ᠬᠤᠲᠠ ᠳᠠᠬᠢ ᠠᠮᠢᠳᠤᠷᠠᠯ ᠳᠤ ᠳᠥᠭᠦᠮᠯᠡᠬᠦ ᠮᠥᠴᠡ ᠶᠢᠨ ᠵᠠᠶᠢᠲᠠᠢ ᠲᠣᠭᠤᠷᠢᠭ ᠤᠨ ᠲᠤᠷᠰᠢᠯᠲᠠ ᠶᠢᠨ ᠴᠡᠭ ᠤᠨ ᠰᠠᠨᠠᠭᠤᠯᠤᠮᠵᠢ
ᠨᠡᠶᠢᠲᠡᠯᠡᠭᠰᠡᠨ ᠴᠠᠭ᠄
2024/8/8
    ᠲᠠᠨ ᠤ ᠬᠢᠨ ᠪᠠᠭᠲᠠᠨ᠎ᠠ ᠦᠦ ︖ ᠬᠤᠳᠠᠯᠳᠤᠭᠠᠨ ᠤ ᠶᠠᠪᠤᠳᠠᠯ ᠤᠨ ᠶᠠᠮᠤᠨ 15 ᠲᠤᠷᠰᠢᠯᠲᠠ ᠶᠢᠨ ᠭᠠᠵᠠᠷ ᠣᠷᠣᠨ ᠢ ᠵᠠᠷᠯᠠᠨ ᠨᠡᠶᠢᠲᠡᠯᠡᠪᠡ    ᠬᠤᠳᠠᠯᠳᠤᠭᠠᠨ ᠤ ᠶᠠᠪᠤᠳᠠᠯ ᠤᠨ ᠶᠠᠮᠤᠨ ᠣᠶᠢᠷ᠎ᠠ ᠳᠤ 15 ᠭᠠᠵᠠᠷ ᠣᠷᠣᠨ ᠢ ᠬᠤᠲᠠ ᠳᠠᠬᠢ ᠠᠮᠢᠳᠤᠷᠠᠯ ᠳᠤ ᠳᠥᠭᠦᠮᠯᠡᠬᠦ ᠮᠥᠴᠡ ᠶᠢᠨ ᠵᠠᠶᠢᠲᠠᠢ ᠲᠣᠭᠤᠷᠢᠭ ᠤᠨ ᠲᠦᠷᠦᠭᠦᠤ ᠪᠦᠯᠦᠭ ᠪᠥᠬᠦ ᠣᠷᠣᠨ ᠪᠦᠰᠡ ᠪᠠᠷ ᠠᠬᠢᠭᠤᠯᠬᠤ ᠬᠤᠰᠢᠭᠤᠴᠢ ᠣᠷᠣᠨ ᠤ ᠲᠤᠷᠰᠢᠯᠲᠠ ᠶᠢᠨ ᠴᠡᠭ ᠪᠣᠯᠭᠠᠬᠤ ᠬᠡᠮᠡᠨ ᠵᠠᠷᠯᠠᠨ ᠨᠡᠶᠢᠲᠡᠯᠡᠪᠡ ᠃ ᠲᠦᠷᠦᠭᠦᠦ ᠪᠦᠯᠦᠭ ᠪᠦᠬᠦ ᠣᠷᠣᠨ ᠪᠦᠰᠡ ᠪᠠᠷ ᠠᠬᠢᠭᠤᠯᠬᠤ ᠬᠤᠰᠢᠭᠤᠴᠢ ᠣᠷᠣᠨ ᠤ ᠲᠤᠷᠰᠢᠯᠲᠠ ᠶᠢᠨ ᠴᠡᠭ ᠨᠢ ᠬᠤᠶᠠᠷ ᠵᠢᠯ ᠤᠨ ᠬᠤᠭᠤᠴᠠᠭ᠎ᠠ ᠶᠢ ᠠᠰᠢᠭᠯᠠᠵᠤ ᠪᠠᠶᠢᠭᠠᠳ ᠬᠤᠳᠠ ᠶᠢᠨ ᠭᠤᠣᠯ ᠪᠣᠯᠬᠤ ᠲᠣᠭᠤᠷᠢᠭ ᠲᠤ ᠪᠠᠨ ᠠᠮᠢᠳᠤᠷᠠᠯ ᠳᠤ ᠳᠥᠭᠦᠮᠯᠡᠬᠦ ᠮᠥᠴᠡ ᠶᠢᠨ ᠵᠠᠶᠢᠲᠠᠢ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠨᠡᠶᠢᠳᠡᠮ ᠪᠦᠷᠬᠦᠭᠦᠯᠦᠨ᠎ᠡ ᠃ ᠡᠨᠡ 15 ᠲᠤᠷᠰᠢᠯᠲᠠ ᠶᠢᠨ ᠭᠠᠵᠠᠷ ᠣᠷᠣᠨ ᠪᠣᠯ ᠪᠡᠭᠡᠵᠢᠩ ᠬᠤᠲᠠ ᠶᠢᠨ ᠳ᠋ᠦ᠋ᠩᠴᠸᠡᠭ ᠲᠣᠭᠤᠷᠢᠭ ᠂ ᠪᠡᠭᠡᠵᠢᠩ ᠬᠤᠳᠠ ᠶᠢᠨ ᠰᠢᠴᠸᠡᠭ ᠲᠣᠭᠤᠷᠢᠭ ᠂ ᠲᠢᠶᠠᠨᠵᠢᠨ ᠬᠤᠳᠠ ᠶᠢᠨ ᠪᠢᠨ ᠬᠠᠢ ᠰᠢᠨ᠎ᠡ ᠲᠣᠭᠤᠷᠢᠭ ᠂ ᠾᠧᠪᠧᠢ ᠮᠤᠵᠢ ᠶᠢᠨ ᠱᠢ ᠵᠢᠶᠠ ᠵᠤᠸᠠᠩ ᠬᠤᠳᠠ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠳᠠ ᠂ ᠬᠠᠷᠠᠮᠥ᠋ᠷᠡᠨ ᠮᠤᠵᠢ ᠶᠢᠨ ᠵᠠᠮᠰᠣ ᠬᠤᠳᠠ ᠂ ᠵᠢᠶᠠᠩᠰᠤ ᠮᠤᠵᠢ ᠶᠢᠨ ᠨᠠᠨᠵᠢᠩ ᠬᠤᠳᠠ ᠂ ᠵᠧᠵᠢᠶᠠᠩ ᠮᠤᠵᠢ ᠶᠢᠨ ᠸᠧᠨᠵᠸᠤ ᠬᠤᠳᠠ ᠂ ᠱᠠᠨᠳᠦ᠋ᠩ ᠮᠤᠵᠢ ᠶᠢᠨ ᠵᠢᠨᠠᠨ ᠬᠤᠳᠠ ᠂ ᠾᠧᠨᠠᠨ ᠮᠤᠵᠢ ᠶᠢᠨ ᠾᠧ ᠪᠢ ᠬᠤᠳᠠ ᠂ ᠬᠤᠪᠧᠢ ᠮᠤᠵᠢ ᠶᠢᠨ ᠦᠬᠠᠨ ᠬᠤᠳᠠ ᠂ ᠬᠠᠶᠢᠨᠠᠨ ᠮᠤᠵᠢ ᠶᠢᠨ ᠰᠠᠨᠶᠠ ᠬᠤᠳᠠ ᠂ ᠴᠦᠩᠴᠢᠩ ᠬᠤᠳᠠ ᠶᠢᠨ ᠯᠢᠶᠠᠩ ᠵᠢᠶᠠᠩ ᠰᠢᠨ᠎ᠡ ᠲᠣᠭᠤᠷᠢᠭ ᠂ ᠭᠠᠨᠰᠤ ᠮᠤᠵᠢ ᠶᠢᠨ ᠯᠠᠨᠵᠧᠦ ᠬᠤᠳᠠ ᠂ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠢᠷᠭᠠᠢ ᠬᠤᠲᠠ ᠪᠣᠯᠣᠨ᠎ᠠ ᠃    
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ