2024 ᠣᠨ ᠤ ᠳᠤᠮᠳᠠᠳᠤ ᠤᠯᠤᠰ ᠤᠨ ᠬᠥᠪᠴᠢ ᠶᠢᠨ ᠡᠯᠡᠰᠦᠨ ᠴᠥᠯ ᠤᠨ ᠬᠡᠭᠡᠷᠡᠯᠡᠨ ᠠᠶᠠᠯᠠᠬᠤ ᠤᠷᠤᠯᠳᠤᠭᠠᠨ ᠵᠢᠴᠢ ᠳᠤᠮᠳᠠᠳᠤ ᠤᠯᠤᠰ ᠤᠨ ᠮᠠᠰᠢᠨ ᠲᠡᠷᠭᠡᠨ ᠤ ᠬᠦᠴᠦ ᠰᠣᠷᠢᠬᠤ ᠮᠠᠩᠯᠠᠢ ᠰᠢᠯᠭᠠᠷᠠᠭᠤᠯᠬᠤ ᠤᠷᠤᠯᠳᠤᠭᠠᠨ ᠤ ᠬᠠᠩᠬᠢᠨ ᠬᠤᠰᠢᠭᠤᠨ ᠳᠠᠬᠢ ᠬᠤᠪᠢᠶᠠᠷᠢ ᠥᠷᠲᠡᠭᠡᠨ ᠤ ᠤᠷᠤᠯᠳᠤᠭᠠᠨ ᠡᠬᠢᠯᠡᠯ᠎ᠡ
ᠨᠡᠶᠢᠲᠡᠯᠡᠭᠰᠡᠨ ᠴᠠᠭ᠄
2024/8/28
    ᠨᠠᠷᠠᠨ ᠳᠤᠯᠠᠶᠢᠵᠤ ᠬᠠᠩᠭᠠᠢ ᠨᠣᠮᠢᠷᠠᠭᠰᠠᠨ 8 ᠰᠠᠷ᠎ᠠ ᠶᠢᠨ 22 ᠤᠨ ᠡᠳᠦᠷ ᠂ 2024 ᠣᠨ ᠤ ᠳᠤᠮᠳᠠᠳᠤ ᠤᠯᠤᠰ ᠤᠨ ᠬᠥᠪᠴᠢ ᠶᠢᠨ ᠡᠯᠡᠰᠦᠨ ᠴᠥᠯ ᠤᠨ ᠬᠡᠬᠡᠷᠡᠯᠡᠨ ᠠᠶᠠᠯᠠᠬᠤ ᠤᠷᠤᠯᠳᠤᠭᠠᠨ ᠵᠢᠴᠢ ᠳᠤᠮᠳᠠᠳᠤ ᠤᠯᠤᠰ ᠤᠨ ᠮᠠᠰᠢᠨ ᠲᠡᠷᠭᠡᠨ ᠤ ᠬᠦᠴᠦ ᠰᠣᠷᠢᠬᠤ ᠮᠠᠩᠯᠠᠢ ᠰᠢᠯᠭᠠᠷᠠᠭᠤᠯᠬᠤ ᠤᠷᠤᠯᠳᠤᠭᠠᠨ ᠤ ᠬᠠᠩᠭᠢᠨ ᠬᠤᠰᠢᠭᠤᠨ ᠳᠠᠬᠢ ᠬᠤᠪᠢᠶᠠᠷᠢ ᠥᠷᠲᠡᠭᠡᠨ ᠤ ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠬᠠᠩᠭᠢᠨ ᠬᠤᠰᠢᠭᠤᠨ ᠤ ᠰᠢᠨᠡᠪᠠᠯᠭᠠᠰᠤᠨ ᠤ ᠠᠭᠤᠳᠠᠮ ᠲᠠᠯᠠᠪᠠᠢ ᠳᠤ ᠬᠥᠭᠵᠢᠶᠡᠨᠲᠡᠢ ᠶᠠᠪᠤᠭᠳᠠᠯ᠎ᠠ ᠃ ᠲᠣᠰ ᠤᠳᠠᠭᠠᠨ ᠤ ᠤᠷᠤᠯᠳᠤᠭᠠᠨ ᠨᠢ ᠨᠢᠭᠡ ᠤᠳᠠᠭ᠎ᠠ ᠶᠢᠨ ᠳᠤᠮᠳᠠᠳᠤ ᠤᠯᠤᠰ ᠤᠨ ᠬᠠᠮᠤᠭ ᠤᠨ ᠥᠨᠳᠥᠷ ᠲᠡᠰ ᠤᠨ ᠮᠠᠰᠢᠨ ᠲᠡᠷᠭᠡᠨ ᠤ ᠬᠡᠭᠡᠷᠡᠯᠡᠨ ᠠᠶᠠᠯᠠᠬᠤ ᠤᠷᠤᠯᠳᠤᠭᠠᠨ ᠪᠠᠶᠢᠵᠤ ᠂ ᠣᠶᠢᠷ᠎ᠠ ᠵᠠᠮ ᠤᠨ ᠤᠷᠤᠯᠳᠤᠭᠠᠨ ᠂ ᠬᠥᠨᠳᠡᠢ ᠶᠢᠨ ᠭᠤᠣᠯ ᠤᠨ ᠤᠷᠤᠯᠳᠤᠭᠠᠨ ᠤ ᠬᠡᠰᠡᠭ ᠂ ᠬᠥᠪᠴᠢ ᠶᠢᠨ ᠡᠯᠡᠰᠦᠨ ᠴᠥᠯ ᠤᠨ ᠤᠷᠤᠯᠳᠤᠭᠠᠨ ᠤ ᠬᠡᠰᠡᠭ ᠵᠡᠷᠭᠡ ᠵᠠᠮ ᠱᠤᠭᠤᠮ ᠢ ᠲᠣᠬᠢᠷᠠᠭᠤᠯᠤᠨ ᠂ ᠤᠷᠤᠯᠳᠤᠭᠠᠨ ᠤ ᠪᠥᠬᠦ ᠤᠷᠲᠤ ᠨᠢ ᠪᠠᠷᠤᠭ 1000 ᠺᠢᠯᠣᠮᠧᠳ᠋ᠷ ᠪᠠᠶᠢᠵᠤ ᠂ ᠡᠭᠦᠨ ᠳᠤ ᠡᠯᠡᠰᠦ  ᠲᠠᠢ ᠭᠠᠵᠠᠷ ᠨᠢ 60% ᠶᠢ ᠡᠵᠡᠯᠡᠵᠤ ᠂ ᠭᠤᠣᠯ ᠳᠠᠭᠠᠤ ᠶᠢᠨ ᠬᠠᠶᠢᠷ ᠴᠢᠯᠠᠭᠤᠨ ᠤ ᠭᠠᠵᠠᠷ 40% ᠶᠢ ᠡᠵᠡᠯᠡᠨ᠎ᠡ ᠃ ᠤᠷᠤᠯᠳᠤᠭᠠᠨ ᠤ ᠳᠤᠮᠳᠠ ᠪᠠᠰᠠ ᠠᠷᠠᠳ ᠤᠨ ᠤᠷᠠᠯᠢᠭᠴᠢᠳ ᠤᠨ ᠲᠣᠭᠯᠠᠯᠲᠠ ᠂ ᠬᠤᠯᠢᠮᠠᠭ ᠳᠣᠯᠣᠭᠠᠨ ᠤ ᠲᠡᠮᠡᠴᠡᠭᠡᠨ ᠂ ᠤᠯᠠᠭᠠᠨᠮᠦ᠋ᠴᠢᠷ ᠤᠨ ᠲᠣᠭᠯᠠᠯᠲᠠ ᠵᠡᠷᠭᠡ ᠡᠯ᠎ᠡ ᠵᠦᠢᠯ ᠤᠨ ᠪᠠᠶᠠᠯᠢᠭ ᠠᠭᠤᠯᠭ᠎ᠠ ᠪᠦᠬᠦᠢ ᠰᠣᠶᠣᠯ ᠲᠠᠮᠢᠷ ᠤᠨ ᠠᠵᠢᠯᠯᠠᠭ᠎ᠠ ᠶᠢ ᠵᠡᠷᠭᠡᠪᠡᠷ ᠲᠣᠬᠢᠷᠠᠭᠤᠯᠪᠠ ᠃ ᠲᠣᠰ ᠤᠷᠤᠯᠳᠤᠭᠠᠨ ᠢ ᠳᠤᠮᠳᠠᠳᠤ ᠤᠯᠤᠰ ᠤᠨ ᠮᠠᠰᠢᠨ ᠲᠡᠷᠭᠡ ᠮᠣᠲ᠋ᠣᠷ ᠲᠡᠷᠭᠡᠨ ᠤ ᠬᠥᠳᠡᠯᠭᠡᠭᠡᠨ ᠤ ᠬᠤᠯᠪᠣᠭᠠᠲᠤ ᠬᠤᠷᠠᠯ ᠂ ᠤᠷᠢᠳᠤᠰ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠂ ᠬᠠᠩᠭᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠵᠤ ᠂ ᠤᠷᠤᠯᠳᠤᠭᠠᠨ ᠨᠢ 8 ᠰᠠᠷ᠎ᠠ ᠶᠢᠨ 22 ᠤᠨ ᠡᠳᠦᠷ ᠠᠴᠠ 25 ᠤ ᠡᠳᠦᠷ ᠪᠣᠯᠲᠠᠯ᠎ᠠ 4 ᠡᠳᠦᠷ ᠤᠨ ᠬᠤᠭᠤᠴᠠᠭ᠎ᠠ ᠲᠠᠢ ᠶᠠᠪᠤᠭᠳᠠᠵᠤ ᠂ ᠪᠥᠬᠦ ᠤᠯᠤᠰ ᠤᠨ ᠡᠯ᠎ᠡ ᠭᠠᠵᠠᠷ ᠠᠴᠠ ᠬᠦᠷᠦᠯᠴᠡᠨ ᠢᠷᠡᠭᠰᠡᠨ 29 ᠮᠠᠰᠢᠨ ᠲᠡᠷᠭᠡᠨ ᠤ ᠠᠩᠭᠢ ᠶᠢᠨ 69 ᠮᠠᠰᠢᠨ ᠲᠡᠷᠭᠡ ᠂ 138 ᠲᠡᠷᠭᠡᠴᠢᠨ ᠥᠪᠡᠷ ᠥᠪᠡᠷ ᠤᠨ ᠰᠢᠨᠲᠠᠰᠤ ᠵᠣᠷᠢᠭ ᠢᠶᠠᠨ ᠰᠢᠯᠭᠠᠬᠤ ᠪᠣᠯᠣᠨ᠎ᠠ ᠃
   专题1(1).jpg
  专题1(2).jpg 
   专题1(3).jpg 
   专题1(4).jpg  
 专题1(5).jpg    
     
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ