᠡᠰ ᠤᠨ | ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ 7 ᠵᠦᠢᠯ ᠤᠨ ᠭᠤᠣᠯᠳᠠᠯᠭ᠎ᠠ ᠲᠠᠢ ᠠᠵᠤ ᠦᠢᠯᠡᠰ ᠤᠨ | ᠬᠡᠯᠬᠢᠶ᠎ᠡ ᠶᠢᠨ ᠲᠠᠰᠤᠷᠬᠠᠢ ᠴᠡᠭ ᠪᠠ ᠲᠦᠭᠵᠢᠷᠡᠯ ᠠᠰᠠᠭᠤᠳᠠᠯ ᠢ ᠲᠦᠷᠭᠡᠳᠬᠡᠨ ᠨᠥᠬᠦᠪᠦᠷᠢᠯᠡᠪᠡ ᠃ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠡᠵᠡᠩᠨᠡᠨ ᠪᠣᠷᠣᠯᠠᠭᠤᠯᠬᠤ ᠲᠥᠪ ᠢ 11 ᠪᠦᠲᠦᠭᠡᠨ ᠪᠠᠶᠢᠭᠤᠯᠬᠤ ᠶᠢ ᠠᠬᠢᠭᠤᠯᠵᠤ ᠂ 18 ᠲᠥᠪᠯᠡᠷᠡᠩᠭᠦᠢ ᠬᠥᠮᠥᠷᠭᠡ ᠂ ᠪᠡᠯᠡᠳᠬᠡᠯ | ᠬᠥᠮᠥᠷᠭᠡ ᠶᠢ ᠪᠠᠶᠢᠷᠢᠯᠠᠭᠤᠯᠤᠨ ᠡᠵᠡᠩᠨᠡᠵᠦ ᠂ ︽ ᠥᠪᠥᠷ ᠮᠣᠩᠭᠤᠯ ᠤᠨ ᠦᠨᠦᠷ ᠠᠮᠲᠠ ︾ ᠶᠢ ᠪᠦᠭᠦ ᠤᠯᠤᠰ ᠲᠤ ᠬᠠᠩᠬᠤᠯᠤᠭᠤᠯᠤᠭᠰᠠᠨ ᠪᠠᠶᠢᠨ᠎ᠠ ᠃ | ᠠᠵᠤ ᠠᠬᠤᠢ ᠶᠢᠨ ᠬᠥᠭᠵᠢᠯᠲᠡ ᠶᠢ ᠠᠵᠢᠭᠯᠠᠬᠤ ᠳᠤ ︽ ᠲᠤᠭ᠎ᠠ ︾ ᠶᠢ ᠦᠵᠡᠬᠦ ᠪᠥᠭᠡᠳ ᠪᠠᠰᠠ ︽ ᠢᠷᠡᠭᠡᠳᠦᠢ ︾ ᠶᠢ ᠦᠵᠡᠬᠦ ᠬᠡᠷᠡᠭᠲᠡᠢ ᠃ ᠠᠮᠢᠵᠢᠷᠠᠯ ᠤᠨ | ᠬᠦᠴᠦᠨ ᠢ ᠬᠥᠭᠵᠢᠭᠡᠬᠦ ᠭᠦᠢᠴᠡᠳᠬᠡᠯ ᠲᠤᠭ᠎ᠠ ᠂ ᠬᠥᠬᠡᠷᠡᠨ ᠨᠣᠭᠤᠭᠠᠷᠠᠭᠰᠠᠨ ᠲᠠᠷᠢᠶᠠᠨ ᠭᠠᠵᠠᠷ ᠂ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠮᠠᠯᠵᠢᠯ ᠤᠨ | ᠲᠠᠯᠠᠪᠠᠢ ᠨᠢ ᠥᠪᠥᠷ ᠮᠣᠩᠭᠤᠯ ᠤᠨ ᠮᠠᠯ ᠠᠵᠤ ᠠᠬᠤᠢ ᠲᠠᠷᠢᠶᠠᠯᠠᠩ ᠤᠨ ᠲᠣᠭᠲᠠᠭᠤᠨ ᠤ ᠳᠤᠮᠳᠠ ᠰᠠᠶᠢᠵᠢᠷᠠᠬᠤ ᠠᠮᠢᠳᠤᠯᠢᠭ ᠵᠢᠷᠤᠭ ᠳᠦᠷᠰᠦ ᠶᠢ ᠪᠦᠷᠢᠯᠳᠦᠭᠦᠯᠵᠡᠢ ᠃ | ᠵᠤᠨ ᠤ ᠤᠯᠠᠷᠢᠯ ᠤᠨ ᠬᠠᠮᠢᠶᠠᠷᠤᠯᠲᠠ ᠶᠢᠨ ᠠᠵᠢᠯ ᠢᠳᠡ ᠭᠦᠭ ᠲᠠᠢ ᠶᠠᠪᠤᠭᠳᠠᠵᠤ ᠂ ᠲᠦᠩᠯᠢᠶᠣᠣ ᠬᠤᠳᠠ ᠶᠢᠨ ᠨᠠᠢᠮᠠᠨ ᠬᠤᠰᠢᠭᠤᠨ ᠤ ᠮᠢᠩ ᠷᠧᠨ ᠰᠤᠮᠤ ᠶᠢᠨ | ᠲᠠᠷᠢᠶᠠᠨ ᠭᠠᠵᠠᠷ ᠲᠤ ᠲᠣᠮᠣ ᠭᠡᠯᠪᠡᠷᠢ ᠶᠢᠨ ᠲᠠᠷᠢᠶᠠᠯᠠᠩ ᠤᠨ ᠮᠠᠰᠢᠨ ᠲᠠᠷᠢᠶᠠᠨ ᠳᠤᠮᠳᠠᠭᠤᠷ ᠨᠠᠭᠠᠰᠢ ᠴᠠᠭᠠᠰᠢ ᠰᠦᠯᠵᠢᠯᠳᠦᠨ ᠡᠪᠡᠰᠦ ᠠᠷᠢᠯᠭᠠᠵᠤ ᠶᠠᠭᠠᠷᠠᠨ᠎ᠠ ᠃ | ᠣᠳᠣᠬᠠᠨ ᠳᠤ ᠂ ᠨᠠᠢᠮᠠᠨ ᠬᠤᠰᠢᠭᠤᠨ ᠤ ᠲᠠᠷᠢᠶᠠᠯᠠᠩ ᠤᠨ ᠮᠠᠰᠢᠨ ᠤ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠣᠷᠮ᠎ᠠ 90.7% ᠳᠤ ᠬᠦᠷᠴᠦ ᠂ ᠲᠠᠷᠢᠶᠠᠯᠠᠩ ᠤᠨ | ᠮᠠᠰᠢᠨ ᠤ ᠲᠤᠰᠬᠠᠢ ᠬᠤᠷᠰᠢᠶ᠎ᠠ 110 ᠳᠤ ᠬᠦᠷᠴᠦ ᠂ ᠲᠠᠷᠢᠶᠠᠯᠠᠩ ᠤᠨ ᠦᠢᠯᠡᠳᠪᠦᠷᠢᠯᠡᠯ ᠤᠨ ︽ ᠠᠰᠠᠷᠠᠭᠴᠢ ᠮᠠᠶ᠋ᠢᠭ ︾ ᠤᠨ ᠪᠦᠭᠦ ᠶᠠᠪᠤᠴᠠ ᠶᠢᠨ ᠨᠠᠶᠢᠳᠠᠨ | ᠬᠠᠮᠢᠶᠠᠷᠤᠭᠤᠯᠬᠤ ᠂ ︽ ᠲᠣᠪᠶᠤᠭ ᠮᠠᠶ᠋ᠢᠭ ︾ ᠤᠨ ᠣᠯᠠᠨ ᠭᠤᠭᠴᠤᠭ᠎ᠠ ᠶᠢᠨ ᠨᠠᠶᠢᠳᠠᠨ ᠬᠠᠮᠢᠶᠠᠷᠤᠭᠤᠯᠬᠤ ᠪᠠ ︽ ᠵᠠᠬᠢᠶᠠᠯᠠᠭ᠎ᠠ ᠶᠢᠨ ᠮᠠᠶ᠋ᠢᠭ ︾ ᠤᠨ ᠳ᠋ᠠᠩ | ᠭᠤᠭᠴᠤᠭ᠎ᠠ ᠶᠢᠨ ᠨᠠᠶᠢᠳᠠᠨ ᠬᠠᠮᠢᠶᠠᠷᠤᠭᠤᠯᠬᠤ ᠵᠡᠷᠭᠡ ᠣᠯᠠᠨ ᠡᠰᠢᠵᠢᠭᠰᠡᠨ ᠦᠢᠯᠡᠴᠢᠯᠡᠭᠡ ᠨᠢ ᠲᠠᠷᠢᠶᠠᠯᠠᠩ ᠤᠨ ᠦᠢᠯᠡᠳᠪᠦᠷᠢᠯᠡᠯ ᠤᠨ ᠭᠡᠪᠴᠢᠶᠡᠵᠢᠯᠲᠡ ᠪᠠ | ᠣᠳᠣᠬᠢᠴᠢᠯᠠᠯᠲᠠ ᠶᠢ ᠲᠠᠰᠤᠷᠠᠯᠲᠠ ᠦᠭᠡᠢ ᠠᠬᠢᠭᠤᠯᠵᠤ ᠪᠠᠶᠢᠨ᠎ᠠ ᠃ | ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠬᠤᠩ ᠾᠧ ᠮᠠᠯ ᠠᠵᠤ ᠠᠬᠤᠢ ᠲᠠᠷᠢᠶᠠᠯᠠᠩ ᠤᠨ ᠲᠤᠰᠬᠠᠢ ᠬᠤᠷᠰᠢᠶ᠎ᠡ ᠳᠤ ᠂ ᠦᠬᠡᠷ ᠲᠡᠵᠢᠭᠡᠬᠦ | ᠣᠳᠣᠬᠢᠴᠢᠯᠠᠭᠰᠠᠨ ᠫᠧᠩ ᠰᠠᠷᠠᠪᠴᠢ ᠨᠤᠭᠤᠳ ᠲᠡᠷᠢ ᠲᠡᠭᠰᠢ ᠵᠢᠭᠰᠠᠵᠤ ᠂ ᠪᠣᠷᠳᠤᠭ᠎ᠠ ᠢᠳᠡᠵᠦ ᠪᠠᠶᠢᠭ᠎ᠠ ᠰᠢᠮᠧᠨ᠋ᠳᠡᠷ ᠮᠢᠬᠠᠨ ᠤ ᠦᠬᠡᠷ ᠲᠠᠷᠭᠤ ᠬᠦᠴᠦ ᠰᠠᠶᠢᠲᠠᠢ | ᠬᠠᠷᠠᠭᠳᠠᠨ ᠂ ᠲᠡᠵᠢᠭᠡᠨ ᠦᠷᠡᠵᠢᠭᠦᠯᠬᠦ ᠠᠵᠢᠯᠲᠠᠳ ᠤᠨ ᠨᠢᠮᠪᠠᠢ ᠲᠣᠬᠢᠷᠠᠭᠤᠯᠤᠭᠰᠠᠨ ︽ ᠲᠡᠵᠢᠭᠡᠯ ᠰᠠᠶᠢᠲᠠᠢ ᠪᠣᠷᠳᠤᠭ᠎ᠠ ︾ ᠨᠢ ᠮᠢᠬᠠᠨ ᠤ ᠦᠬᠡᠷ ᠤᠨ ᠰᠢᠮ᠎ᠡ | ᠲᠡᠵᠢᠭᠡᠯ ᠤᠨ ᠬᠡᠷᠡᠭᠴᠡᠭᠡ ᠶᠢ ᠬᠠᠩᠭᠠᠬᠤ ᠪᠠᠷ ᠪᠠᠷᠠᠬᠤ ᠦᠭᠡᠢ ᠪᠠᠰᠠ ᠥᠰᠦᠯᠲᠡ ᠶᠢᠨ ᠬᠤᠷᠳᠤᠴᠠ ᠶᠢ ᠨᠢ ᠳᠡᠭᠡᠭᠰᠢᠯᠡᠭᠦᠯᠵᠦ ᠴᠢᠳᠠᠨ᠎ᠠ ᠃ ᠮᠢᠬᠠᠨ ᠤ ᠦᠬᠡᠷ ᠲᠡᠵᠢᠭᠡᠨ | ᠦᠷᠡᠵᠢᠭᠦᠯᠬᠦ ᠳᠤ ᠬᠠᠰᠢᠶᠠᠯᠠᠨ ᠲᠡᠵᠢᠭᠡᠬᠦ ᠶᠢ ᠬᠡᠷᠡᠭᠵᠢᠭᠦᠯᠦᠭᠰᠡᠨ ᠤ ᠳᠠᠷᠠᠭ᠎ᠠ ᠂ ᠨᠤᠲᠤᠭ ᠪᠡᠯᠴᠢᠭᠡᠷ ᠢ ᠬᠠᠮᠠᠭᠠᠯᠠᠵᠤ ᠂ ᠠᠮᠢ ᠠᠬᠤᠢ ᠣᠷᠴᠢᠨ ᠲᠣᠭᠤᠷᠢᠨ ᠢ | ᠰᠠᠶᠢᠵᠢᠷᠠᠭᠤᠯᠬᠤ ᠳᠤ ᠠᠰᠢᠭᠲᠠᠢ ᠪᠥᠭᠡᠳ ᠮᠢᠬᠠᠨ ᠤ ᠦᠬᠡᠷ ᠤᠨ ᠦᠷᠡᠵᠢᠯᠲᠡ ᠶᠢᠨ ᠨᠣᠷᠮ᠎ᠠ ᠂ ᠪᠣᠷᠣᠯᠠᠭᠤᠯᠤᠯᠲᠠ ᠶᠢᠨ ᠨᠣᠷᠮ᠎ᠠ ᠶᠢ ᠳᠡᠭᠡᠭᠰᠢᠯᠡᠭᠦᠯᠭᠦ ᠳᠤ ᠠᠰᠢᠭᠲᠠᠢ | ᠪᠠᠶᠢᠵᠤ ᠂ ᠣᠯᠠᠨ ᠲᠠᠯ᠎ᠠ ᠪᠠᠷ ᠬᠠᠮᠲᠤ ᠪᠠᠷ ᠠᠰᠢᠭ ᠭᠦᠷᠳᠡᠭᠦ ᠪᠣᠯᠪᠠ ᠃ | ᠣᠶᠢᠷ᠎ᠠ ᠳᠤ ᠂ ᠤᠯᠤᠰ ᠤᠨ ᠳᠣᠲᠣᠭᠠᠳᠤ ᠳᠤ ᠠᠩᠬ᠎ᠠ ᠡᠭᠦᠳᠦᠭᠰᠡᠨ ᠲᠥᠮᠥᠰᠥ ᠶᠢᠨ ᠲᠦᠭᠦᠬᠡᠢ ᠡᠭᠡᠳᠡᠩ ᠤᠨ ᠮᠠᠨᠲᠠᠤ ᠶᠢ ᠤᠯᠠᠭᠠᠨᠴᠠᠪ ᠬᠤᠲᠠ ᠳᠤ ᠪᠠᠶᠢᠭ᠎ᠠ | ᠥᠪᠥᠷ ᠮᠣᠩᠭᠤᠯ ᠤᠨ ᠰᠢ ᠰᠧᠨ ᠢᠳᠡᠭᠡᠨ ᠤ ᠬᠢᠵᠠᠭᠠᠷᠲᠤ ᠺᠤᠮᠫᠠᠨᠢ ᠳᠤ ᠠᠮᠵᠢᠯᠲᠠ ᠲᠠᠢ ᠲᠤᠷᠰᠢᠨ ᠦᠢᠯᠡᠳᠪᠦᠷᠢᠯᠡᠪᠡ ᠃ ᠣᠳᠣᠬᠠᠨ ᠳᠤ ᠂ ᠤᠯᠠᠭᠠᠨᠴᠠᠪ | ᠬᠤᠲᠠ ᠶᠢᠨ ᠲᠥᠮᠥᠰᠥ ᠶᠢᠨ ᠠᠵᠤ ᠦᠢᠯᠡᠰ ᠢ ᠪᠤᠶᠢᠵᠢᠭᠤᠯᠬᠤ ᠰᠢᠰᠲ᠋ᠧᠮ ᠡᠳᠦᠷ ᠢᠷᠡᠬᠦᠶ᠎ᠡ ᠲᠡᠭᠦᠯᠳᠡᠷᠵᠢᠵᠦ ᠂ ᠦᠢᠯᠡᠳᠪᠦᠷᠢᠯᠡᠯ ᠲᠠᠷᠢᠮᠠᠯ ᠡᠷᠴᠢᠮᠯᠢᠭ ᠥᠨᠳᠥᠷ | ᠪᠦᠲᠦᠮᠵᠢᠲᠡᠶ ᠪᠣᠯᠵᠤ ᠂ ᠡᠳ᠋ᠰᠢᠭᠦᠯᠵᠦ ᠪᠣᠷᠣᠯᠠᠭᠤᠯᠬᠤ ᠠᠵᠢᠯ ᠳᠡᠭᠡᠳᠦ ᠲᠠᠰ ᠵᠦᠭ ᠬᠥᠭᠵᠢᠵᠦ ᠂ ᠨᠢᠭᠡᠨᠲᠡ ᠪᠤᠶᠢᠵᠢᠭᠤᠯᠬᠤ ᠂ ᠦᠷᠡᠵᠢᠭᠦᠯᠬᠦ ᠂ ᠳᠠᠷᠢᠬᠤ ᠂ | ᠪᠤᠯᠪᠠᠰᠤᠷᠠᠭᠤᠯᠬᠤ ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠲᠥᠮᠥᠰᠥ ᠶᠢᠨ ᠪᠦᠭᠦ ᠠᠵᠤ ᠦᠢᠯᠡᠰ ᠤᠨ ᠬᠡᠯᠬᠢᠶ᠎ᠡ ᠶᠢ ᠠᠩᠬ᠎ᠠ ᠠᠯᠬᠤᠮ ᠪᠦᠷᠢᠯᠳᠦᠭᠦᠯᠪᠡ ᠃ | ᠲᠤᠭ᠎ᠠ ᠪᠠᠷᠢᠮᠲᠠ ᠪᠣᠯ ᠬᠥᠭᠵᠢᠯᠲᠡ ᠶᠢᠨ ᠦᠷ᠎ᠡ ᠪᠦᠲᠦᠮᠵᠢ ᠶᠢᠨ ᠬᠡᠮᠵᠢᠭᠦᠷ ᠮᠥᠨ ᠂ ᠪᠠᠰᠠ ᠴᠤ ᠬᠥᠭᠵᠢᠯᠲᠡ ᠶᠢᠨ ᠰᠡᠳᠬᠢᠴᠡ ᠶᠢ ᠲᠠᠶᠢᠯᠪᠤᠷᠢᠯᠠᠬᠤ ᠲᠦᠯᠬᠢᠭᠦᠷ | ᠮᠥᠨ ᠃ ᠳᠡᠭᠡᠷ᠎ᠡ ᠬᠠᠭᠠᠰ ᠵᠢᠯ ᠳᠤ ᠂ ᠥᠪᠥᠷ ᠮᠣᠩᠭᠤᠯ ᠤᠨ ᠭᠠᠭ᠋ᠠᠢ ᠦᠬᠡᠷ ᠬᠤᠨᠢ ᠵᠢᠭᠦᠷᠲᠡᠨ ᠤ ᠮᠢᠬᠠᠨ ᠤ ᠭᠠᠷᠤᠯᠲᠠ 102.2 ᠲᠦᠮᠡᠨ ᠲᠣᠨ ᠳᠤ ᠬᠦᠷᠴᠦ ᠂ | ᠠᠳᠠᠯᠢ ᠬᠤᠭᠤᠴᠠᠭᠠᠨ ᠤ ᠬᠢ ᠠᠴᠠ 4.3% ᠪᠠᠷ ᠨᠡᠮᠡᠭᠳᠡᠪᠡ ︔ ᠦᠨᠢᠶᠡᠨ ᠰᠦ ᠶᠢᠨ ᠭᠠᠷᠤᠯᠲᠠ 2.6% ᠪᠠᠷ ᠨᠡᠮᠡᠭᠳᠡᠪᠡ ᠃ ᠬᠤᠶᠠᠳᠤᠭᠠᠷ ᠤᠯᠠᠷᠢᠯ ᠤᠨ | ᠰᠡᠭᠦᠯᠴᠢ ᠪᠠᠷ ᠂ ᠪᠦᠭᠦ ᠣᠷᠣᠨ ᠤ ᠭᠠᠭ᠋ᠠᠢ ᠶᠢᠨ ᠲᠤᠭ᠎ᠠ 641.3 ᠲᠦᠮᠡ ᠳᠤ ᠬᠦᠷᠴᠦ ᠂ 1.5% ᠪᠠᠷ ᠨᠡᠮᠡᠭᠳᠡᠪᠡ ︔ ᠦᠬᠡᠷ ᠤᠨ ᠲᠤᠭ᠎ᠠ 971.2 ᠲᠦᠮᠡ ᠳᠤ | ᠬᠦᠷᠴᠦ ᠂ 6.3% ᠨᠡᠮᠡᠭᠳᠡᠪᠡ ︔ ᠬᠤᠨᠢ ᠶᠢᠨ ᠲᠤᠭ᠎ᠠ 6793.6 ᠲᠦᠮᠡ ᠳᠤ ᠬᠦᠷᠴᠦ ᠂ 1.0% ᠨᠡᠮᠡᠭᠳᠡᠪᠡ ᠃ | ᠬᠠᠭᠠᠰ ᠵᠢᠯ ᠤᠨ ᠠᠮᠵᠢᠯᠲᠠ ᠪᠦᠲᠦᠮᠵᠢ ᠭᠢᠯᠪᠠᠷ ᠪᠤᠰᠤ ᠪᠠᠷ ᠢᠷᠡᠭᠰᠡᠨ ᠶᠤᠮ ᠃ ᠥᠪᠥᠷ ᠮᠣᠩᠭᠤᠯ ᠢᠮᠠᠭᠲᠠ ᠤᠯᠤᠰ ᠤᠨ ᠠᠮᠤ ᠪᠤᠳᠠᠭᠠᠨ ᠤ ᠠᠮᠤᠷ | ᠲᠦᠪᠰᠢᠨ ᠢ ᠪᠠᠲᠤᠯᠠᠬᠤ ᠶᠢ ᠥᠪᠥᠷ ᠮᠣᠩᠭᠤᠯ ᠤᠨ ︽ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ ︾ ᠤ ᠠᠵᠢᠯ ᠤᠨ | ᠲᠡᠷᠢᠭᠦᠨ ᠴᠢᠬᠤᠯᠠ ᠶᠠᠪᠤᠳᠠᠯ ᠪᠠ ᠨᠢᠭᠡᠳᠦᠭᠡᠷ ᠢᠨᠵᠧᠨᠧᠷᠢᠩ ᠪᠣᠯᠭᠠᠨ ᠠᠳᠬᠤᠵᠤ ᠂ ︽ ᠲᠤᠭ᠎ᠠ ᠬᠡᠮᠵᠢᠶ᠎ᠡ ᠶᠢ ᠥᠷᠭᠡᠳᠬᠡᠬᠦ ᠂ ᠶᠠᠰᠤ ᠴᠢᠨᠠᠷ ᠢ ᠳᠡᠭᠡᠭᠰᠢᠯᠡᠭᠦᠯᠭᠦ ᠂ | ᠤᠨᠠᠯᠲᠠ ᠭᠠᠷᠤᠯᠲᠠ ᠶᠢ ᠨᠡᠮᠡᠭᠳᠡᠭᠦᠯᠬᠦ ︾ ᠳᠤ ᠠᠩᠬᠠᠷᠤᠯ ᠢᠶᠠᠨ ᠲᠥᠪᠯᠡᠷᠡᠭᠦᠯᠦᠨ ᠣᠨᠢᠨ ᠳᠡᠭᠡᠷ᠎ᠡ ᠨᠢ ᠬᠦᠴᠦᠯᠡᠵᠦ ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠶᠡᠭᠡ ᠲᠠᠯ᠎ᠠ ᠶᠢᠨ ᠲᠣᠭᠲᠠᠭᠤᠨ ᠳᠤ ᠬᠦᠴᠦᠲᠡᠢ ᠲᠤᠯᠭᠠᠭᠤᠷᠢᠯᠠᠯ ᠬᠠᠩᠭᠠᠪᠠ ᠃ | — ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠬᠦ ᠶᠢ ᠠᠬᠢᠭᠤᠯᠵᠤ ᠂ ᠨᠠᠩ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠪᠡ ᠃ ᠰᠦ ᠶᠢᠨ ᠦᠢᠯᠡᠰ ᠂ | ᠡᠷᠳᠡᠨᠢ ᠰᠢᠰᠢ ᠂ ᠮᠢᠬᠠᠨ ᠤ ᠦᠬᠡᠷ ᠂ ᠮᠢᠬᠠᠨ ᠤ ᠬᠤᠨᠢ ᠂ ᠢᠮᠠᠭᠠᠨ ᠨᠣᠣᠯᠣᠭᠤᠷ ᠂ ᠲᠥᠮᠥᠰᠥ ᠂ ᠲᠡᠵᠢᠭᠡᠯ ᠡᠪᠡᠰᠦ ᠵᠡᠷᠭᠡ ᠮᠠᠯ ᠠᠵᠤ ᠠᠬᠤᠢ ᠲᠠᠷᠢᠶᠠᠯᠠᠩ ᠤᠨ | ᠭᠤᠣᠯᠳᠠᠯᠭ᠎ᠠ ᠲᠠᠢ 7 ᠲᠣᠮᠣ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ ᠂ ᠨᠠᠷᠢᠮᠤ ᠶᠢᠨ ᠤᠯᠤᠰ ᠤᠨ ᠲᠠᠰ ᠤᠨ | ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠦᠯᠦᠭᠵᠢᠯ ᠢ ᠠᠮᠵᠢᠯᠲᠠ ᠲᠠᠢ ᠡᠭᠦᠳᠦᠨ ᠪᠠᠶᠢᠭᠤᠯᠵᠤ ᠂ ᠲᠠᠶᠢᠫᠤᠰᠧ ᠬᠤᠰᠢᠭᠤ ᠂ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤ ᠵᠡᠷᠭᠡ ᠤᠯᠤᠰ ᠤᠨ ᠲᠠᠰ ᠤᠨ 2 ᠣᠲᠣ ᠦᠶ᠎ᠡ ᠶᠢᠨ ᠠᠵᠤ ᠦᠢᠯᠡᠰ ᠤᠨ ᠬᠦᠷᠢᠶᠡᠯᠡᠩ ᠂ ᠮᠣᠷᠢᠨᠳᠠᠪᠠᠭ᠎ᠠ ᠬᠤᠰᠢᠭᠤᠨ ᠤ ᠲᠡᠭᠷᠢ ᠪᠠᠯᠭᠠᠰᠤ ᠵᠡᠷᠭᠡ | ᠤᠯᠤᠰ ᠤᠨ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠪᠠᠯᠭᠠᠰᠤ ᠶᠢ 8 ᠪᠠᠶᠢᠭᠤᠯᠵᠤ ᠂ ᠠᠵᠤ ᠦᠢᠯᠡᠰ ᠤᠨ ᠪᠦᠯᠦᠭᠵᠢᠯ ᠤᠨ ᠪᠦᠲᠦᠭᠡᠨ ᠪᠠᠶᠢᠭᠤᠯᠤᠯᠲᠠ ᠶᠢᠨ | ᠦᠷ᠎ᠡ ᠪᠦᠲᠦᠮᠵᠢ ᠠᠯᠬᠤᠮ ᠠᠯᠬᠤᠮ ᠢᠶᠠᠷ ᠲᠣᠪᠤᠶᠢᠮ᠎ᠠ ᠪᠣᠯᠪᠠ ᠃ | — ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠶᠢ ᠠᠬᠢᠭᠤᠯᠵᠤ ᠂ ᠨᠡᠩ ᠴᠢᠬᠤᠯᠠ ᠬᠥᠭᠵᠢᠯᠲᠡ ᠶᠢ ᠪᠡᠶᠡᠯᠡᠭᠦᠯᠪᠡ ᠃ ᠦᠷ᠎ᠡ ᠡᠳ᠋ ᠤᠨ ᠡᠬᠢ | ᠪᠠᠶᠠᠯᠢᠭ ᠤᠨ ᠪᠠᠶᠢᠳᠠᠯ ᠢ ᠪᠦᠭᠦ ᠲᠠᠯ᠎ᠠ ᠪᠠᠷ ᠣᠶᠢᠯᠠᠭᠠᠵᠤ ᠂ 3 ᠤᠯᠤᠰ ᠤᠨ ᠲᠡᠰ ᠤᠨ ᠪᠠ 6 ᠥᠪᠡᠷᠲᠡᠭᠡᠨ ᠵᠠᠰᠠᠬᠤ ᠣᠷᠣᠨ ᠤ ᠲᠡᠰ ᠤᠨ ᠦᠷ᠎ᠡ ᠡᠳ᠋ ᠤᠨ ᠡᠬᠢ | ᠪᠠᠶᠠᠯᠢᠭ ᠤᠨ ᠬᠥᠮᠥᠷᠭᠡ ︵ ᠬᠦᠷᠢᠶᠡᠯᠡᠩ ︶ ᠶᠢ ᠪᠠᠶᠢᠭᠤᠯᠵᠤ ᠂ ᠤᠯᠤᠰ ᠤᠨ ᠲᠡᠰ ᠤᠨ ᠦᠷ᠎ᠡ ᠪᠤᠶᠢᠵᠢᠭᠤᠯᠬᠤ ᠲᠣᠮᠣ ᠰᠢᠶᠠᠨ ᠪᠠ ᠣᠷᠣᠨ ᠪᠦᠰᠡ ᠶᠢᠨ ᠴᠢᠨᠠᠷᠲᠠᠢ | ᠰᠠᠶᠢᠨ ᠦᠷᠡᠵᠢᠭᠦᠯᠬᠦ ᠰᠠᠭᠤᠷᠢᠨ ᠢ 9 ᠡᠭᠦᠳᠦᠨ ᠪᠠᠶᠢᠭᠤᠯᠵᠤ ᠂ ᠤᠯᠤᠰ ᠤᠨ ᠲᠡᠰ ᠤᠨ ᠮᠠᠯ ᠵᠢᠭᠦᠷᠲᠡᠨ ᠤ ᠡᠭᠦᠯᠳᠡᠷ ᠪᠤᠶᠢᠵᠢᠭᠤᠯᠬᠤ ᠭᠤᠣᠯ ᠲᠠᠯᠠᠪᠠᠢ ᠶᠢ 23 ᠳᠤ | ᠬᠦᠷᠭᠡᠵᠦ ᠂ ᠦᠬᠡᠷ ᠬᠤᠨᠢᠨ ᠤ ᠡᠭᠦᠯᠳᠡᠷ ᠪᠤᠶᠢᠵᠢᠭᠤᠯᠬᠤ ᠭᠤᠣᠯ ᠲᠠᠯᠠᠪᠠᠢ ᠶᠢᠨ ᠲᠤᠭ᠎ᠠ ᠪᠦᠭᠦ ᠤᠯᠤᠰ ᠤᠨ ᠲᠡᠷᠢᠭᠦᠨ ᠳᠤ ᠣᠷᠣᠵᠤ ᠂ ᠦᠷ᠎ᠡ ᠶᠢᠨ ᠦᠢᠯᠡᠰ ᠤᠨ | ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠨᠠᠩ ᠡᠯᠪᠡᠭ ᠦᠷ᠎ᠡ ᠪᠦᠲᠦᠮᠵᠢ ᠣᠯᠪᠠ ᠃ | — ᠬᠥᠳᠡᠯᠭᠡᠬᠦ ᠬᠦᠴᠦᠨ ᠤ ᠬᠤᠪᠢᠰᠤᠯᠲᠠ ᠶᠢ ᠠᠬᠢᠭᠤᠯᠵᠤ ᠂ ᠬᠥᠳᠡᠯᠭᠡᠬᠦ ᠡᠨᠧᠷᠭᠢ ᠶᠢᠨ ᠨᠠᠩ ᠬᠦᠴᠦᠷᠬᠡᠭ ᠬᠥᠭᠵᠢᠯᠲᠡ ᠶᠢ ᠪᠡᠶᠡᠯᠡᠭᠦᠯᠪᠡ ᠃ | ᠨᠡᠶᠢᠭᠡᠮᠴᠢᠯᠡᠭᠰᠡᠨ ᠦᠢᠯᠡᠴᠢᠯᠡᠭᠡ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ ᠂ 5 ᠵᠦᠢᠯ ᠤᠨ ᠵᠠᠭᠪᠤᠷ ᠢ ᠳ᠋ᠦᠩᠨᠡᠨ ᠳᠡᠯᠭᠡᠷᠡᠭᠦᠯᠵᠦ ᠂ 5 ᠬᠤᠰᠢᠭᠤ ᠰᠢᠶᠠᠨ ᠂ | 20 ᠰᠢᠶᠠᠩ ᠪᠠᠯᠭᠠᠰᠤ ᠂ 100 ᠭᠠᠴᠠᠭ᠎ᠠ ᠲᠣᠰᠬᠤᠨ ᠳᠤ ᠮᠠᠰᠢᠨᠴᠢᠯᠠᠬᠤ ᠂ ᠡᠷᠴᠢᠮᠵᠢᠭᠦᠯᠬᠦ ᠂ ᠪᠠᠷᠢᠮᠵᠢᠶᠠᠵᠢᠭᠤᠯᠬᠤ ᠨᠣᠭᠤᠭᠠᠨ ᠥᠨᠳᠥᠷ ᠪᠦᠲᠦᠮᠵᠢᠲᠦ ᠣᠲᠣ | ᠦᠶ᠎ᠡ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠠᠷᠭ᠎ᠠ ᠭᠡᠯᠪᠡᠷᠢ ᠶᠢ ᠲᠥᠪᠯᠡᠷᠡᠭᠦᠯᠦᠨ ᠵᠠᠯᠭᠠᠯᠳᠤᠭᠤᠯᠤᠨ ᠠᠬᠢᠭᠤᠯᠵᠤ ᠂ ᠵᠢᠱᠢᠶ᠎ᠡ ᠦᠵᠡᠭᠦᠯᠦᠨ ᠳᠠᠶᠢᠴᠢᠯᠠᠬᠤ | ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠪᠠ ᠃ ᠦᠬᠡᠷ ᠬᠤᠨᠢ ᠲᠡᠵᠢᠭᠡᠨ ᠦᠷᠡᠵᠢᠭᠦᠯᠬᠦ 47 ᠲᠣᠮᠣ ᠰᠢᠶᠠᠨ ᠤ ᠮᠠᠯ ᠤᠨ ᠡᠮᠨᠡᠯᠭᠡ ᠶᠢᠨ ᠨᠡᠶᠢᠭᠡᠮᠴᠢᠯᠡᠭᠰᠡᠨ | ᠦᠢᠯᠡᠴᠢᠯᠡᠭᠡ ᠶᠢ ᠠᠬᠢᠭᠤᠯᠬᠤ ᠶᠢ ᠳᠡᠮᠵᠢᠵᠦ ᠂ 17 ᠬᠤᠰᠢᠭᠤ ᠰᠢᠶᠠᠨ ᠢ ᠨᠥᠯᠥᠭᠡᠯᠡᠨ ᠳᠠᠶᠢᠴᠢᠯᠠᠵᠤ ᠪᠠᠶᠢᠭᠠᠳ ᠮᠠᠯ ᠤᠨ ᠡᠮᠨᠡᠯᠭᠡ ᠶᠢᠨ ᠨᠡᠶᠢᠭᠡᠮᠴᠢᠯᠡᠭᠰᠡᠨ | ᠦᠢᠯᠡᠴᠢᠯᠡᠭᠡ ᠶᠢ ᠪᠡᠶ᠎ᠡ ᠪᠠᠨ ᠳᠠᠭᠠᠭᠠᠨ ᠬᠡᠷᠡᠭᠵᠢᠭᠦᠯᠵᠦ ᠂ ᠪᠦᠭᠦ ᠣᠷᠣᠨ ᠤ 70% ᠶᠢᠨ ᠦᠬᠡᠷ ᠬᠤᠨᠢ ᠲᠡᠵᠢᠭᠡᠨ ᠦᠷᠡᠵᠢᠭᠦᠯᠬᠦ ᠣᠷᠣᠨ ᠢ ᠬᠠᠮᠤᠷᠴᠤ ᠂ ᠮᠠᠯ ᠠᠵᠤ | ᠠᠬᠤᠢ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ ᠃ | — ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠤ ᠂ ᠨᠡᠩ ᠥᠨᠳᠥᠷ ᠪᠦᠲᠦᠮᠵᠢᠲᠠᠢ ᠬᠥᠭᠵᠢᠯᠲᠡ ᠶᠢ ᠪᠡᠶᠡᠯᠡᠭᠦᠯᠪᠡ ᠃ ︽ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ ︾ ᠢ ᠨᠠᠶᠢᠳᠠᠪᠤᠷᠢᠵᠢᠭᠤᠯᠤᠨ ᠂ ᠨᠠᠷᠢᠯᠢᠭ | ᠡᠳ᠋ᠰᠢᠭᠦᠯᠬᠦ ᠪᠠ ᠳᠠᠭᠠᠯᠲᠠ ᠪᠦᠲᠦᠭᠡᠭᠳᠡᠬᠦᠨ ᠢ ᠥᠨᠳᠥᠷ ᠥᠷᠲᠡᠭ ᠲᠠᠢ ᠪᠣᠯᠭᠠᠨ ᠪᠣᠯᠭᠠᠨ ᠠᠰᠢᠭᠯᠠᠬᠤ ᠶᠢ ᠶᠡᠭᠡ ᠪᠠᠷ ᠬᠥᠭᠵᠢᠭᠦᠯᠵᠦ ᠂ 2023 ᠣᠨ ᠤ ᠪᠡᠯᠡᠨ | ᠨᠣᠭᠤᠭ᠎ᠠ ᠶᠢᠨ 13 ᠳᠠᠭᠠᠭᠤᠯᠤᠭᠴᠢ ᠠᠵᠤ ᠠᠬᠤᠶᠢᠯᠠᠯ ᠂ ᠣᠨᠴᠠᠯᠢᠭᠲᠤ ᠲᠥᠷᠥᠯ ᠲᠡᠮᠳᠡᠭᠲᠦ 12 ᠠᠵᠤ ᠠᠬᠤᠶᠢᠯᠠᠯ ᠂ ᠰᠦᠯᠵᠢᠶᠡᠨ ᠳᠡᠭᠡᠷ᠎ᠡ ᠪᠣᠷᠣᠯᠠᠭᠤᠯᠬᠤ 5 | ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠰᠢᠯᠭᠠᠷᠠᠭᠤᠯᠵᠤ ᠂ ᠬᠤᠨᠢᠨ ᠠᠷᠠᠰᠤ ᠶᠢ ᠢᠳᠡᠭᠡᠨ ᠪᠣᠯᠭᠠᠨ ᠪᠤᠯᠪᠠᠰᠤᠷᠠᠭᠤᠯᠬᠤ 9 ᠠᠵᠤ ᠠᠬᠤᠶᠢᠯᠠᠯ ᠢ ᠳᠡᠮᠵᠢᠨ | ᠪᠤᠶᠢᠵᠢᠭᠤᠯᠵᠤ ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ ᠤᠷᠲᠤᠳᠬᠠᠪᠠ ᠃ | — ᠨᠣᠭᠤᠭᠠᠨ ᠦᠢᠯᠡᠳᠪᠦᠷᠢᠯᠡᠯ ᠢ ᠠᠬᠢᠭᠤᠯᠵᠤ ᠂ ᠨᠡᠩ ᠦᠷᠭᠦᠯᠵᠢᠯᠡᠬᠦ᠋ᠢᠴᠡ ᠬᠥᠭᠵᠢᠯᠲᠡ ᠶᠢ ᠪᠡᠶᠡᠯᠡᠭᠦᠯᠪᠡ ᠃ ᠬᠢᠮᠢ ᠶᠢᠨ ᠪᠣᠷᠳᠣᠭᠤᠷ ᠢ ᠬᠢᠵᠠᠭᠠᠷᠯᠠᠨ | ᠦᠷ᠎ᠡ ᠠᠰᠢᠭ ᠢ ᠨᠡᠮᠡᠭᠳᠡᠭᠦᠯᠬᠦ ᠪᠠ ᠲᠠᠷᠢᠶᠠᠨ ᠡᠮ ᠢ ᠬᠢᠵᠠᠭᠠᠷᠯᠠᠨ ᠬᠥᠨᠥᠭᠡᠯ ᠢ ᠪᠠᠭᠠᠰᠬᠠᠬᠤ ᠠᠵᠢᠯᠯᠠᠭ᠎ᠠ ᠥᠷᠨᠢᠭᠦᠯᠵᠦ ᠂ ︽ ᠲᠠᠷᠢᠶᠠᠨ ᠴᠢᠬᠢ ᠶᠢ ᠦᠵᠡᠵᠦ | ᠪᠣᠷᠳᠣᠭᠤᠷ ᠰᠣᠩᠭᠤᠬᠤ ︾ 32 ᠲᠠᠪᠴᠠᠩ ᠂ ︽ ᠡᠪᠡᠳᠴᠢᠨ ᠳᠤᠨᠢ ᠲᠣᠬᠢᠷᠠᠭᠤᠯᠤᠨ ᠡᠮ ᠰᠣᠩᠭᠤᠬᠤ ︾ 15 ᠵᠢᠱᠢᠶ᠎ᠡ ᠦᠵᠡᠭᠦᠯᠭᠦ ᠣᠷᠣᠨ ᠪᠠ ︽ ᠤᠯᠠ | ᠪᠣᠷᠳᠣᠭᠤᠷ ᠦᠭᠡᠢ ︾ ᠮᠡᠷᠭᠡᠵᠢᠯ ᠤᠨ 33 ᠭᠤᠣᠯᠯᠠᠬᠤ ᠲᠤᠷᠰᠢᠯᠲᠠ ᠶᠢᠨ ᠵᠢᠱᠢᠶ᠎ᠡ ᠦᠵᠡᠭᠦᠯᠭᠦ ᠣᠷᠣᠨ ᠢ ᠪᠦᠲᠦᠭᠡᠨ ᠪᠠᠶᠢᠭᠤᠯᠵᠤ ᠂ ᠨᠣᠭᠤᠭᠠᠨ ᠰᠡᠷᠭᠡᠶᠢᠯᠡᠨ | ᠡᠵᠡᠮᠳᠡᠬᠦ ᠲᠠᠷᠢᠶᠠᠨ ᠭᠠᠵᠠᠷ ᠤᠨ ᠲᠠᠯᠠᠪᠠᠢ ᠶᠢ 5879 ᠲᠦᠮᠡᠨ ᠮᠦ ᠬᠡᠷᠡᠭᠵᠢᠭᠦᠯᠵᠦ ᠂ 5738 ᠲᠦᠮᠡᠨ ᠮᠦ ᠶᠢ ᠨᠢᠭᠡᠳᠦᠯᠲᠡᠢ ᠰᠡᠷᠭᠡᠶᠢᠯᠡᠨ ᠨᠢᠭᠡᠳᠦᠯᠲᠡᠢ ᠵᠠᠰᠠᠵᠤ ᠂ | ᠲᠠᠷᠢᠶᠠᠯᠠᠩ ᠤᠨ ᠦᠢᠯᠡᠳᠪᠦᠷᠢᠯᠡᠯ ᠢ ᠨᠠᠩ ᠪᠣᠬᠢᠷᠳᠤᠯ ᠦᠭᠡᠢ ᠪᠣᠯᠭᠠᠪᠠ ᠃ | ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠲᠣᠭᠲᠠᠭᠤᠨ ᠪᠣᠯ ᠪᠦᠭᠦ ᠲᠠᠯ᠎ᠠ ᠶᠢᠨ ᠬᠥᠭᠵᠢᠯᠲᠡ ᠲᠤᠬᠲᠠᠭᠤᠨ ︔ ᠮᠠᠯ ᠠᠵᠤ ᠠᠬᠤᠢ ᠲᠠᠷᠢᠶᠠᠯᠠᠩ ᠤᠨ | ᠦᠢᠯᠡᠰ ᠬᠥᠭᠵᠢᠪᠡᠯ ᠪᠦᠭᠦ ᠦᠢᠯᠡᠰ ᠬᠥᠭᠵᠢᠨ᠎ᠡ ᠃ ᠦᠨᠡᠨ ᠪᠣᠳᠠᠲᠠᠢ ᠠᠷᠭ᠎ᠠ ᠬᠡᠮᠵᠢᠶ᠎ᠡ ᠠᠪᠴᠤ ᠂ ᠪᠡᠯᠡ ᠣᠷᠣᠭᠤᠯᠤᠯᠲᠠ ᠪᠠᠨ ᠨᠡᠮᠡᠭᠳᠡᠭᠦᠯᠦᠨ ᠂ ᠴᠡᠭ ᠢᠶᠠᠷ | ᠨᠡᠶᠢᠳᠡᠮ ᠢ ᠳᠠᠶᠢᠴᠢᠯᠠᠨ ᠵᠢᠱᠢᠶ᠎ᠡ ᠦᠵᠡᠭᠦᠯᠵᠦ ᠂ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠲᠠᠰ ᠳᠡᠪᠰᠢᠭᠦᠯᠬᠦ ᠶᠢ | ᠠᠬᠢᠭᠤᠯᠬᠤ ᠲᠠᠯ᠎ᠠ ᠪᠠᠷ ᠥᠪᠥᠷ ᠮᠣᠩᠭᠤᠯ ᠶᠠᠭ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠥᠨᠳᠥᠷ ᠪᠦᠲᠦᠮᠵᠢᠲᠡᠶ ᠂ ᠮᠠᠯᠵᠢᠬᠤ ᠲᠠᠷᠢᠶᠠᠯᠠᠬᠤ ᠣᠷᠣᠨ ᠤ | ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠂ ᠮᠠᠯᠴᠢᠨ ᠲᠠᠷᠢᠶᠠᠴᠢᠨ ᠪᠠᠶᠠᠵᠢᠯ ᠤᠨ ᠰᠢᠨ᠎ᠡ ᠬᠠᠭᠤᠳᠠᠰᠤ ᠶᠢ ᠪᠦᠭᠦ ᠬᠦᠴᠦᠨ ᠢᠶᠠᠷ ᠢᠶᠠᠨ ᠪᠢᠴᠢᠭᠯᠡᠵᠦ ᠪᠤᠶ ᠃ | | |