| | 9 ᠰᠠᠷ᠎ᠠ ᠶᠢᠨ 10 ᠤ ᠡᠳᠦᠷ ᠂ ᠵᠢᠷᠭᠤᠳᠤᠭᠠᠷ ᠬᠤᠭᠤᠴᠠᠭᠠᠨ ᠤ ᠬᠠᠲᠤᠨ ᠭᠤᠣᠯ ᠳᠠᠭᠠᠤ ᠶᠢᠨ ᠶᠢᠰᠦᠨ ᠮᠤᠵᠢ ᠣᠷᠣᠨ ᠤ ᠬᠠᠲᠤᠨ ᠭᠤᠣᠯ ᠤᠨ ᠶᠠᠷᠢᠶᠠᠨ ᠤ | ᠲᠠᠪᠴᠠᠩ ᠵᠢᠴᠢ ᠲᠠᠪᠤᠳᠤᠭᠠᠷ ᠬᠤᠭᠤᠴᠠᠭᠠᠨ ᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ | ᠣᠨᠣᠯ ᠤᠨ ᠰᠤᠳᠤᠯᠤᠨ ᠶᠠᠷᠢᠯᠴᠠᠬᠤ ᠬᠤᠷᠠᠯ ᠵᠡᠭᠦᠨᠭᠠᠷ ᠬᠤᠰᠢᠭᠤᠨ ᠳᠤ ᠬᠤᠷᠠᠯᠳᠤᠪᠠ ᠂ ᠬᠤᠷᠠᠯ ᠳᠡᠭᠡᠷ᠎ᠡ ︽ ᠬᠠᠲᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠮᠡᠳᠡᠭᠦᠯᠦᠯᠲᠡ ︵ 2024 ︶ ︾ ᠶᠢ ᠵᠢᠩᠬᠢᠨᠢ ᠪᠠᠷ ᠨᠡᠶᠢᠲᠡᠯᠡᠪᠡ ᠃ | | | | ᠲᠤᠰ ᠮᠡᠳᠡᠭᠦᠯᠦᠯᠲᠡ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠠᠴᠠ ᠵᠣᠬᠢᠶᠠᠨ | ᠪᠠᠶᠢᠭᠤᠯᠵᠤ ᠨᠠᠶᠢᠷᠠᠭᠤᠯᠤᠨ ᠪᠢᠴᠢᠵᠦ ᠂ ᠬᠥᠬᠡᠨᠠᠭᠤᠷ᠂ ᠰᠧᠴᠤᠸᠠᠨ᠂ ᠭᠠᠨᠰᠤ᠂ ᠨᠢᠩᠰᠢᠶᠠ᠂ ᠥᠪᠥᠷ ᠮᠣᠩᠭᠤᠯ ᠂ ᠱᠠᠨᠰᠢ ᠂ ᠱᠠᠨ ᠰᠢ᠂ ᠾᠧᠨᠠᠨ᠂ ᠱᠠᠨᠳᠦ᠋ᠩ ᠵᠡᠷᠭᠡ | ᠶᠢᠰᠦᠨ ᠮᠤᠵᠢ ︵ᠣᠷᠣᠨ︶ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠬᠠᠮᠲᠤᠷᠠᠨ ᠲᠤᠰᠬᠠᠢ ᠮᠡᠷᠭᠡᠵᠢᠯᠲᠡᠨ ᠡᠷᠳᠡᠮᠲᠡᠨ ᠢ ᠵᠣᠬᠢᠶᠠᠨ ᠪᠠᠶᠢᠭᠤᠯᠵᠤ | ᠳᠤᠭᠤᠷᠪᠢᠨ ᠪᠢᠴᠢᠬᠦᠯᠵᠡᠢ ᠃ ᠮᠡᠳᠡᠭᠦᠯᠦᠯᠲᠡ ᠨᠢ ᠶᠡᠷᠦᠩᠬᠡᠢ ᠮᠡᠳᠡᠭᠦᠯᠦᠯᠲᠡ᠂ ᠮᠤᠵᠢ ᠣᠷᠣᠨ ᠤ ᠮᠡᠳᠡᠭᠦᠯᠦᠯᠲᠡ᠂ ᠠᠮᠢ ᠠᠬᠤᠢ ᠶᠢᠨ ᠬᠠᠮᠠᠭᠠᠯᠠᠯᠲᠠ ᠶᠢᠨ ᠮᠡᠳᠡᠭᠦᠯᠦᠯᠲᠡ᠂ | ᠪᠣᠬᠢᠷᠲᠤᠯ ᠦᠭᠡᠢ ᠪᠠᠷ ᠬᠡᠯᠪᠡᠷᠢ ᠶᠢ ᠬᠤᠪᠢᠷᠠᠭᠤᠯᠬᠤ ᠮᠡᠳᠡᠭᠦᠯᠦᠯᠲᠡ᠂ ᠴᠢᠨᠠᠷ ᠰᠠᠶᠢᠲᠠᠢ ᠬᠥᠭᠵᠢᠯᠲᠡ ᠶᠢᠨ ᠮᠡᠳᠡᠭᠦᠯᠦᠯᠲᠡ᠂ ᠰᠣᠶᠣᠯ ᠤᠨ ᠤᠯᠠᠮᠵᠢᠯᠠᠯ ᠪᠠ | ᠪᠠᠳᠠᠷᠠᠭᠤᠯᠤᠯᠲᠠ ᠶᠢᠨ ᠮᠡᠳᠡᠭᠦᠯᠦᠯᠲᠡ᠂ ᠣᠷᠣᠨ ᠨᠤᠲᠤᠭ ᠤᠨ ᠬᠡᠷᠡᠭ ᠤᠨ ᠵᠢᠱᠢᠶ᠎ᠡ ᠶᠢᠨ ᠮᠡᠳᠡᠭᠦᠯᠦᠯᠲᠡ ᠵᠡᠷᠭᠡ ᠲᠤᠯᠤᠭᠠᠨ ᠶᠡᠭᠡ ᠠᠭᠤᠯᠭ᠎ᠠ ᠪᠠᠷ ᠪᠦᠷᠢᠯᠳᠦᠵᠡᠢ᠃ | ᠭᠤᠣᠯᠳᠠᠭᠤ 2023 ᠣᠨ ᠤ ᠳᠣᠣᠷ᠎ᠠ ᠬᠠᠭᠠᠰ ᠵᠢᠯ ᠠᠴᠠ 2024 ᠣᠨ ᠤ ᠳᠡᠭᠡᠷ᠎ᠡ ᠬᠠᠭᠠᠰ ᠵᠢᠯ ᠪᠣᠯᠲᠠᠯᠠᠬᠢ ᠬᠤᠭᠤᠴᠠᠭᠠᠨ ᠳᠤ ᠂ ᠤᠯᠤᠰ ᠤᠨ ᠳᠡᠰ | ᠳᠠᠪᠬᠤᠷᠭ᠎ᠠ ᠶᠢᠨ ᠪᠠ ᠬᠠᠲᠤᠨ ᠭᠤᠣᠯ ᠳᠠᠭᠠᠤ ᠶᠢᠨ ᠶᠢᠰᠦᠨ ᠮᠤᠵᠢ ︵ ᠣᠷᠣᠨ ︶ ᠶᠢᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠷᠭ᠎ᠠ ᠪᠠᠷᠢᠯ ᠂ ᠠᠬᠢᠴᠠ ᠵᠢᠴᠢ ᠢᠯᠡᠷᠡᠭᠰᠡᠨ ᠶᠡᠷᠦᠩᠬᠡᠢ ᠬᠠᠨᠳᠤᠰᠢ ᠂ ᠭᠤᠣᠯ ᠲᠤᠯᠭᠠᠷᠠᠵᠤ ᠪᠠᠶᠢᠭ᠎ᠠ ᠠᠰᠠᠭᠤᠳᠠᠯ | ᠪᠣᠯᠣᠨ ᠵᠣᠬᠢᠴᠠᠩᠭᠤᠢ ᠠᠷᠭ᠎ᠠ ᠪᠣᠳᠣᠯᠭ᠎ᠠ ᠶᠢᠨ ᠰᠠᠨᠠᠭᠤᠯᠭ᠎ᠠ ᠪᠠᠶᠢᠵᠤ ᠂ ᠨᠢᠭᠡ ᠵᠢᠯ ᠤᠨ ᠲᠤᠷᠰᠢᠬᠢ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ | ᠬᠠᠮᠠᠭᠠᠯᠠᠯᠲᠠ ᠪᠠ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠴᠢᠨᠠᠷ ᠰᠠᠶᠢᠲᠠᠢ ᠬᠥᠭᠵᠢᠯᠲᠡ ᠶᠢ ᠲᠤᠰᠬᠠᠭᠰᠠᠨ ᠶᠡᠷᠦᠩᠬᠡᠶᠢᠯᠡᠭᠰᠡᠨ ᠴᠢᠨᠠᠷᠲᠠᠢ ᠣᠨ ᠤ ᠮᠡᠳᠡᠭᠦᠯᠦᠯᠲᠡ | ᠪᠠᠶᠢᠵᠤ ᠂ ᠬᠠᠲᠤᠨ ᠭᠤᠣᠯ ᠤᠨ ᠰᠠᠪᠠ ᠭᠠᠵᠠᠷ ᠤᠨ ᠠᠵᠤ ᠠᠬᠤᠢ ᠂ ᠤᠯᠤᠰ ᠲᠥᠷᠥ ᠂ ᠨᠡᠶᠢᠭᠡᠮ ᠂ ᠰᠣᠶᠣᠯ ᠂ ᠠᠮᠢ ᠠᠬᠤᠢ ᠶᠢᠨ ᠪᠣᠯᠪᠠᠰᠤᠨ ᠤ ︽ ᠲᠠᠪᠤ ᠶᠢ ᠨᠢᠭᠡ | ᠴᠣᠭᠴᠠᠵᠢᠭᠤᠯᠬᠤ ︾ ᠪᠦᠲᠦᠭᠡᠨ ᠪᠠᠶᠢᠭᠤᠯᠤᠯᠲᠠ ᠶᠢᠨ ᠳᠤᠮᠳᠠ ᠲᠤᠯᠭᠠᠷᠠᠭᠰᠠᠨ ᠴᠢᠬᠤᠯᠠ ᠶᠡᠭᠡ ᠣᠨᠣᠯ ᠤᠨ ᠪᠠ ᠪᠣᠳᠠᠲᠠᠢ ᠠᠰᠠᠭᠤᠳᠠᠯ ᠢ ᠰᠤᠳᠤᠯᠬᠤ ᠳᠤ ᠴᠢᠬᠤᠯᠠ | ᠡᠷᠳᠡᠮ ᠰᠢᠨᠵᠢᠯᠡᠭᠡᠨ ᠤ ᠳᠡᠮᠵᠢᠯᠭᠡ ᠬᠠᠩᠭᠠᠭᠰᠠᠨ ᠪᠠᠶᠢᠨ᠎ᠠ ᠃ | ᠣᠶᠢᠯᠠᠭᠠᠭᠰᠠᠨ ᠢᠶᠠᠷ ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠶᠡᠭᠡ ᠣᠨᠣᠯ | ᠪᠠ ᠦᠢᠯᠡᠳᠦᠯᠭᠡ ᠶᠢᠨ ᠠᠰᠠᠭᠤᠳᠠᠯ ᠤᠨ ᠲᠤᠬᠠᠢ ᠰᠤᠳᠤᠯᠭᠠᠨ ᠪᠠ ᠰᠣᠯᠢᠯᠴᠠᠭ᠎ᠠ ᠶᠢ ᠭᠦᠨᠵᠡᠭᠡᠶᠢᠷᠡᠭᠦᠯᠬᠦ ᠶᠢᠨ ᠲᠥᠯᠥᠭᠡ ᠂ ᠬᠠᠲᠤᠨ ᠭᠤᠣᠯ ᠤᠨ ᠰᠠᠪᠠ ᠭᠠᠵᠠᠷ ᠤᠨ | ᠶᠢᠰᠦᠨ ᠮᠤᠵᠢ ︵ ᠣᠷᠣᠨ ︶ ᠶᠢᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠠᠴᠠ 2020 ᠣᠨ ᠠᠴᠠ ᠡᠬᠢᠯᠡᠨ ︽ ᠬᠠᠲᠤᠨ ᠭᠤᠣᠯ ᠤᠨ ᠰᠠᠪᠠ | ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠣᠨᠣᠯ ᠤᠨ ᠰᠤᠳᠤᠯᠤᠨ ᠶᠠᠷᠢᠯᠴᠠᠬᠤ ᠬᠤᠷᠠᠯ ︾ ᠢ ᠡᠭᠡᠯᠵᠢᠯᠡᠨ | ᠬᠤᠷᠠᠯᠳᠤᠭᠤᠯᠬᠤ ᠪᠠᠷ ᠵᠥᠪᠳᠡᠯᠴᠡᠨ ᠲᠣᠭᠲᠠᠪᠠ ᠃ ᠡᠭᠦᠨ ᠢᠶᠠᠷ ᠠᠵᠠ ᠲᠣᠬᠢᠶᠠᠯ ᠪᠣᠯᠭᠠᠵᠤ ᠂ ᠠᠳᠠᠯᠢ ᠪᠤᠰᠤ ᠬᠠᠷᠠᠭᠠᠰᠤ ᠠᠴᠠ ᠬᠠᠳᠤᠨ ᠭᠤᠣᠯ ᠤᠨ ᠤᠯᠤᠰ ᠤᠨ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠨᠠᠭᠠᠰᠢᠬᠢ ᠰᠢᠨ᠎ᠡ ᠦᠷ᠎ᠡ ᠪᠦᠲᠦᠭᠡᠯ ᠂ ᠰᠢᠨ᠎ᠡ ᠦᠵᠡᠯ ᠰᠠᠨᠠᠭ᠎ᠠ ᠪᠣᠯᠣᠨ ᠰᠢᠨ᠎ᠡ ᠦᠵᠡᠯᠲᠡ ᠶᠢ ᠢᠯᠡᠷᠡᠭᠦᠯᠵᠦ ᠂ | ᠬᠠᠳᠤᠨ ᠭᠤᠣᠯ ᠤᠨ ᠤᠯᠤᠰ ᠤᠨ ᠪᠠᠶᠢᠯᠳᠤᠬᠤ ᠪᠣᠳᠣᠯᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠬᠠᠮᠳᠤᠪᠠᠷ ᠤᠨᠤᠯ ᠤᠨ ᠲᠤᠯᠭᠠᠭᠤᠷᠢᠯᠠᠯ ᠂ ᠡᠷᠳᠡᠮ | ᠰᠢᠨᠵᠢᠯᠡᠭᠡᠨ ᠤ ᠳᠡᠮᠵᠢᠯᠭᠡ᠂ ᠤᠶᠤᠨ ᠤ ᠦᠢᠯᠡᠴᠢᠯᠡᠭᠡ ᠬᠠᠩᠭᠠᠨ᠎ᠠ᠃ | |