| ᠲᠦᠭ ᠲᠦᠮᠡᠨ ᠭᠡᠷ ᠪᠦᠯᠢ ᠶᠢ ᠬᠠᠪᠰᠤᠷᠤᠨ ᠡᠪᠡᠳᠴᠢᠨ ᠡᠮᠭᠡᠭ ᠤᠨ ᠡᠮᠴᠢᠯᠡᠭᠡᠨ ᠤ ᠰᠦᠢᠳᠬᠡᠯ ᠤᠨ ᠵᠠᠷᠤᠯᠭ᠎ᠠ ᠠᠴᠠ ᠪᠣᠯᠤᠭᠰᠠᠨ ᠠᠵᠤ ᠠᠬᠤᠢ ᠶᠢᠨ ᠠᠶᠤᠯ | ᠲᠦᠭᠰᠢᠭᠦᠷᠢ ᠶᠢ ᠠᠷᠭᠠᠴᠠᠬᠤ ᠶᠢᠨ ᠲᠥᠯᠥᠭᠡ ᠂ ᠤᠯᠤᠰ ᠠᠴᠠ ᠦᠨᠳᠦᠰᠦᠨ ᠡᠮ ᠡᠮᠨᠡᠯᠭᠡ ᠶᠢᠨ ᠳᠠᠭᠠᠳᠬᠠᠯ ᠂ ᠬᠦᠨᠳᠦ ᠡᠪᠡᠳᠴᠢᠨ ᠤ ᠳᠠᠭᠠᠳᠬᠠᠯ ᠂ ᠡᠮ | ᠡᠮᠨᠡᠯᠭᠡ ᠶᠢᠨ ᠠᠪᠤᠷᠠᠨ ᠲᠤᠰᠠᠯᠠᠯᠲᠠ ᠭᠡᠬᠦ ᠭᠤᠷᠪᠠᠨ ᠵᠦᠢᠯ ᠤᠨ ᠳᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ ᠂ | ᠣᠯᠠᠨ ᠲᠦᠮᠡᠨ ᠤ ᠡᠮ ᠡᠮᠨᠡᠯᠭᠡ ᠶᠢᠨ ᠰᠦᠢᠳᠬᠡᠯ ᠤᠨ ᠳᠠᠷᠤᠭᠠᠰᠤ ᠶᠢ ᠱᠠᠲᠤ ᠳᠠᠷᠠᠭᠠᠯᠠᠨ ᠬᠥᠩᠭᠡᠷᠡᠭᠦᠯᠪᠡ ᠃ ᠡᠭᠦᠨ ᠳᠤ ᠂ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠬᠦᠨᠳᠦ ᠡᠪᠡᠳᠴᠢᠨ ᠤ ᠳᠠᠭᠠᠳᠬᠠᠯ ︵ ᠳᠣᠷᠣᠭᠰᠢ ︽ ᠬᠦᠨᠳᠦ ᠡᠪᠡᠳᠴᠢᠨ ᠤ ᠳᠠᠭᠠᠳᠬᠠᠯ ︾ ᠭᠡᠵᠦ ᠲᠣᠪᠴᠢᠯᠠᠨ᠎ᠠ ︶ ᠪᠣᠯ ᠰᠠᠭᠤᠭᠠᠯᠢ ᠠᠷᠠᠳ ᠤᠨ ᠡᠮ | ᠡᠮᠨᠡᠯᠭᠡ ᠶᠢᠨ ᠳᠠᠭᠠᠳᠬᠠᠯ ᠤᠨ ᠰᠠᠭᠤᠷᠢᠨ ᠳᠡᠭᠡᠷ᠎ᠡ ᠂ ᠬᠦᠨᠳᠦ ᠡᠪᠡᠳᠴᠢᠲᠡᠨ ᠤ ᠶᠡᠭᠡ ᠲᠣᠭᠠᠨ ᠤ ᠡᠮ ᠡᠮᠨᠡᠯᠭᠡ ᠶᠢᠨ ᠰᠦᠢᠳᠬᠡᠯ ᠤᠨ ᠳᠦᠷᠢᠮ ᠤᠨ | ᠲᠣᠬᠢᠷᠠᠭᠤᠯᠤᠯᠲᠠ ᠶᠢ ᠤᠯᠠᠮ ᠴᠢᠨᠠᠭᠰᠢᠳᠠ ᠪᠠᠲᠤᠯᠠᠬᠤ ᠪᠣᠯᠣᠨ᠎ᠠ ᠃ ᠬᠦᠨᠳᠦ ᠡᠪᠡᠳᠴᠢᠨ ᠤ ᠳᠠᠭᠠᠳᠬᠠᠯ ᠢ ᠶᠠᠭᠠᠬᠢᠵᠤ ᠭᠤᠶᠤᠴᠢᠯᠠᠬᠤ ᠪᠣᠶ ᠂ ᠪᠠᠰᠠ ᠶᠠᠭᠠᠬᠢᠵᠤ | ᠰᠦᠢᠳᠬᠡᠯ ᠲᠤᠰᠢᠶᠠᠬᠤ ᠪᠣᠶ ︖ ᠳᠦᠷᠢᠮ ᠢ ᠲᠣᠭᠲᠠᠭᠠᠭᠰᠠᠨ ᠠᠴᠠ ᠡᠬᠢᠯᠡᠨ ᠂ ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠢ ᠲᠤᠰᠠᠭᠠᠷ ᠭᠤᠶᠤᠴᠢᠯᠠᠨ | ᠳᠠᠭᠠᠳᠬᠠᠯ ᠳᠤ ᠣᠷᠣᠬᠤ ᠴᠢᠬᠤᠯᠠ ᠦᠭᠡᠢ ᠪᠣᠯᠵᠤ ᠂ ᠪᠣᠶ ᠪᠦᠬᠦᠢ ᠰᠦᠢᠳᠬᠡᠯ ᠢ ᠲᠤᠰᠢᠶᠠᠵᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠪᠣᠯ ᠴᠥᠮ ᠬᠦᠨᠳᠦ ᠡᠪᠡᠳᠴᠢᠨ ᠤ ᠳᠠᠭᠠᠳᠬᠠᠯ ᠳᠤ ᠣᠷᠣᠯᠴᠠᠭᠰᠠᠨ ᠬᠥᠮᠥᠰ ᠪᠣᠯᠬᠤᠷ ᠲᠤᠰᠠᠭᠠᠷ | ᠰᠦᠢᠳᠬᠡᠯ ᠲᠤᠰᠢᠶᠠᠬᠤ ᠴᠢᠬᠤᠯᠠ ᠦᠭᠡᠢ ᠪᠣᠯᠵᠠᠢ ᠃ ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠢ 2012 ᠣᠨ ᠳᠤ ᠲᠤᠷᠰᠢᠯᠲᠠ ᠬᠢᠬᠦ ᠠᠵᠢᠯ ᠢ | ᠡᠬᠢᠯᠡᠭᠦᠯᠵᠦ ᠂ 2015 ᠣᠨ ᠠᠴᠠ ᠡᠬᠢᠯᠡᠨ ᠪᠦᠬᠦ ᠲᠠᠯ᠎ᠠ ᠪᠠᠷ ᠬᠡᠷᠡᠭᠵᠢᠭᠦᠯᠵᠡᠢ ᠃ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠤᠰᠢᠶᠠᠬᠤ ᠪᠠᠷᠢᠮᠵᠢᠶ᠎ᠠ ᠨᠢ | ᠶᠠᠮᠠᠷᠰᠢᠤ ᠪᠤᠢ ︖ ᠣᠳᠣᠬᠠᠨ ᠳᠤ ᠂ ᠤᠯᠤᠰ ᠠᠴᠠ ᠲᠣᠭᠲᠠᠭᠠᠭᠰᠠᠨ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠤᠰᠢᠶᠠᠬᠤ ᠪᠠᠷᠢᠮᠵᠢᠶ᠎ᠠ ᠶᠢ ᠵᠠᠷᠴᠢᠮ | ᠳᠡᠭᠡᠷ᠎ᠡ ᠪᠠᠨ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠤ ᠰᠠᠭᠤᠭᠠᠯᠢ ᠠᠷᠠᠳ ᠤᠨ ᠲᠦᠷᠦᠭᠦᠦ ᠵᠢᠯ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢᠨ 50% ᠠᠴᠠ ᠥᠨᠳᠥᠷ ᠪᠠᠶᠢᠯᠭᠠᠵᠤ ᠪᠣᠯᠬᠤ ᠦᠭᠡᠢ ᠂ ᠲᠤᠰᠢᠶᠠᠬᠤ ᠬᠠᠷᠢᠴᠠᠯ ᠢ 60 % ᠠᠴᠠ ᠳᠣᠣᠷ᠎ᠠ ᠪᠠᠶᠢᠯᠭᠠᠵᠤ ᠪᠣᠯᠬᠤ ᠦᠭᠡᠢ ︔ ᠰᠠᠭᠤᠭᠠᠯᠢ | ᠠᠷᠠᠳ ᠤᠨ ᠡᠮ ᠡᠮᠨᠡᠯᠭᠡ ᠶᠢᠨ ᠳᠠᠭᠠᠳᠬᠠᠯ ᠨᠢ ᠡᠪᠡᠳᠴᠢᠨ ᠤ ᠳᠠᠭᠠᠳᠬᠠᠯ ᠤᠨ ᠬᠠᠮᠤᠭ ᠤᠨ ᠥᠨᠳᠥᠷ ᠲᠤᠰᠢᠶᠠᠬᠤ ᠬᠢᠵᠠᠭᠠᠷ ᠲᠤᠭ᠎ᠠ ᠶᠢ ᠳᠠᠪᠬᠤᠴᠠᠭᠤᠯᠤᠨ | ᠨᠡᠮᠡᠭᠳᠡᠭᠦᠯᠵᠦ ᠂ ᠵᠠᠷᠴᠢᠮ ᠳᠡᠭᠡᠷ᠎ᠡ ᠪᠠᠨ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 6 ᠳᠠᠬᠢᠨ | ᠣᠷᠴᠢᠮ ᠬᠦᠷᠭᠡᠨ᠎ᠡ ᠃ ᠬᠦᠴᠢᠷᠳᠡᠯᠲᠡᠢ ᠬᠥᠮᠥᠰ ᠲᠤ ᠴᠢᠭᠯᠡᠭᠦᠯᠦᠨ ᠂ ᠤᠯᠤᠰ ᠠᠴᠠ ᠬᠦᠨᠳᠦ ᠡᠪᠡᠳᠴᠢᠨ ᠤ ᠳᠠᠭᠠᠳᠬᠠᠯ ᠤᠨ ᠲᠠᠩᠰᠠ ᠲᠠᠶᠢᠯᠬᠤ ᠲᠥᠷᠥ ᠶᠢᠨ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ ᠂ ᠲᠦᠢᠯ ᠤᠨ ᠣᠨᠣᠪᠴᠢᠲᠠᠶ ᠪᠠᠷ ᠬᠠᠷᠠᠭᠠᠯᠵᠠᠯ ᠦᠵᠡᠭᠦᠯᠦᠨ᠎ᠡ ᠃ ᠠᠮᠢᠳᠤᠷᠠᠯ ᠤᠨ | ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠳ ᠂ ᠣᠨᠴᠠ ᠬᠦᠴᠢᠷᠳᠡᠯᠲᠡᠢ ᠬᠥᠮᠥᠰ ᠪᠠ ᠳᠠᠬᠢᠨ ᠶᠠᠳᠠᠭᠤᠷᠠᠭᠰᠠᠨ ᠶᠠᠳᠠᠭᠤ ᠬᠥᠮᠥᠨ ᠠᠮᠠ ᠶᠢᠨ ᠬᠦᠨᠳᠦ ᠡᠪᠡᠳᠴᠢᠨ ᠤ | ᠳᠠᠭᠠᠳᠬᠠᠯ ᠤᠨ ᠡᠬᠢᠯᠡᠵᠦ ᠲᠤᠰᠢᠶᠠᠬᠤ ᠪᠠᠷᠢᠮᠵᠢᠶ᠎ᠠ ᠶᠢ 50% ᠪᠠᠷ ᠪᠠᠭᠤᠷᠠᠭᠤᠯᠵᠤ ᠂ ᠲᠤᠰᠢᠶᠠᠬᠤ ᠬᠠᠷᠢᠴᠠᠯ ᠢ 5 ᠵᠠᠭᠤᠨ ᠤ ᠬᠤᠪᠢ ᠶᠢᠨ ᠴᠡᠭ | ᠳᠡᠭᠡᠭᠰᠢᠯᠡᠭᠦᠯᠬᠦ ᠶᠢᠨ ᠵᠡᠷᠭᠡᠪᠡᠷ ᠬᠠᠮᠤᠭ ᠤᠨ ᠥᠨᠳᠥᠷ ᠲᠤᠰᠢᠶᠠᠬᠤ ᠬᠢᠵᠠᠭᠠᠷ ᠲᠤᠭ᠎ᠠ ᠶᠢ ᠬᠦᠴᠦᠨ ᠦᠭᠡᠢ ᠪᠣᠯᠭᠠᠨ᠎ᠠ ᠃ ᠬᠦᠨᠳᠦ ᠡᠪᠡᠳᠴᠢᠨ ᠤ ᠳᠠᠭᠠᠳᠬᠠᠯ ᠢ | ᠬᠡᠷᠬᠢᠨ ᠲᠠᠰᠤᠯᠤᠨ ᠪᠣᠳᠣᠬᠤ ᠪᠤᠢ ︖ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠳ ᠤᠨ ᠲᠣᠭᠲᠠᠭᠰᠠᠨ ᠡᠮ ᠡᠮᠨᠡᠯᠭᠡ ᠶᠢᠨ | ᠪᠠᠶᠢᠭᠤᠯᠤᠮᠵᠢ ᠳᠤ ᠦᠵᠡᠭᠦᠯᠦᠭᠰᠡᠨ ᠡᠮ ᠡᠮᠨᠡᠯᠭᠡ ᠶᠢᠨ ᠰᠦᠢᠳᠬᠡᠯ ᠨᠢ ᠬᠦᠨᠳᠦ ᠡᠪᠡᠳᠴᠢᠨ ᠤ ᠳᠠᠭᠠᠳᠬᠠᠯ ᠤᠨ ᠰᠦᠢᠳᠬᠡᠯ ᠤᠨ ᠬᠡᠰᠡᠭ ᠲᠤ ᠣᠷᠣᠭᠰᠠᠨ ᠪᠠᠶᠢᠪᠠᠯ ᠂ | ︽ ᠨᠢᠭᠡ ᠥᠷᠲᠡᠭᠡ ᠮᠠᠶ᠋ᠢᠭ ︾ ᠤᠨ ᠲᠠᠰᠤᠯᠤᠨ ᠪᠤᠳᠤᠬᠤ ᠶᠢ ᠪᠡᠶᠡᠯᠡᠭᠦᠯᠦᠭᠰᠡᠨ ᠭᠠᠵᠠᠷ ᠣᠷᠣᠨ ᠨᠢ ᠲᠡᠷᠡ ᠳᠠᠷᠤᠢ ᠳᠤᠨᠢ ᠲᠠᠰᠤᠯᠤᠨ ᠪᠤᠳᠤᠵᠦ ᠥᠭᠭᠦᠨ ᠂ ᠬᠠᠮᠢᠶ᠎ᠠ | ᠪᠦᠬᠦᠢ ᠣᠯᠭᠤᠮᠵᠢ ᠶᠢ ᠠᠶᠠᠨᠳᠠᠭᠠᠨ ᠬᠦᠷᠳᠡᠭᠦ ᠪᠣᠯᠣᠨ᠎ᠠ ᠂ ᠲᠤᠰᠬᠠᠶᠢᠯᠠᠨ ᠭᠤᠶᠤᠴᠢᠯᠠᠨ ᠮᠡᠳᠡᠭᠦᠯᠬᠦ ᠴᠢᠬᠤᠯᠠ ᠦᠭᠡᠢ ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ | ᠪᠠ ᠬᠦᠨᠳᠦ ᠡᠪᠡᠳᠴᠢᠨ ᠤ ᠳᠠᠭᠠᠳᠬᠠᠯ ᠳᠤ ᠤᠷᠤᠯᠴᠠᠬᠰᠠᠨ ᠪᠣᠯ ᠪᠠᠰᠠ ᠲᠤᠰᠠᠭᠠᠷ ᠢᠶᠠᠨ ᠬᠤᠳᠠᠯᠳᠤᠭᠠᠨ ᠤ ᠳᠠᠭᠠᠳᠬᠠᠯ ᠠᠪᠬᠤ ᠴᠢᠬᠤᠯᠠ ᠲᠠᠢ ᠦᠦ ︖ ᠬᠦᠨᠳᠦ | ᠡᠪᠡᠳᠴᠢᠨ ᠤ ᠳᠠᠭᠠᠳᠬᠠᠯ ᠤᠨ ᠳᠦᠷᠢᠮ ᠢ ᠲᠣᠭᠲᠠᠭᠠᠭᠰᠠᠨ ᠡᠬᠢᠨ ᠤ ᠦᠶ᠎ᠡ ᠳᠤ ᠂ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠨᠢ ᠵᠠᠬ᠎ᠠ ᠳᠡᠯᠭᠡᠭᠦᠷ ᠤᠨ | ᠣᠷᠣᠯᠴᠠᠬᠤ ᠶᠢ ᠢᠮᠠᠭᠲᠠ ᠵᠣᠷᠢᠭᠵᠢᠭᠤᠯᠵᠤ ᠂ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢᠨ ᠳᠠᠭᠠᠭᠠᠨ ᠡᠷᠭᠢᠯᠡᠬᠦ ᠶᠢ ᠢᠳᠡᠪᠬᠢᠲᠡᠢ ᠳᠡᠮᠵᠢᠵᠦ ᠂ ᠡᠮ | ᠡᠮᠨᠡᠯᠭᠡ ᠶᠢᠨ ᠳᠠᠭᠠᠳᠬᠠᠯ ᠤᠨ ᠬᠤᠷᠰᠢᠶ᠎ᠠ ᠶᠢᠨ ᠬᠤᠳᠠᠯᠳᠤᠭᠠᠴᠢᠨ ᠬᠠᠮᠲᠤᠷᠠᠨ ᠠᠵᠢᠯᠯᠠᠬᠤ ᠰᠢᠨ᠎ᠡ ᠵᠠᠭᠪᠤᠷ ᠢ ᠰᠢᠨ᠎ᠡ ᠪᠠᠷ ᠡᠭᠦᠳᠦᠨ ᠪᠠᠶᠢᠭᠤᠯᠵᠤ ᠪᠦᠷᠢᠨᠰᠢᠭᠦᠯᠪᠡ ᠃ | ᠣᠳᠣᠬᠠᠨ ᠳᠤ ᠂ 90 % ᠠᠴᠠ ᠳᠡᠭᠡᠭᠰᠢᠬᠢ ᠨᠢᠭᠡᠳᠦᠯᠲᠡᠢ ᠲᠥᠯᠥᠪᠯᠡᠬᠦ ᠭᠠᠵᠠᠷ ᠣᠷᠣᠨ ᠨᠢ ᠵᠠᠰᠠᠭ ᠤᠨ ᠣᠷᠳᠣᠨ ᠦᠢᠯᠡᠴᠢᠯᠡᠭᠡ ᠶᠢ ᠬᠤᠳᠠᠯᠳᠤᠨ ᠠᠪᠬᠤ ᠠᠷᠭ᠎ᠠ | ᠮᠠᠶ᠋ᠢᠭ ᠢᠶᠠᠷ ᠳᠠᠮᠵᠢᠭᠤᠯᠤᠨ ᠬᠤᠳᠠᠯᠳᠤᠭᠠᠨ ᠤ ᠳᠠᠭᠠᠳᠬᠠᠯ ᠤᠨ ᠺᠣᠮᠫᠠᠨᠢ ᠳᠤ ᠨᠠᠶᠢᠳᠠᠵᠤ ᠬᠦᠨᠳᠦ ᠡᠪᠡᠳᠴᠢᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠢ ᠳᠠᠭᠠᠭᠠᠨ | ᠬᠢᠯᠭᠡᠵᠦ ᠪᠠᠶᠢᠨ᠎ᠠ ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠬᠦᠨᠳᠦ ᠡᠪᠡᠳᠴᠢᠨ ᠤ ᠳᠠᠭᠠᠳᠬᠠᠯ ᠠᠴᠠ ᠭᠠᠳᠠᠨ᠎ᠠ ᠂ ᠳᠠᠭᠠᠳᠬᠠᠯ ᠳᠤ ᠣᠷᠣᠯᠴᠠᠭᠰᠠᠳ | ᠬᠤᠳᠠᠯᠳᠤᠭᠠᠨ ᠤ ᠳᠠᠭᠠᠳᠬᠠᠯ ᠨᠥᠬᠦᠪᠦᠷᠢᠯᠡᠬᠦ ᠴᠢᠬᠤᠯᠠᠲᠠᠢ ᠡᠰᠡᠬᠦ ᠶᠢ ᠬᠤᠪᠢ ᠬᠥᠮᠥᠨ ᠤ ᠬᠦᠰᠡᠯ ᠡᠷᠡᠮᠡᠯᠵᠡᠯ ᠪᠠ ᠳᠠᠭᠠᠭᠠᠬᠤ ᠴᠢᠳᠠᠪᠤᠷᠢ ᠠᠴᠠ ᠰᠢᠯᠲᠠᠭᠠᠯᠠᠭᠳᠠᠨ᠎ᠠ ᠃ | | | |