ᠡᠳᠦᠷ ᠪᠦᠷᠢ ᠶᠢᠨ ᠬᠤᠭᠤᠯᠠᠨ ᠳᠠᠭᠠᠨ ᠪᠤᠷᠴᠠᠭ ᠪᠠ ᠰᠦ ᠨᠡᠮᠡᠵᠦ ᠪᠠᠶᠢᠭᠠᠷᠠᠢ
ᠨᠡᠶᠢᠲᠡᠯᠡᠭᠰᠡᠨ ᠴᠠᠭ᠄
2024/9/11
   ᠣᠶᠢᠷ᠎ᠠ ᠶᠢᠨ ᠵᠢᠯ ᠳᠤ ᠮᠠᠨ ᠤ ᠤᠯᠤᠰ ᠤᠨ ᠰᠠᠭᠤᠭᠠᠯᠢ ᠠᠷᠠᠳ ᠤᠨ ᠰᠢᠮ᠎ᠡ ᠲᠡᠵᠢᠭᠡᠯ ᠤᠨ ᠪᠠᠶᠢᠳᠠᠯ ᠪᠠ ᠬᠤᠭᠤᠯᠠᠨ ᠤ ᠪᠦᠲᠦᠴᠡ ᠢᠯᠡᠳᠲᠡ ᠰᠠᠶᠢᠵᠢᠷᠠᠵᠤ ᠂ ᠢᠯᠠᠩᠭᠤᠶ᠎ᠠ ᠤᠭᠤᠷᠠᠭ ᠂ ᠥᠭᠡᠬᠦ ᠪᠠ ᠨᠡᠭᠦᠷᠡᠰᠦ ᠤᠰᠤᠨ ᠤ ᠨᠢᠭᠡᠳᠪᠦᠷᠢ ᠵᠡᠷᠭᠡ ᠭᠤᠷᠪᠠᠨ ᠲᠥᠷᠥᠯ ᠤᠨ ᠰᠢᠮ᠎ᠡ ᠲᠡᠵᠢᠭᠡᠯ ᠤᠨ ᠡᠳ᠋ ᠢ ᠰᠢᠩᠭᠡᠭᠡᠨ ᠠᠪᠬᠤ ᠬᠡᠮᠵᠢᠶ᠎ᠡ ᠨᠢ ᠢᠳᠡᠭᠡᠨ ᠤᠮᠳᠠᠭᠠᠨ ᠤ ᠯᠠᠪᠯᠠᠯᠲᠠ ᠶᠢᠨ ᠪᠠᠷᠢᠮᠵᠢᠶ᠎ᠠ ᠳᠤ ᠦᠨᠳᠦᠰᠦᠨ ᠳᠡᠭᠡᠨ ᠬᠦᠷᠴᠡᠢ ᠃ ᠭᠡᠪᠡᠴᠦ ᠢᠳᠡᠭᠡᠨ ᠤᠮᠳᠠᠭᠠᠨ ᠤ ᠪᠦᠲᠦᠴᠡ ᠳᠤ ᠮᠥᠨ ᠯᠡ ᠵᠣᠬᠢᠰ ᠦᠭᠡᠶ ᠲᠠᠯ᠎ᠠ ᠣᠷᠣᠰᠢᠵᠤ ᠂ ᠵᠢᠱᠢᠶᠡᠯᠡᠪᠡᠯ ᠰᠦᠨ ᠤ ᠲᠥᠷᠥᠯ ᠂ ᠪᠤᠷᠴᠠᠭ ᠤᠨ ᠲᠦᠷᠦᠯ ᠤᠨ ᠬᠡᠷᠡᠭᠯᠡᠯᠳᠡ ᠬᠦᠷᠦᠯᠴᠡᠬᠦ ᠦᠭᠡᠢ ᠪᠠᠶᠢᠵᠤ ᠂ ᠢᠳᠡᠭᠡᠨ ᠤᠮᠳᠠᠭᠠᠨ ᠤ ᠯᠠᠪᠯᠠᠯᠲᠠ ᠶᠢᠨ ᠪᠠᠷᠢᠮᠵᠢᠶ᠎ᠠ ᠠᠴᠠ ᠳᠣᠣᠷ᠎ᠠ ᠪᠠᠶᠢᠨ᠎ᠠ ᠭᠡᠵᠦ ᠵᠢᠭᠠᠵᠠᠢ ᠃ ᠪᠡᠭᠡᠵᠢᠩ ᠤᠨ ᠰᠢᠶᠧ ᠾᠧ ᠡᠮᠨᠡᠯᠭᠡ ᠶᠢᠨ ᠡᠮᠴᠢᠯᠡᠭᠡᠨ ᠤ ᠰᠢᠮ᠎ᠡ ᠲᠡᠵᠢᠭᠡᠯ ᠤᠨ ᠰᠠᠯᠠᠭᠠᠨ ᠤ ᠡᠷᠬᠢᠯᠡᠭᠴᠢ ᠢᠦᠶ ᠺᠠᠩ ᠬᠡᠯᠡᠬᠦ ᠳᠡᠭᠡᠨ ᠂ ᠦᠷᠭᠦᠯᠵᠢ ᠰᠢᠷ᠎ᠠ ᠪᠤᠷᠴᠠᠭ ᠢᠳᠡᠬᠦ ᠨᠢ ᠬᠡᠤᠬᠡᠳ ᠤᠨ ᠥᠰᠥᠯᠲᠡ ᠪᠤᠶᠢᠵᠢᠯᠲᠠ ᠳᠤ ᠠᠰᠢᠭᠲᠠᠶ ᠂ ᠨᠠᠰᠤᠨ ᠳᠤ ᠭᠦᠷᠦᠭᠰᠡᠳ ᠵᠣᠬᠢᠬᠤ ᠬᠡᠮᠵᠢᠶᠡᠨ ᠤ ᠰᠢᠷ᠎ᠠ ᠪᠤᠷᠴᠠᠭ ᠢᠳᠡᠪᠡᠯ ᠵᠢᠷᠦᠬᠡ ᠴᠢᠰᠤᠨ ᠰᠤᠳᠠᠯ ᠤᠨ ᠡᠪᠡᠳᠴᠢᠨ ᠤ ᠲᠦᠭᠰᠢᠭᠦᠷᠢ ᠪᠠ ᠡᠮᠡᠭᠲᠡᠶᠢᠴᠦᠳ ᠤᠨ ᠬᠥᠬᠦᠨ ᠤ ᠪᠤᠯᠴᠢᠷᠬᠠᠶ ᠶᠢᠨ ᠥᠮᠡᠨ ᠳᠤ ᠨᠡᠷᠪᠡᠭᠳᠡᠬᠦ ᠲᠦᠭᠰᠢᠭᠦᠷᠢ ᠶᠢ ᠪᠠᠭᠠᠰᠬᠠᠵᠤ ᠪᠣᠯᠤᠨ᠎ᠠ ᠭᠡᠳᠡᠭ ᠢ ᠭᠡᠷᠡᠴᠢᠯᠡᠵᠡᠢ ᠃ ᠪᠠᠰᠠ ᠂ ᠨᠠᠰᠤᠲᠠᠶᠢᠴᠤᠳ ᠰᠢᠷ᠎ᠠ ᠪᠤᠷᠴᠠᠭ ᠵᠢᠴᠢ ᠲᠡᠭᠦᠨ ᠤ ᠪᠦᠲᠦᠭᠡᠭᠳᠡᠬᠦᠨ ᠢ ᠵᠣᠬᠢᠬᠤ ᠬᠡᠮᠵᠢᠶ᠎ᠡ ᠪᠠᠷ ᠬᠡᠷᠡᠭᠯᠡᠬᠦ ᠨᠢ ᠴᠢᠨᠠᠷ ᠰᠠᠶᠢᠲᠠᠶ ᠤᠭᠤᠷᠠᠭ ᠢ ᠨᠥᠬᠦᠪᠥᠷᠢᠯᠡᠬᠦ ᠳᠤ ᠠᠰᠢᠭᠲᠠᠶ ᠪᠠᠶᠢᠵᠤ ᠂ ᠣᠨᠴᠠᠭᠠᠶᠢᠯᠠᠨ ᠨᠠᠰᠤᠲᠠᠶᠢᠴᠤᠳ ᠤᠨ ᠪᠤᠯᠴᠢᠩ ᠮᠢᠬ᠎ᠠ ᠰᠤᠯᠠᠷᠠᠨ ᠮᠠᠭᠤᠳᠠᠬᠤ ᠠᠰᠠᠭᠤᠳᠠᠯ ᠢ ᠰᠡᠷᠭᠡᠶᠢᠯᠡᠨ᠎ᠡ ᠭᠡᠵᠡᠢ ᠃ ᠪᠤᠷᠴᠠᠭ ᠢᠯᠡᠬᠦᠦ ᠢᠳᠡᠬᠦ ᠲᠤᠬᠠᠢ ᠢᠦᠶ ᠺᠠᠩ ᠡᠮᠴᠢ ᠰᠠᠨᠠᠭᠤᠯᠬᠤ ᠳᠠᠭᠠᠨ ᠂ ᠨᠠᠰᠤᠨ ᠳᠤ ᠭᠦᠷᠦᠭᠰᠡᠳ ᠳᠤᠮᠳᠠᠴᠢ ᠪᠠᠷ ᠡᠳᠦᠷ ᠲᠤ 15 — 25 ᠭᠷᠠᠮ ᠤᠨ ᠰᠢᠷ᠎ᠠ ᠪᠤᠷᠴᠠᠭ ᠪᠤᠶᠤ ᠵᠣᠬᠢᠬᠤ ᠬᠡᠮᠵᠢᠶᠡᠨ ᠤ ᠰᠢᠷ᠎ᠠ ᠪᠤᠷᠴᠠᠭ ᠤᠨ ᠢᠳᠡᠭᠡᠨ ᠢ ᠢᠳᠡᠬᠦ ᠬᠡᠷᠡᠭᠲᠡᠶ ᠃ ᠡᠭᠦᠨ ᠤ ᠲᠤᠯᠠᠳᠠ ᠪᠤᠷᠴᠠᠭ ᠤᠨ ᠵᠤᠲᠠᠩ ᠂ ᠳ᠋ᠧᠦᠹᠦ᠋ ᠂ ᠳ᠋ᠧᠦᠹᠦ᠋ ᠶᠢᠨ ᠰᠢᠷᠬᠡᠭ ᠂ ᠳ᠋ᠧᠦᠹᠦ᠋ ᠶᠢᠨ ᠬᠠᠲᠠᠭᠠᠮᠠᠯ ᠵᠡᠷᠭᠡ ᠰᠢᠷ᠎ᠠ ᠪᠤᠷᠴᠠᠭ ᠪᠤᠶᠤ ᠪᠤᠷᠴᠠᠭ ᠤᠨ ᠢᠳᠡᠭᠡᠨ ᠤ ᠵᠦᠢᠯ ᠢ ᠨᠡᠮᠡᠵᠦ ᠡᠳ᠋ᠯᠡᠬᠦ ᠶᠢᠨ ᠬᠠᠮᠲᠤ ᠭᠤᠷᠪᠠᠨ ᠡᠷᠡᠨ ᠤ ᠬᠤᠭᠤᠯᠠᠨ ᠳᠠᠭᠠᠨ ᠲᠡᠩᠴᠡᠭᠦᠬᠡᠨ ᠡᠳ᠋ᠯᠡᠪᠡᠯ ᠵᠤᠬᠢᠰᠲᠠᠢ ᠃ ᠬᠠᠷᠠᠰᠤ ᠢᠳᠡᠳᠡᠭ ᠪᠤᠶᠤ ᠰᠠᠶᠤᠤᠲᠠᠨ ᠬᠦᠮᠦᠰ ᠡᠳᠦᠷ ᠲᠤ 50 — 80 ᠭᠷᠠᠮ ᠡᠳ᠋ᠯᠡᠵᠦ ᠪᠤᠯᠤᠨ᠎ᠠ ᠂ ᠬᠠᠷᠢᠨ ᠵᠦᠪᠬᠡᠨ ᠥᠨᠳᠡᠭᠡ ᠰᠦ ᠡᠳ᠋ᠯᠡᠳᠡᠭ ᠬᠥᠮᠦᠰ ᠡᠳᠦᠷ ᠪᠦᠷᠢ 25 — 60 ᠭᠷᠠᠮ ᠢᠳᠡᠬᠦ ᠶᠢ ᠰᠠᠨᠠᠯ ᠪᠤᠯᠭᠠᠨ᠎ᠠ ᠭᠡᠵᠡᠢ ᠃ ᠰᠦ ᠨᠡᠮᠡᠬᠦ ᠲᠤᠬᠠᠶ ᠢᠦᠶ ᠺᠠᠩ ᠡᠮᠴᠢ ᠶᠢᠨ ᠦᠵᠡᠬᠦ ᠪᠠᠷ ᠂ ᠨᠠᠰᠤᠨ ᠳᠤ ᠭᠦᠷᠦᠭᠰᠡᠳ ᠡᠳᠦᠷ ᠪᠦᠷᠢ 300 ᠮᠢᠯᠢᠯᠢᠲ᠋ᠧᠷ ᠠᠴᠠ ᠳᠡᠭᠡᠭᠰᠢ ᠰᠦ ᠪᠤᠶᠤ ᠵᠣᠬᠢᠬᠤ ᠬᠡᠮᠵᠢᠶᠡᠨ ᠤ ᠴᠠᠭᠠᠨ ᠢᠳᠡᠭᠡ ᠢᠳᠡᠪᠡᠯ ᠵᠣᠬᠢᠨ᠎ᠠ ᠃ ᠠᠳᠠᠯᠢ ᠪᠤᠰᠤ ᠲᠥᠷᠥᠯ ᠤᠨ ᠰᠦᠨ ᠤ ᠲᠥᠷᠥᠯ ᠪᠤᠶᠤ ᠴᠠᠭᠠᠨ ᠢᠳᠡᠭᠡᠨ ᠢ ᠰᠣᠩᠭᠤᠵᠤ ᠪᠣᠯᠤᠨ᠎ᠠ ᠃ ᠦᠨᠢᠶᠡᠨ ᠰᠦ ᠂ ᠡᠭᠡᠳᠡᠭᠰᠡᠨ ᠰᠦ ᠂ ᠪᠢᠰᠢᠯᠠᠭ ᠵᠡᠷᠭᠡ ᠶᠢ ᠪᠠᠭᠲᠠᠭᠠᠨ᠎ᠠ ᠂ ᠰᠦ ᠶᠢᠨ ᠰᠢᠬᠢᠷ ᠢ ᠳᠠᠭᠠᠭᠠᠬᠤ ᠦᠭᠡᠢ ᠬᠥᠮᠦᠰ ᠪᠠᠭ᠎ᠠ ᠬᠡᠮᠵᠢᠶ᠎ᠡ ᠪᠠᠷ ᠣᠯᠠᠨ ᠤᠳᠠᠭ᠎ᠠ ᠤᠤᠭᠤᠵᠤ ᠪᠣᠯᠤᠨ᠎ᠠ ᠂ ᠰᠦᠨ ᠤ ᠵᠦᠢᠯ ᠢ ᠪᠤᠰᠤᠳ ᠢᠳᠡᠭᠡᠨ ᠲᠠᠢ ᠬᠠᠮᠲᠤ ᠢᠳᠡᠪᠡᠯ ᠵᠣᠬᠢᠨ᠎ᠠ ᠂ ᠵᠢᠱᠢᠶᠡᠯᠡᠪᠡᠯ ᠰᠦᠨ ᠤ ᠵᠦᠢᠯ ᠢ ᠠᠮᠤ ᠪᠤᠳᠠᠭ᠎ᠠ ᠂ ᠵᠢᠮᠢᠰ ᠨᠣᠭᠤᠭ᠎ᠠ ᠵᠡᠷᠭᠡ ᠲᠠᠢ ᠬᠤᠯᠢᠵᠤ ᠢᠳᠡᠪᠡᠯ ᠰᠦ ᠶᠢᠨ ᠰᠢᠬᠢᠷ ᠤᠨ ᠭᠡᠳᠡᠰᠦᠨ ᠳᠠᠬᠢ ᠰᠢᠩᠭᠡᠭᠡᠯᠲᠡ ᠶᠢ ᠤᠳᠠᠭᠠᠰᠢᠷᠠᠭᠤᠯᠵᠤ ᠂ ᠡᠭᠦᠨ ᠤ ᠤᠯᠠᠮ ᠢᠶᠠᠷ ᠡᠪᠡᠳᠴᠢᠨ ᠤ ᠢᠯᠡᠷᠡᠯ ᠢ ᠨᠠᠮᠳᠠᠭᠠᠨ᠎ᠠ ᠭᠡᠵᠡᠢ ᠃  
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ