| ᠣᠶᠢᠷ᠎ᠠ ᠶᠢᠨ ᠡᠳᠦᠷ ᠂ ᠮᠧᠩ ᠲᠠᠢ · 2024 ᠣᠷᠳᠣᠰ ᠤᠨ ᠮᠠᠷᠠᠽᠤᠨ ᠤᠷᠤᠯᠳᠤᠭᠠᠨ ᠤ ᠲᠠᠨᠢᠯᠴᠠᠭᠤᠯᠭ᠎ᠠ ᠶᠢᠨ ᠬᠤᠷᠠᠯ ᠣᠶᠢᠷ᠎ᠠ ᠳᠤ ᠪᠡᠭᠡᠵᠢᠩ ᠳᠤ | ᠬᠤᠷᠠᠯᠳᠤᠪᠠ ᠃ | | ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ ᠂ ᠭᠤᠣᠯᠯᠠᠨ ᠡᠷᠭᠢᠯᠡᠭᠰᠡᠨ ᠡᠲᠡᠭᠡᠳ ᠤᠨ ᠬᠢᠨ ᠮᠠᠷᠠᠽᠤᠨ ᠤᠷᠤᠯᠳᠤᠭᠠᠨ ᠤ ᠵᠠᠮ ᠱᠤᠭᠤᠮ ᠂ ᠤᠷᠤᠯᠳᠤᠭᠠᠨ ᠤ ᠱᠠᠩᠨᠠᠯ ᠤᠨ | ᠮᠧᠳᠠᠯ ᠂ ᠥᠯᠵᠠᠶᠢᠲᠤ ᠪᠣᠳᠠᠰ ᠂ ᠤᠷᠤᠯᠳᠤᠭᠠᠨ ᠤ ᠢᠵᠢ ᠪᠦᠷᠢᠳᠦᠭᠦᠯᠬᠦ ᠠᠵᠢᠯᠯᠠᠭ᠎ᠠ ᠂ ᠤᠷᠤᠯᠳᠤᠭᠠᠨ ᠤ ᠬᠢᠯᠡᠰ ᠴᠡᠭ ᠂ ᠵᠣᠬᠢᠶᠠᠨ ᠪᠠᠶᠢᠭᠤᠯᠬᠤ ᠺᠣᠮᠢᠰ ᠤᠨ | ᠲᠣᠬᠢᠷᠠᠭᠤᠯᠤᠯᠲᠠ ᠵᠡᠷᠭᠡ ᠪᠠᠶᠢᠳᠠᠯ ᠤᠨ ᠲᠤᠬᠠᠢ ᠲᠠᠨᠢᠯᠴᠠᠭᠤᠯᠪᠠ ᠃ ᠮᠧᠩ ᠲᠠᠢ · 2024 ᠣᠷᠳᠣᠰ ᠤᠨ ᠮᠠᠷᠠᠽᠤᠨ ᠤᠷᠤᠯᠳᠤᠭᠠᠨ ᠳᠤ ᠡᠷᠡᠭᠲᠡᠢ / ᠡᠮᠡᠭᠲᠡᠢ ᠶᠢᠨ | ᠮᠠᠷᠡᠽᠤᠨ ᠂ ᠡᠷᠡᠭᠲᠡᠢ / ᠡᠮᠡᠭᠲᠡᠢ ᠶᠢᠨ ᠬᠠᠭᠠᠰ ᠵᠠᠮ ᠤᠨ ᠮᠠᠷᠡᠽᠤᠨ ᠂ 10 ᠺᠢᠯᠣᠮᠧᠳ᠋ᠷ ᠤᠨ ᠡᠷᠡᠭᠦᠯ ᠭᠦᠶᠦᠯᠲᠠ ᠶᠢᠨ ᠤᠷᠣᠯᠳᠤᠭᠠᠨ ᠂ 5 ᠺᠢᠯᠤᠮᠧᠳ᠋ᠷ ᠤᠨ ᠪᠠᠶᠠᠷ | ᠪᠠᠶᠠᠰᠬᠤᠯᠠᠩᠲᠤ ᠭᠦᠶᠦᠯᠲᠠ ᠶᠢᠨ ᠤᠷᠣᠯᠳᠤᠭ᠋ᠭᠠᠨ ᠵᠡᠷᠬᠡ 4 ᠲᠥᠷᠦᠯ ᠵᠦᠢᠯ ᠢ ᠲᠣᠬᠢᠷᠠᠭᠤᠯᠵᠤ ᠂ ᠤᠷᠤᠯᠳᠤᠭᠠᠨ ᠤ ᠬᠡᠪᠴᠢᠶᠡᠵᠢᠯ ᠨᠢ 2.5 ᠲᠦᠮᠡᠨ ᠬᠥᠮᠥᠨ ᠳᠤ | ᠬᠦᠷᠴᠦ ᠂ 8 ᠰᠠᠷ᠎ᠠ ᠶᠢᠨ 24 ᠤ ᠡᠳᠦᠷ ᠤᠨ 16 ᠄ 30 ᠴᠠᠭ ᠲᠤ ᠬᠢᠶ᠎ᠡ ᠪᠠᠭᠰᠢ ᠲᠤᠭᠤᠷᠢᠭ ᠤᠨ ᠤᠯᠠᠭᠠᠨᠮᠥ᠋ᠷᠡᠨ ᠨᠠᠭᠤᠷ ᠤᠨ ᠠᠭᠤᠳᠠᠮ ᠲᠠᠯᠠᠪᠠᠢ ᠳᠤ | ᠶᠠᠪᠤᠭᠳᠠᠭᠤᠯᠬᠤ ᠪᠠᠷ ᠪᠠᠶᠢᠨ᠎ᠠ ᠃ ᠲᠣᠰ ᠬᠤᠭᠤᠴᠠᠭᠠᠨ ᠤ ᠣᠷᠳᠣᠰ ᠤᠨ ᠮᠠᠷᠠᠽᠤᠨ ᠤᠷᠤᠯᠳᠤᠭᠠᠨ ᠨᠢ ᠤᠷᠤᠯᠳᠤᠭᠠᠨ ᠤ ᠵᠠᠮ ᠢ ᠰᠢᠯᠢᠳᠡᠭᠵᠢᠭᠦᠯᠵᠦ ᠂ ᠨᠠᠯᠠᠤᠴᠠ ᠶᠢ | ᠪᠠᠭᠠᠰᠬᠠᠨ ᠂ ᠣᠷᠣᠯᠴᠠᠭᠴᠢ ᠶᠢᠨ ᠪᠡᠶᠡᠴᠢᠯᠡᠨ ᠣᠶᠢᠯᠭᠠᠬᠤ ᠲᠥᠷᠥᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠬᠦ ᠪᠣᠯᠣᠨ᠎ᠠ ᠃ ᠤᠷᠤᠯᠳᠤᠭᠠᠨ ᠤ ᠵᠠᠮ ᠱᠤᠭᠤᠮ ᠨᠢ | ᠤᠯᠠᠭᠠᠨᠮᠦ᠋ᠷᠡᠨ ᠨᠠᠭᠤᠷ ᠤᠨ ᠠᠭᠤᠳᠠᠮ ᠲᠠᠯᠠᠪᠠᠢ ᠠᠴᠠ ᠮᠣᠷᠳᠠᠵᠤ ᠂ ᠵᠠᠮ ᠳᠠᠭᠠᠤ ᠨᠠᠭᠤᠷ ᠤᠨ ᠬᠥᠪᠡᠭᠡᠨ ᠤ ᠵᠠᠮ ᠂ ᠬᠥᠭᠡᠲᠠᠯᠠ ᠵᠠᠮ ᠂ ᠣᠷᠳᠣᠰ ᠶᠡᠭᠡ ᠵᠡᠭᠡᠯᠢ ᠂ | ᠰᠣᠶᠣᠯ ᠤᠨ ᠵᠡᠭᠦᠨ ᠵᠠᠮ ᠪᠠᠷᠠᠭᠤᠨ ᠵᠠᠮ ᠵᠡᠷᠭᠡ ᠪᠠᠷ ᠥᠩᠭᠡᠷᠡᠵᠤ ᠂ ᠥᠷᠭᠡᠨ ᠣᠯᠠᠨ ᠣᠷᠣᠯᠴᠠᠭᠴᠢ ᠳᠤ 4A ᠲᠡᠰ ᠤᠨ ᠵᠤᠭᠠᠴᠠᠯ ᠤᠨ ᠬᠤᠲᠠ ᠶᠢᠨ ᠥᠪᠡᠷᠮᠢᠴᠡ | ᠷᠢᠳᠢ ᠰᠢᠳᠢ ᠶᠢ ᠮᠡᠳᠡᠷᠡᠭᠦᠯᠬᠦ ᠪᠣᠯᠣᠨ᠎ᠠ ᠃ ᠤᠷᠤᠯᠳᠤᠭᠠᠨ ᠤ ᠶᠠᠪᠤᠳᠠᠯ ᠢ ᠲᠤᠰᠬᠠᠢ ᠮᠡᠷᠭᠡᠵᠢᠯ ᠤᠨ ᠪᠦᠯᠬᠦᠮ ᠠᠴᠠ ᠵᠣᠬᠢᠶᠠᠨ ᠪᠠᠶᠢᠭᠤᠯᠵᠤ ᠂ ᠡᠮ ᠡᠮᠨᠡᠯᠭᠡ ᠶᠢᠨ | ᠪᠠᠲᠤᠯᠠᠭ᠎ᠠ ᠂ ᠠᠮᠤᠷ ᠳᠥᠪᠰᠢᠨ ᠤ ᠬᠠᠮᠠᠭᠠᠯᠠᠯᠲᠠ ᠂ ᠤᠷᠤᠯᠳᠤᠭᠠᠨ ᠤ ᠵᠠᠮ ᠳᠠᠬᠢ ᠡᠳ᠋ ᠪᠣᠳᠠᠰ ᠤᠨ ᠨᠥᠬᠦᠷᠯᠡᠯ ᠵᠡᠷᠭᠡ ᠲᠠᠯ᠎ᠠ ᠪᠠᠷ ᠤᠷᠤᠯᠳᠤᠭᠠᠨ ᠳᠤ | ᠣᠷᠣᠯᠴᠠᠭᠰᠠᠳ ᠲᠤ ᠳᠤᠯᠠᠭᠠᠨ ᠬᠤᠲᠠ ᠶᠢᠨ ᠬᠠᠶᠢᠷ᠎ᠠ ᠬᠠᠯᠠᠮᠵᠢ ᠶᠢ ᠪᠥᠬᠦ ᠲᠠᠯ᠎ᠠ ᠪᠠᠷ ᠮᠡᠳᠡᠷᠡᠭᠦᠯᠬᠦ ᠪᠣᠯᠣᠨ᠎ᠠ ᠃ ᠲᠣᠰ ᠤᠳᠠᠭᠠᠨ ᠤ ᠣᠷᠳᠣᠰ ᠤᠨ ᠮᠠᠷᠠᠽᠤᠨ | ᠤᠷᠤᠯᠳᠤᠭᠠᠨ ᠤ ᠱᠠᠩᠨᠠᠯ ᠤᠨ ᠮᠧᠳ᠋ᠳᠠᠯ ᠤᠨ ᠵᠢᠷᠤᠭ ᠲᠥᠯᠥᠪᠯᠡᠭᠡ ᠨᠢ ᠠᠯᠲᠠᠨ ᠰᠢᠷᠭᠠᠯ ᠥᠩᠭᠡ ᠪᠠᠷ ᠭᠤᠣᠯᠯᠠᠵᠤ ᠂ ᠵᠢᠷᠤᠭ ᠳᠦᠷᠰᠦ ᠨᠢ ᠮᠣᠩᠭᠤᠯ ᠮᠣᠷᠢ ᠂ | ᠤᠳᠣᠲᠤ ᠤᠭᠲᠠᠷᠭᠤᠢ ᠵᠢᠴᠢ ︽ ORDOS ︾ ᠂ ︽ FINISHER ︾ ᠵᠡᠷᠭᠡ ᠡᠯᠧᠮᠧᠨ᠋ᠲ ᠢᠶᠠᠷ ᠢᠯᠡᠷᠡᠭᠰᠡᠨ ᠪᠠᠶᠢᠨ᠎ᠠ ᠃ ᠥᠯᠵᠡᠶᠢᠲᠦ ᠪᠣᠳᠠᠰ ᠢ ︽ ᠰᠢᠩ | ᠪᠦᠦ ︾ ᠪᠠ ︽ ᠨᠤᠸᠠᠨ ᠪᠦᠦ ︾ ᠭᠡᠵᠦ ᠨᠡᠷᠡᠶᠢᠲᠦᠨ ᠂ ᠰᠢᠩ ᠪᠦᠦ ᠨᠢ ᠬᠡᠷᠡᠯ ᠰᠠᠴᠤᠷᠠᠭᠰᠠᠨ ᠤᠲᠤᠳ ᠢᠶᠠᠷ ᠵᠢᠷᠤᠭ ᠲᠥᠯᠥᠪᠯᠡᠭᠡᠨ ᠤ ᠡᠬᠡ ᠳᠡᠪᠲᠡᠷ ᠪᠣᠯᠭᠠᠵᠤ ᠂ | ᠨᠤᠸᠠᠨ ᠪᠦᠦ ᠨᠢ ︽ ᠤᠯᠤᠰ ᠤᠨ ᠡᠷᠳᠡᠨᠢ ᠶᠢᠨ ᠲᠡᠰ ︾ ᠤᠨ ᠠᠷᠪᠠᠰ ᠤᠨ ᠨᠤᠤᠯᠣᠭᠤᠷ ᠤᠨ ᠴᠠᠭᠠᠨ ᠢᠮᠠᠭ᠎ᠠ ᠪᠠᠷ ᠵᠢᠷᠤᠭ ᠲᠥᠯᠥᠪᠯᠡᠭᠡᠨ ᠤ ᠤᠭ ᠬᠡᠯᠪᠡᠷᠢ ᠪᠣᠯᠭᠠᠨ ᠂ | ᠬᠤᠶᠠᠷ ᠥᠯᠵᠡᠶᠢᠲᠦ ᠪᠣᠳᠠᠰ ᠤᠨ ᠬᠤᠶᠠᠷ ᠭᠠᠷ ᠢᠶᠠᠨ ᠳᠡᠯᠭᠡᠭᠰᠡᠨ ᠬᠡᠯᠪᠡᠷᠢ ᠮᠠᠶ᠋ᠢᠭ ᠨᠢ ︽ ᠳᠤᠯᠠᠭᠠᠨ ᠬᠤᠲᠠ ︾ ᠣᠷᠳᠣᠰ ᠤᠨ ᠡᠯ᠎ᠡ ᠭᠠᠵᠠᠷ ᠤᠨ ᠨᠠᠶᠢᠵᠠ ᠨᠠᠷ ᠢᠶᠠᠨ | ᠤᠭᠲᠤᠵᠤ ᠂ ᠳᠥᠷᠪᠡᠨ ᠵᠦᠭ ᠨᠠᠢᠮᠠᠨ ᠵᠣᠪᠬᠢᠰ ᠠᠴᠠ ᠬᠦᠷᠦᠯᠴᠡᠨ ᠢᠷᠡᠭᠰᠡᠨ ᠵᠣᠴᠢᠳ ᠢᠶᠠᠨ ᠤᠭᠳᠦᠵᠦ ᠪᠠᠶᠢᠬᠤ ᠶᠢ ᠪᠡᠯᠭᠡᠳᠡᠭᠰᠡᠨ ᠪᠠᠶᠢᠨ᠎ᠠ ᠃ ᠲᠣᠰ | ᠬᠤᠭᠤᠴᠠᠭᠠᠨ ᠤ ᠣᠷᠣᠯᠳᠤᠭ᠋ᠭᠠᠨ ᠢ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ ᠂ ᠬᠤᠲᠠ ᠶᠢᠨ ᠰᠤᠷᠭᠠᠨ ᠬᠥᠮᠦᠵᠢᠯ | ᠪᠡᠶ᠎ᠡ ᠶᠢᠨ ᠲᠠᠮᠢᠷ ᠤᠨ ᠲᠣᠪᠴᠢᠶ᠎ᠡ ᠠᠴᠠ ᠳᠠᠭᠠᠭᠠᠴᠢᠯᠡᠨ ᠡᠷᠭᠢᠯᠡᠨ᠎ᠡ ᠃ ᠣᠷᠳᠣᠰ ᠤᠨ ᠮᠠᠷᠠᠽᠤᠨ ᠣᠷᠤᠯᠳᠤᠭᠠᠨ 2016 ᠣᠨ ᠠᠴᠠ ᠡᠬᠢᠯᠡᠨ ᠶᠠᠪᠤᠭᠳᠠᠭᠰᠠᠨ ᠠᠴᠠ | ᠨᠠᠭᠠᠰᠢ ᠂ 5 ᠬᠤᠭᠤᠴᠠᠭ᠎ᠠ ᠶᠢ ᠥᠩᠭᠡᠷᠡᠭᠡᠭᠡᠳ ᠂ ᠠᠯᠬᠤᠮ ᠠᠯᠬᠤᠮ ᠢᠶᠠᠷ ᠪᠠᠷᠠᠭᠤᠨ ᠬᠤᠶᠢᠲᠤ ᠣᠷᠣᠨ ᠴᠢᠨᠠᠭᠰᠢᠯᠠᠪᠠᠯ ᠪᠥᠬᠦ ᠤᠯᠤᠰ ᠤᠨ ᠥᠪᠡᠷᠮᠢᠴᠠ ᠨᠥᠯᠥᠭᠡᠯᠡᠬᠦ | ᠬᠦᠴᠦᠨ ᠪᠦᠬᠦᠢ ᠳᠦᠷᠥᠯ ᠲᠡᠮᠳᠡᠭᠲᠦ ᠤᠷᠣᠯᠳᠤᠭᠠᠨ ᠪᠣᠯᠤᠭᠰᠠᠨ ᠪᠠᠶᠢᠨ᠎ᠠ ᠃ | | | | | | | | | | | |