8 ᠳ᠋ᠤᠭᠠᠷ ᠰᠠᠷ᠎ᠠ ᠠᠴᠠ ᠡᠬᠢᠯᠡᠨ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠦᠨ ᠤ ᠭᠡᠷᠡᠴᠢᠯᠡᠬᠦ ᠵᠦᠢᠯᠡᠰ ᠢ ︽ᠺᠣᠳ᠋ ᠢᠶᠠᠨ ᠦᠵᠡᠭᠦᠯᠦᠭᠰᠡᠭᠡᠷ ᠭᠦᠢᠴᠡᠳᠬᠡᠵᠦ ᠪᠣᠯᠬᠤ︾ ᠶᠢ ᠪᠥᠬᠦ ᠲᠠᠯ᠎ᠠ ᠪᠠᠷ ᠬᠡᠷᠡᠭᠵᠢᠭᠦᠯᠪᠡ
ᠨᠡᠶᠢᠲᠡᠯᠡᠭᠰᠡᠨ ᠴᠠᠭ᠄
2024/8/7
        ︽ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠭᠡᠷᠡᠴᠢᠯᠡᠬᠦ ᠵᠦᠢᠯᠡᠰ ᠢ ᠨᠡᠶᠢᠳᠬᠡᠵᠦ ︿ ᠺᠣᠳ᠋ ᠢᠶᠠᠨ ᠦᠵᠡᠭᠦᠯᠦᠭᠰᠡᠭᠡᠷ ᠭᠦᠢᠴᠡᠳᠬᠡᠵᠦ ᠪᠣᠯᠬᠤ ﹀ ᠠᠵᠢᠯ ᠢ ᠠᠬᠢᠭᠤᠯᠬᠤ ᠲᠤᠬᠠᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ ︾ ᠳᠤ ᠂ ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠵᠢᠭ ᠫᠷᠣᠭ᠍ᠷᠠᠮ ᠪᠠ ᠪᠥᠬᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠨ ᠬᠠᠳᠠᠭᠠᠯᠠᠭᠴᠢ ᠨᠢ ᠠᠵᠢᠯᠲᠠᠨ ᠠᠵᠢᠯᠴᠢᠨ ᠤ ᠲᠤᠰᠢᠶᠠᠨ ᠬᠠᠳᠠᠭᠠᠯᠠᠭᠰᠠᠨ ᠭᠡᠷᠡᠴᠢ ᠂ ᠣᠨᠳᠣᠤ ᠭᠠᠵᠠᠷ ᠲᠤ ᠵᠢᠭᠡᠯᠡᠯᠭᠡ ᠲᠤᠰᠢᠶᠠᠨ ᠬᠠᠳᠠᠭᠠᠯᠠᠭᠰᠠᠨ ᠭᠡᠷᠡᠴᠢ ᠪᠠ ᠵᠢᠭᠡᠯᠡᠯᠭᠡ ᠶᠢ ᠪᠣᠳᠣᠵᠤ ᠳᠠᠭᠤᠰᠬᠠᠭᠰᠠᠨ ᠭᠡᠷᠡᠴᠢ ᠵᠡᠷᠭᠡ ᠬᠤᠪᠢ ᠬᠥᠮᠦᠨ ᠤ ᠭᠡᠷᠡᠴᠢ ᠶᠢ ᠭᠤᠶᠤᠴᠢᠯᠠᠵᠤ ᠠᠪᠬᠤ ᠦᠶ᠎ᠡ ᠳᠤ ᠂ ᠬᠤᠪᠢ ᠬᠥᠮᠥᠨ ᠳᠤ ᠨᠢ ᠴᠠᠭ ᠲᠤᠬᠠᠶ ᠳᠤ ᠨᠢ ᠰᠦᠯᠵᠢᠶ᠎ᠡ ᠪᠠᠷ ᠭᠠᠷᠭᠠᠵᠤ ᠥᠭᠬᠦ ᠂ ᠠᠷᠤ ᠲᠠᠪᠴᠠᠩ ᠳᠤ ᠠᠦ᠋ᠲ᠋ᠣ᠋ ᠪᠠᠶᠢᠴᠠᠭᠠᠨ ᠰᠢᠯᠭᠠᠬᠤ ᠵᠡᠷᠭᠡ ᠦᠢᠯᠡᠴᠢᠯᠡᠭᠡ ᠬᠠᠩᠭᠠᠵᠤ ᠪᠠᠶᠢᠵᠠᠢ ᠂ ᠣᠳᠣ ᠨᠢᠭᠡᠳᠦᠯᠲᠡᠶ ︽ ᠡᠯᠧᠺᠳ᠋ᠷᠣᠨ ᠺᠣᠳ᠋ ︾ ᠢᠶᠠᠷ ᠤᠤᠯ ᠤᠨ 3 ᠵᠦᠢᠯ ᠤᠨ ᠴᠠᠭᠠᠰᠤᠨ ᠭᠡᠷᠡᠴᠢ ᠶᠢ ᠣᠷᠣᠯᠠᠭᠤᠯᠵᠤ ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠦᠨ ᠤ ᠭᠡᠷᠡᠴᠢᠯᠡᠬᠦ ᠵᠦᠢᠯᠡᠰ ᠢ ︽ ᠺᠣᠳ᠋ ᠢᠶᠠᠨ ᠦᠵᠡᠭᠦᠯᠦᠭᠰᠡᠭᠡᠷ ᠭᠦᠢᠴᠡᠳᠬᠡᠵᠦ ᠪᠣᠯᠬᠤ ︾ ᠶᠢ ᠪᠡᠶᠡᠯᠡᠭᠦᠯᠦᠨ᠎ᠡ ᠭᠡᠵᠦ ᠳᠤᠷᠠᠳᠪᠠ ᠃ 2024 ᠣᠨ ᠤ 8 ᠳ᠋ᠤᠭᠠᠷ ᠰᠠᠷ᠎ᠠ ᠠᠴᠠ ᠡᠬᠢᠯᠡᠨ ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠦᠨ ᠤ ᠭᠡᠷᠡᠴᠢᠯᠡᠬᠦ ᠵᠦᠢᠯᠡᠰ ᠢ ︽ ᠺᠣᠳ᠋ ᠢᠶᠠᠨ ᠦᠵᠡᠭᠦᠯᠦᠭᠰᠡᠭᠡᠷ ᠭᠦᠢᠴᠡᠳᠬᠡᠵᠦ ᠪᠣᠯᠬᠤ ︾ ᠶᠢ ᠪᠥᠬᠦ ᠲᠠᠯ᠎ᠠ ᠪᠠᠷ ᠬᠡᠷᠡᠭᠵᠢᠭᠦᠯᠪᠡ ᠃    ᠺᠣᠳ᠋ ᠢ ᠰᠢᠷᠪᠢᠵᠦ ᠲᠥᠷᠥ ᠶᠢᠨ ᠶᠠᠪᠤᠳᠠᠯ ᠤᠨ ᠬᠤᠷᠢᠶᠠᠨ ᠤ ᠬᠡᠷᠡᠭᠯᠡᠭᠴᠢ ᠶᠢᠨ ᠵᠢᠵᠢᠭ ᠫᠷᠣᠭ᠍ᠷᠠᠮ ᠳᠤ ᠣᠷᠣᠭᠠᠷᠠᠢ    【 ᠪᠦᠬᠦ ᠤᠯᠤᠰ ᠤᠨ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠯᠭ᠎ᠠ ᠶᠢᠨ ᠮᠦᠩᠭᠦ 】 ᠶᠢᠨ ᠦᠢᠯᠡᠴᠢᠯᠡᠭᠡ
    政策解读1(1).jpg    
     
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ