| ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ ᠂ ᠮᠠᠨ ᠤ ᠣᠷᠣᠨ ᠲᠦᠷᠦᠭᠦᠬᠡᠨ | ᠪᠦᠯᠭᠦᠮ ᠪᠠᠶᠢᠭᠤᠯᠤᠨ ︽ ᠦᠩᠰᠢᠭ ᠰᠠᠶᠢᠬᠠᠨ ᠳᠥᠷᠪᠡᠨ ᠤᠯᠠᠷᠢᠯ ︾ ᠬᠠᠷᠠᠮᠥ᠋ᠷᠡᠨ ᠮᠤᠵᠢ ᠶᠢᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠰᠢᠯᠦᠭ ᠤᠨ ᠴᠤᠭᠯᠠᠭᠠᠨ | ᠵᠢᠴᠢ ᠵᠡᠭᠦᠨ ᠬᠤᠶᠢᠲᠤ ᠣᠷᠣᠨ ᠪᠡᠭᠡᠵᠢᠩ ᠲᠢᠶᠠᠨᠵᠢᠨ ᠣᠷᠣᠨ ᠤ ᠰᠣᠶᠣᠯ ᠤᠨ ᠴᠤᠭᠯᠠᠭᠠᠨ ᠳᠤ ᠤᠷᠤᠯᠴᠠᠵᠦ ᠂ ᠮᠣᠩᠭᠤᠯ ᠰᠡᠶᠢᠯᠪᠦᠷᠢ ᠰᠡᠶᠢᠯᠦᠮᠡᠯ ᠪᠠ ᠵᠢᠷᠭᠤᠭᠠᠯᠵᠢᠨ | ᠳᠡᠷᠡ ᠬᠢᠬᠦ ᠤᠷ᠎ᠠ ᠮᠡᠷᠭᠡᠵᠢᠯ ᠢ ᠦᠵᠡᠭᠦᠯᠵᠦ ᠂ ᠥᠪᠥᠷ ᠮᠣᠩᠭᠤᠯ ᠤᠨ ᠪᠣᠳᠠᠰ ᠤᠨ ᠰᠣᠶᠣᠯ ᠤᠨ ᠥᠪ ᠤᠨ ᠤᠷ᠎ᠠ ᠮᠡᠷᠭᠡᠵᠢᠯ ᠵᠢᠴᠢ ᠰᠣᠶᠣᠯ ᠤᠨ ᠤᠳᠬ᠎ᠠ | ᠠᠭᠤᠯᠬᠤᠨ ᠢ ᠤᠯᠠᠨ ᠳᠤ ᠬᠠᠷᠠᠭᠤᠯᠵᠠᠢ ᠃ ᠲᠣᠰ ᠤᠳᠠᠭ᠎ᠠ ᠶᠢᠨ ᠠᠵᠢᠯᠯᠠᠭ᠎ᠠ ᠶᠢᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠣᠬᠯᠠᠯᠲᠠ ᠳᠤ ᠰᠢᠯᠦᠭ | ᠳᠠᠭᠤᠯᠠᠯ ᠂ ᠡᠷᠲᠡᠨ ᠤ ᠰᠢᠯᠦᠭ ᠤᠶᠠᠩᠭᠠᠯᠠᠨ ᠳᠠᠭᠤᠯᠠᠬᠤ ᠂ ᠰᠢ ᠳᠠᠭᠤᠤᠷᠢᠯᠢᠭ ᠂ ᠪᠥᠵᠢᠭ ᠂ ᠬᠥᠭᠵᠢᠮ ᠂ ᠲᠣᠭᠤᠷᠢᠨ ᠲᠣᠭᠯᠠᠬᠤ ᠵᠡᠷᠭᠡ ᠤᠷᠠᠨ ᠰᠠᠶᠢᠬᠠᠨ ᠤ | ᠲᠣᠬᠯᠠᠯᠲᠠ ᠨᠤᠭᠤᠳ ᠶᠠᠪᠤᠭᠳᠠᠵᠤ ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠡᠷᠬᠢᠮᠰᠦᠭ ᠴᠤᠭᠯᠠᠭᠠᠨ ᠳᠤ ᠬᠠᠷᠠᠮᠥ᠋ᠷᠡᠨ ᠂ ᠥᠪᠥᠷ ᠮᠣᠩᠭᠤᠯ ᠂ ᠪᠡᠭᠡᠵᠢᠩ ᠂ | ᠲᠢᠶᠠᠨᠵᠢᠨ ᠂ ᠭᠢᠷᠢᠨ ᠂ ᠯᠢᠶᠣᠤᠨᠢᠩ ᠵᠡᠷᠭᠡ ᠭᠠᠵᠠᠷ ᠤᠨ ᠥᠪᠡᠷᠮᠢᠴᠡ ᠣᠨᠴᠠᠯᠢᠭ ᠲᠠᠢ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠂ ᠪᠣᠳᠠᠰ ᠤᠨ ᠪᠤᠰᠤ | ᠰᠣᠶᠣᠯ ᠤᠨ ᠥᠪ ᠂ ᠠᠮᠲᠠᠲᠤ ᠢᠳᠡᠭᠡᠨ ᠵᠢᠴᠢ ᠲᠠᠷᠢᠶᠠᠯᠠᠩ ᠤᠨ ᠣᠨᠴᠠ ᠪᠦᠲᠦᠭᠡᠭᠳᠡᠬᠦᠨ ᠢ ᠲᠥᠪᠯᠡᠷᠡᠭᠦᠯᠦᠨ ᠦᠵᠡᠭᠦᠯᠪᠠ ; ᠬᠤᠷᠰᠢᠯᠴᠠᠬᠤ ᠮᠠᠶ᠋ᠢᠭ ᠤᠨ | ᠰᠣᠶᠣᠯ ᠤᠨ ᠪᠡᠶᠡᠴᠢ ᠣᠶᠢᠯᠠᠭᠠᠯᠲᠠ ᠳᠤ ᠶᠠᠲᠤᠭ᠎ᠠ ᠂ ᠴᠠᠢ ᠶᠢᠨ ᠤᠷᠠᠯᠢᠭ ᠤᠨ ᠦᠵᠡᠭᠦᠯᠭᠡ ᠵᠢᠴᠢ ᠪᠡᠶᠡᠴᠢᠯᠡᠨ ᠣᠶᠢᠯᠠᠭᠠᠯᠲᠠ ᠂ ᠦᠨᠦᠷᠲᠦ ᠬᠠᠪᠲᠠᠭ᠎ᠠ | ᠬᠠᠳᠬᠤᠮᠠᠯᠯᠠᠬᠤ ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠵᠠᠩ ᠳᠠᠳᠬᠠᠯ ᠤᠨ ᠮᠡᠳᠡᠯᠭᠡ ᠶᠢ ᠰᠣᠷᠢᠨ ᠰᠢᠯᠭᠠᠬᠤ ᠂ ᠰᠢᠯᠦᠭ ᠴᠡᠭᠡᠵᠢᠯᠡᠬᠦ ᠂ ᠰᠢᠯᠦᠭ ᠤᠨ | ᠬᠠᠪᠲᠠᠰᠤ ᠪᠢᠴᠢᠬᠦ ᠂ ᠳᠡᠪᠦᠷ᠎ᠡ ᠰᠢᠳᠡᠬᠦ ᠂ ᠭᠡᠷᠡᠯ ᠵᠢᠷᠤᠭ ᠠᠪᠬᠤ ᠵᠡᠷᠭᠡ ᠠᠵᠢᠯᠯᠠᠭ᠎ᠠ ᠥᠷᠨᠢᠭᠦᠯᠵᠦ ᠂ ᠭᠦᠨᠵᠡᠭᠡᠢ ᠪᠡᠶᠡᠴᠢᠯᠡᠨ ᠣᠶᠢᠯᠠᠭᠠᠯᠲᠠ ᠶᠢᠨ ᠮᠠᠶ᠋ᠢᠭ ᠤᠨ | ᠤᠷᠠᠯᠢᠭ ᠤᠨ ᠲᠣᠬᠯᠠᠯᠲᠠ ᠳᠤ ᠮᠣᠷᠢᠨ ᠬᠤᠭᠤᠷ ᠂ ᠮᠣᠩᠭᠤᠯ ᠦᠨᠳᠦᠰᠦᠲᠡᠨ ᠤ ᠪᠥᠵᠢᠭ ᠂ ᠰᠣᠯᠣᠩᠭᠤᠰ ᠦᠨᠳᠦᠰᠦᠲᠡᠨ ᠤ ᠪᠥᠵᠢᠭ ᠵᠡᠷᠭᠡ ᠣᠨᠴᠠᠯᠢᠭᠲᠤ | ᠬᠠᠮᠲᠤ ᠶᠢᠨ ᠰᠣᠶᠣᠯ ᠤᠨ ᠠᠵᠢᠯᠯᠠᠭ᠎ᠠ ᠶᠠᠪᠤᠭᠤᠯᠵᠤ ᠂ ᠬᠠᠷᠪᠢᠨ ᠬᠤᠳᠠ ᠶᠢᠨ ᠰᠠᠭᠤᠭᠠᠯᠢ ᠠᠷᠠᠳ ᠬᠢᠭᠡᠳ ᠬᠦᠷᠦᠯᠴᠡᠨ ᠢᠷᠡᠭᠰᠡᠨ ᠵᠢᠭᠤᠯᠴᠢᠯᠠᠬᠰᠠᠳ ᠲᠤ ᠡᠯ᠎ᠡ | ᠭᠠᠵᠠᠷ ᠤᠨ ᠰᠣᠶᠣᠯ ᠤᠷᠠᠯᠢᠭ ᠪᠠ ᠵᠠᠩ ᠳᠠᠳᠬᠠᠯ ᠢ ᠣᠶᠢᠯᠠᠭᠠᠭᠤᠯᠵᠤ ᠂ ᠲᠤᠮᠳᠠᠳᠦ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠤᠨ ᠭᠠᠶᠢᠬᠠᠮᠰᠢᠭ ᠢ | ᠬᠠᠷᠠᠭᠤᠯᠤᠭᠰᠠᠨ ᠪᠠᠶᠢᠨ᠎ᠠ ᠃ | | |