| ᠶᠢᠰᠦᠳᠦᠭᠡᠷ ᠰᠠᠷ᠎ᠠ ᠪᠤᠯᠵᠤ ᠂ ᠠᠭᠠᠷ ᠤᠨ ᠳᠤᠯᠠᠭᠠᠨ ᠠᠭᠠᠵᠢᠮ ᠢᠶᠠᠷ ᠳᠣᠷᠣᠭᠰᠢᠯᠠᠬᠤ ᠶᠢ ᠳᠠᠭᠠᠯᠳᠤᠨ ᠂ ᠵᠡᠭᠦᠨᠭᠠᠷ ᠬᠤᠰᠢᠭᠤᠨ ᠤ ︽ ᠳᠤᠯᠠᠭᠠᠯᠠᠭ᠎ᠠ ᠶᠢᠨ | ᠢᠨᠵᠧᠨᠧᠷᠢᠩ ︾ ᠴᠦ ᠰᠡᠬᠦᠯ ᠰᠢᠪᠳᠤᠷᠬᠤ ᠱᠠᠲᠤᠨ ᠳᠤ ᠣᠷᠣᠵᠤ ᠂ ᠡᠯ᠎ᠡ ᠪᠠᠷᠢᠯᠭ᠎ᠠ ᠶᠢᠨ ᠠᠬᠤᠢ ᠳᠠᠯᠠᠪᠠᠢ ᠳᠤ ᠮᠠᠰᠢᠨ ᠳᠤᠨᠤᠬᠯᠠᠯ ᠤᠨ ᠲᠠᠭᠤᠨ ᠬᠦᠷᠴᠢᠬᠢᠨᠡᠵᠤ ᠂ | ᠪᠠᠷᠢᠯᠭ᠎ᠠ ᠶᠢᠨ ᠠᠵᠢᠯᠴᠢᠳ ᠪᠠᠷᠢᠯᠭ᠎ᠠ ᠶᠢᠨ ᠬᠤᠭᠤᠴᠠᠭ᠎ᠠ ᠶᠢ ᠠᠮᠵᠢᠭᠤᠯᠤᠨ ᠂ ᠶᠠᠰᠤ ᠴᠢᠨᠠᠷ ᠢ ᠪᠠᠲᠤᠯᠠᠵᠤ ᠂ ᠠᠬᠢᠴᠠ ᠶᠢ ᠠᠳᠬᠤᠨ ᠂ ︽ ᠳᠤᠯᠠᠭᠠᠯᠠᠭ᠎ᠠ ︾ | ᠶᠢ ᠲᠣᠭᠲᠠᠭᠰᠠᠨ ᠬᠤᠭᠤᠴᠠᠭᠠᠨ ᠳᠤᠨᠢ ᠬᠦᠷᠭᠡᠬᠦ ᠶᠢ ᠪᠠᠳᠤᠯᠠᠨ᠎ᠠ ᠃ | ︽ᠳᠤᠯᠠᠭᠠᠯᠠᠭ᠎ᠠ ᠶᠢᠨ ᠢᠨᠵᠧᠨᠧᠷᠢᠩ︾ ᠤᠨ ᠵᠡᠭᠦᠨᠭᠠᠷ ᠪᠠᠷᠠᠭᠤᠨ ᠵᠠᠮ ᠤᠨ ᠢᠯᠴᠢ ᠬᠠᠩᠭᠠᠬᠤ ᠬᠤᠭᠤᠯᠠᠢ ᠲᠣᠣᠷ ᠢ ᠥᠭᠡᠷᠡᠴᠢᠯᠡᠨ ᠵᠠᠰᠠᠬᠤ ᠠᠵᠢᠯ ᠤᠨ ᠠᠬᠤᠢ | ᠲᠠᠯᠠᠪᠠᠢ ᠳᠤ ᠂ ᠪᠠᠷᠢᠯᠭ᠎ᠠ ᠶᠢᠨ ᠠᠵᠢᠯᠴᠢᠳ ᠬᠤᠭᠤᠯᠠᠢ ᠳᠡᠪᠢᠰᠬᠦ ᠂ ᠭᠠᠩᠨᠠᠬᠤ ᠂ ᠪᠤᠯᠠᠬᠤ ᠵᠡᠷᠭᠡ ᠠᠵᠢᠯ ᠢ ᠪᠠᠴᠢᠮ ᠶᠠᠭᠠᠷᠠᠯᠲᠠᠢ ᠬᠢᠵᠦ ᠂ ᠬᠠᠮᠤᠭ ᠰᠡᠭᠦᠯᠴᠢ ᠶᠢᠨ ᠨᠢᠭᠡ | ᠢᠯᠴᠢ ᠬᠠᠩᠭᠠᠬᠤ ᠬᠤᠭᠤᠯᠠᠢ ᠲᠣᠣᠷ ᠢ ᠳᠡᠭᠦᠵᠢᠯᠡᠨ ᠤᠭᠰᠠᠷᠠᠵᠤ ᠂ ᠭᠠᠩᠨᠠᠵᠤ ᠳᠠᠭᠤᠰᠬᠤ ᠶᠢ ᠳᠠᠭᠠᠯᠳᠤᠨ᠂ ᠲᠤᠰ ᠲᠦᠷᠦᠯ ᠵᠦᠢᠯ ᠲᠡᠭᠦᠰ ᠠᠮᠵᠢᠯᠲᠠ ᠲᠠᠢ | ᠳᠠᠭᠤᠰᠴᠠᠢ᠃ | | | | ︽ ᠵᠡᠭᠦᠨᠭᠠᠷ ᠪᠠᠷᠠᠭᠤᠨ ᠵᠠᠮ ᠤᠨ ᠢᠯᠴᠢ ᠬᠠᠩᠭᠠᠬᠤ ᠬᠤᠭᠤᠯᠠᠢ ᠲᠣᠣᠷ ᠢ ᠥᠭᠡᠷᠡᠴᠢᠯᠡᠨ ᠵᠠᠰᠠᠬᠤ ᠢᠨᠵᠧᠨᠧᠷᠢᠩ ᠤᠨ ᠪᠥᠬᠦ ᠣᠷᠳᠣ ᠨᠢ ᠪᠠᠷᠤᠭ 1.1 ᠺᠢᠯᠣᠮᠧᠲᠷ | ᠪᠠᠶᠢᠵᠤ ᠂ ᠪᠠᠷᠤᠭ140 ᠲᠦᠮᠡᠨ ᠲᠥᠭᠦᠷᠢᠭ ᠤᠨ ᠪᠡᠯᠡ ᠣᠷᠣᠭᠤᠯᠪᠠ ᠃ ᠣᠳᠣᠬᠠᠨ ᠳᠤ ᠪᠠᠷᠢᠯᠭ᠎ᠠ ᠶᠢᠨ ᠠᠵᠢᠯ ᠰᠢᠪᠲᠤᠷᠭᠠᠨ ᠳᠠᠭᠠᠨ ᠣᠷᠣᠵᠤ ᠂ ᠬᠤᠭᠤᠯᠠᠢ | ᠳᠤᠤᠷ ᠭᠠᠩᠨᠠᠬᠤ ᠠᠵᠢᠯ ᠪᠦᠬᠦᠨ ᠢᠶᠠᠷ ᠢᠶᠠᠨ ᠳᠠᠭᠤᠰᠴᠠᠢ᠃ ᠲᠥᠷᠥᠯ ᠵᠦᠢᠯ ᠤᠨ ᠥᠭᠡᠷᠡᠴᠢᠯᠡᠨ ᠵᠠᠰᠠᠬᠤ ᠠᠵᠢᠯ ᠨᠢ ᠳᠠᠮᠵᠢᠭᠤᠯᠬᠤ ᠬᠤᠭᠤᠯᠠᠢ ᠳᠤᠤᠷ ᠬᠠᠭᠤᠴᠢᠷᠠᠵᠤ | ᠪᠠᠶᠢᠭ᠎ᠠ ᠠᠰᠠᠭᠤᠳᠠᠯ ᠢ ᠰᠢᠢᠳᠪᠦᠷᠢᠯᠡᠵᠦ ᠂ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠰᠠᠭᠠᠳ ᠭᠠᠷᠬᠤ ᠶᠢ ᠪᠠᠭᠠᠰᠬᠠᠨ ᠂ ᠾᠧ ᠰᠢᠶᠧ ᠰᠠᠭᠤᠭᠠᠯᠢ ᠲᠣᠭᠤᠷᠢᠭ ᠂ | ᠱᠢ ᠵᠢᠢ ᠳᠤᠮᠳᠠᠳᠤ ᠰᠤᠷᠭᠠᠭᠤᠯᠢ ᠂ ᠶᠢᠨ ᠬᠤᠢ ᠳᠤᠭᠤᠷᠢᠭ ᠵᠡᠷᠭᠡ ᠰᠠᠭᠤᠭᠠᠯᠢ ᠲᠣᠭᠤᠷᠢᠭ ᠤᠨ 30 ᠲᠦᠮᠡᠨ ᠲᠡᠭᠰᠢ ᠳᠥᠷᠪᠡᠯᠵᠢᠨ ᠮᠧᠲᠷ ᠲᠤ ᠳᠤᠯᠠᠭᠠᠯᠠᠭ᠎ᠠ ᠶᠢᠨ | ᠠᠮᠤᠷ ᠲᠦᠪᠰᠢᠨ ᠤ ᠪᠠᠲᠤᠯᠠᠭ᠎ᠠ ᠶᠢ ᠬᠠᠩᠭᠠᠬᠤ ᠪᠣᠯᠣᠨ᠎ᠠ ᠃ ᠪᠢᠳᠡ ᠳᠤᠯᠠᠭᠠᠯᠠᠭ᠎ᠠ ᠶᠢᠨ ᠬᠤᠭᠤᠴᠠᠭ᠎ᠠ ᠬᠦᠷᠴᠦ ᠢᠷᠡᠬᠦ ᠠᠴᠠ ᠡᠮᠦᠨ᠎ᠡ ᠠᠵᠢᠯ ᠢᠶᠠᠨ ᠳᠠᠭᠤᠰᠬᠠᠬᠤ ᠪᠠᠷ | ᠴᠢᠷᠮᠠᠶᠢᠵᠤ ᠂ ᠳᠤᠯᠠᠭᠠᠯᠠᠭ᠎ᠠ ᠶᠢ ᠴᠠᠭ ᠲᠤᠬᠠᠢ ᠳᠤᠨᠢ ᠬᠦᠷᠭᠡᠨ᠎ᠡ ︾ ᠭᠡᠵᠦ ᠵᠡᠭᠦᠨᠭᠠᠷ ᠢᠯᠴᠢ ᠶᠢᠨ ᠬᠦᠴᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ | ᠢᠨᠵᠧᠨᠧᠷᠢᠩ ᠤᠨ ᠬᠡᠯᠲᠡᠰ ᠤᠨ ᠳᠠᠭᠠᠭᠠᠮᠠᠯ ᠳ᠋ᠢᠩ ᠬᠤᠶ ᠱᠤᠸᠠᠢ ᠶᠠᠷᠢᠨ᠎ᠠ ᠃ | | | | ᠡᠨᠡ ᠵᠢᠯ ᠂ ᠵᠡᠭᠦᠨᠭᠠᠷ ᠬᠤᠰᠢᠭᠤ ︽ ᠳᠤᠯᠠᠭᠠᠯᠠᠭ᠎ᠠ ᠶᠢᠨ ᠢᠨᠵᠧᠨᠧᠷᠢᠩ ︾ ᠢ ᠠᠷᠠᠳ ᠤᠨ ᠠᠮᠢᠳᠤᠷᠠᠯ ᠤᠨ ︽ ᠨᠢᠭᠡᠳᠦᠭᠡᠷ ᠨᠣᠮᠧᠷᠲᠤ ᠢᠨᠵᠧᠨᠧᠷᠢᠩ ︾ | ᠪᠣᠯᠭᠠᠵᠤ ᠂ ᠳᠤᠯᠠᠭᠠᠯᠠᠭ᠎ᠠ ᠶᠢᠨ ᠪᠠᠲᠤᠯᠠᠭ᠎ᠠ ᠂ ᠤᠰᠤ ᠬᠠᠩᠭᠠᠯᠭ᠎ᠠ ᠶᠢᠨ ᠪᠠᠲᠤᠯᠠᠭ᠎ᠠ ᠂ ᠰᠢᠲᠠᠮᠠᠬᠠᠢ ᠬᠡᠢ ᠶᠢᠨ ᠪᠠᠲᠤᠯᠠᠭ᠎ᠠ ᠂ ᠴᠠᠬᠢᠯᠭᠠᠨ ᠬᠠᠩᠭᠠᠯᠭ᠎ᠠ ᠶᠢᠨ ᠪᠠᠲᠤᠯᠠᠭ᠎ᠠ ᠂ | ᠭᠠᠯ ᠤᠨᠲᠠᠷᠠᠭᠠᠬᠤ ᠬᠡᠮ ᠰᠣᠭᠤᠭ ᠢ ᠬᠠᠯᠠᠨ ᠰᠠᠶᠢᠵᠢᠷᠠᠭᠤᠯᠬᠤ ᠵᠡᠷᠭᠡ 5 ᠲᠠᠯ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠪᠠ ᠃ ᠣᠶᠢᠯᠠᠭᠠᠭᠰᠠᠨ ᠢᠶᠠᠷ ᠂ | ᠵᠡᠭᠦᠨᠭᠠᠷ ᠬᠤᠰᠢᠭᠤ ᠡᠨᠡ ᠵᠢᠯ ᠳᠤᠯᠠᠭᠠᠯᠠᠭ᠎ᠠ ᠶᠢᠨ ᠪᠠᠲᠤᠯᠠᠭ᠎ᠠ ᠶᠢᠨ 24 ᠲᠥᠷᠥᠯ ᠵᠦᠢᠯ ᠢ ᠬᠡᠷᠡᠭᠵᠢᠭᠦᠯᠵᠦ ᠂ ᠨᠡᠶᠢᠲᠡ 16.79 ᠳ᠋ᠦᠩᠰᠢᠭᠤᠷ ᠲᠥᠭᠦᠷᠢᠭ ᠤᠨ | ᠪᠡᠯᠡ ᠣᠷᠣᠭᠤᠯᠵᠤ ᠂ ᠡᠭᠦᠨ ᠳᠤ ᠢᠯᠴᠢ ᠶᠢᠨ ᠡᠬᠢ ᠰᠤᠷᠪᠤᠯᠵᠢ ᠶᠢᠨ ᠥᠭᠡᠷᠡᠴᠢᠯᠡᠨ ᠵᠠᠰᠠᠯᠳᠠ ᠶᠢᠨ ᠲᠥᠷᠥᠯ ᠵᠦᠢᠯ 4 ᠪᠠᠶᠢᠵᠤ ᠂ ᠶᠡᠷᠦᠩᠭᠡᠢ ᠪᠡᠯᠡ ᠤᠷᠤᠭᠤᠯᠤᠯᠳᠠ | ᠨᠢ 4.40 ᠳ᠋ᠦᠩᠰᠢᠭᠤᠷ ᠲᠥᠭᠦᠷᠢᠭ ᠲᠤ ᠬᠦᠷᠴᠤ ᠂ ᠢᠯᠴᠢ ᠬᠠᠩᠭᠠᠬᠤ ᠬᠤᠭᠤᠯᠠᠢ ᠲᠣᠣᠷ ᠢ ᠥᠭᠡᠷᠡᠴᠢᠯᠡᠨ ᠵᠠᠰᠠᠬᠤ ᠲᠥᠷᠥᠯ ᠵᠦᠢᠯ 15 ᠪᠠᠶᠢᠵᠤ ᠂ ᠶᠡᠷᠦᠩᠭᠡᠢ | ᠪᠡᠯᠡ ᠤᠷᠤᠭᠤᠯᠤᠯᠳᠠ ᠨᠢ 11.41 ᠳ᠋ᠦᠩᠰᠢᠭᠤᠷ ᠲᠥᠭᠦᠷᠢᠭ ᠲᠤ ᠬᠦᠷᠴᠤ ᠂ ᠢᠯᠴᠢ ᠰᠣᠯᠢᠯᠴᠠᠬᠤ ᠥᠷᠲᠡᠭᠡ ᠶᠢᠨ ᠥᠭᠡᠷᠡᠴᠢᠯᠡᠨ ᠵᠠᠰᠠᠬᠤ ᠲᠥᠷᠥᠯ ᠵᠦᠢᠯ 3 | ᠪᠠᠶᠢᠵᠤ ᠂ ᠶᠡᠷᠦᠩᠭᠡᠢ ᠪᠡᠯᠡ ᠤᠷᠤᠭᠤᠯᠤᠯᠳᠠ ᠨᠢ 0.35 ᠳ᠋ᠦᠩᠰᠢᠭᠤᠷ ᠲᠥᠭᠦᠷᠢᠭ ᠲᠤ ᠬᠦᠷᠴᠤ ᠂ ᠣᠶᠤᠨᠴᠢ ᠢᠯᠴᠢ ᠬᠠᠩᠭᠠᠬᠤ ᠲᠥᠷᠥᠯ ᠵᠦᠢᠯ 1 ᠪᠠᠶᠢᠵᠤ ᠂ | ᠶᠡᠷᠦᠩᠭᠡᠢ ᠪᠡᠯᠡ ᠤᠷᠤᠭᠤᠯᠤᠯᠳᠠ ᠨᠢ 0.2 ᠳ᠋ᠦᠩᠰᠢᠭᠤᠷ ᠲᠥᠭᠦᠷᠢᠭ ᠲᠤ ᠬᠦᠷᠴᠤ ᠂ ᠵᠡᠭᠦᠨᠭᠠᠷ ᠬᠤᠰᠢᠭᠤᠨ ᠤ ᠰᠤᠷᠭᠠᠭᠤᠯᠢ ᠶᠢᠨ ᠬᠦᠷᠢᠶᠡᠨ ᠤ ᠳᠤᠯᠠᠭᠠᠯᠠᠭ᠎ᠠ ᠶᠢᠨ | ᠢᠨᠵᠧᠨᠧᠷᠢᠩ 1 ᠪᠠᠶᠢᠵᠤ ᠂ ᠶᠡᠷᠦᠩᠭᠡᠢ ᠪᠡᠯᠡ ᠤᠷᠤᠭᠤᠯᠤᠯᠳᠠ ᠨᠢ 0.4238 ᠳ᠋ᠦᠩᠰᠢᠭᠤᠷ ᠲᠥᠭᠦᠷᠢᠭ ᠲᠤ ᠬᠦᠷᠴᠡᠢ ᠃ ︽ ᠳᠤᠯᠠᠭᠠᠯᠠᠭ᠎ᠠ ᠶᠢᠨ ᠢᠨᠵᠧᠨᠧᠷᠢᠩ ︾ | ᠢ ᠬᠡᠷᠡᠭᠵᠢᠭᠦᠯᠬᠦ ᠪᠠᠷ ᠳᠠᠮᠵᠢᠭᠤᠯᠤᠨ ᠂ ᠣᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠨᠥᠯᠥᠭᠡᠯᠡᠵᠦ ᠪᠠᠶᠢᠭ᠎ᠠ ᠬᠦᠴᠢᠷ ᠲᠦᠪᠡᠭᠲᠡᠢ ᠠᠰᠠᠭᠤᠳᠠᠯ ᠪᠠ | ᠬᠠᠷᠰᠢ ᠰᠠᠭᠠᠳ ᠤᠨ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠵᠦ ᠂ ︽ ᠳᠤᠯᠠᠭᠠᠨ ᠬᠤᠲᠠ ︾ ᠶᠢᠨ ᠠᠷᠠᠳ ᠲᠦᠮᠡᠨ ᠤ ᠬᠦᠷᠲᠡᠮᠵᠢ ᠶᠢᠨ ᠲᠥᠷᠥᠭᠳᠡᠯ ᠂ ᠵᠣᠯ | ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠪᠣᠯᠣᠨ᠎ᠠ ᠃ | |