ᠪᠤᠷᠤᠳᠤᠬᠤᠢ  — ᠤᠷᠬᠢᠬᠤ ᠭᠠᠴᠠᠭᠠᠨ ᠤ ᠬᠥᠳᠡᠭᠡ ᠲᠣᠰᠬᠤᠨ ᠢᠶᠠᠷ ᠲᠤᠭᠤᠷᠢᠨ ᠵᠤᠭᠠᠴᠠᠬᠤ
ᠨᠡᠶᠢᠲᠡᠯᠡᠭᠰᠡᠨ ᠴᠠᠭ᠄
2024/9/14
       ᠤᠷᠬᠢᠬᠤ ᠭᠠᠴᠠᠭ᠎ᠠ ᠂ ᠵᠡᠭᠦᠨᠭᠠᠷ ᠬᠤᠰᠢᠭᠤᠨ ᠤ ᠪᠠᠷᠠᠭᠤᠨ ᠬᠤᠶᠢᠲᠤ ᠪᠡᠶ᠎ᠡ ᠶᠢᠨ  ᠪᠤᠷᠤᠳᠤᠬᠤᠢ ᠰᠤᠮᠤᠨ ᠤ ᠵᠡᠭᠦᠨ ᠬᠡᠰᠡᠭ ᠲᠤ ᠪᠠᠶᠢᠷᠢᠯᠠᠵᠤ ᠂ ᠬᠥᠪᠴᠢ ᠶᠢᠨ ᠡᠯᠡᠰᠦᠨ ᠴᠦᠯ ᠤᠨ ᠡᠮᠦᠨ᠎ᠡ ᠵᠠᠬ᠎ᠠ ᠳᠤ ᠪᠠᠶᠢᠳᠠᠭ ᠃ ᠬᠢᠯᠢ ᠶᠢᠨ ᠳᠣᠲᠣᠷᠠᠬᠢ ᠤᠰᠤ ᠡᠪᠡᠰᠦᠨ ᠤ ᠡᠬᠢ ᠪᠠᠶᠠᠯᠢᠭ ᠡᠯᠪᠡᠭ ᠳᠡᠯᠪᠡᠭ ᠂ ᠪᠠᠶᠢᠭᠠᠯᠢ ᠶᠢᠨ ᠣᠷᠴᠢᠨ ᠲᠣᠭᠤᠷᠢᠨ ᠭᠤᠶᠢᠳᠠ ᠰᠠᠶᠢᠨ ᠂ ᠣᠷᠣᠨ ᠨᠤᠲᠤᠭ ᠤᠨ ᠣᠨᠴᠠᠯᠢᠭ ᠲᠠᠢ ᠰᠣᠶᠣᠯ ᠤᠨ ᠠᠭᠤᠯᠬᠤᠨ ᠪᠠ ᠠᠷᠠᠳ ᠤᠨ ᠵᠠᠩ ᠦᠶ᠋ᠯᠡ ᠲᠠᠢ ᠃     ᠣᠶᠢᠷ᠎ᠠ ᠶᠢᠨ ᠵᠢᠯ ᠳᠤ ᠂ ᠤᠷᠬᠢᠬᠤ ᠭᠠᠴᠠᠭ᠎ᠠ ᠨᠢ ᠬᠥᠬᠡᠮᠳᠦᠭ ᠨᠣᠭᠤᠭᠠᠨ ᠠᠭᠤᠯᠠ ᠤᠰᠤᠨ ᠤ ᠳᠠᠪᠠᠭᠤᠯᠢᠭ ᠡᠬᠢ ᠪᠠᠶᠠᠯᠢᠭ ᠲᠠᠭᠠᠨ ᠲᠦᠰᠢᠭᠯᠡᠨ ᠂ ︽ ᠠᠮᠢ ᠠᠬᠤᠶ ᠶᠢᠨ ᠳᠠᠷᠢᠵᠤ ᠲᠡᠵᠢᠭᠡᠬᠦ ᠂ ᠲᠣᠭᠤᠷᠢᠨ ᠦᠵᠡᠵᠦ ᠲᠡᠭᠦᠬᠦ ᠂ ᠪᠠᠶᠢᠭᠠᠯᠢ ᠶᠢᠨ ᠦᠵᠡᠮᠵᠢ ᠂ ᠰᠡᠯᠡᠭᠦᠴᠡᠨ ᠠᠮᠠᠷᠠᠬᠤ ᠂ ᠵᠤᠭ᠎ᠠ ᠴᠡᠩᠭᠡᠯ ᠤᠨ ᠬᠥᠮᠦᠵᠢᠯ ︾ ᠢ ᠴᠤᠭᠴᠠᠵᠢᠭᠤᠯᠤᠭᠰᠠᠨ ᠥᠩᠭᠡ ᠦᠵᠡᠮᠵᠢ ᠲᠠᠢ ᠤᠷᠬᠢᠬᠤ ᠭᠠᠴᠠᠭ᠎ᠠ ᠶᠢᠨ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠵᠤ ᠂ ᠬᠥᠮᠦᠰ ᠲᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠦᠵᠡᠮᠵᠢ ᠶᠢ ᠡᠳ᠋ᠯᠡᠭᠦᠯᠬᠦ ᠶᠢᠨ ᠬᠠᠮᠲᠤ ᠪᠠᠰᠠ ᠠᠭᠤᠯᠠ ᠤᠰᠤ ᠪᠠᠷ ᠵᠤᠭᠠᠴᠠᠨ ᠲᠣᠭᠤᠷᠢᠬᠤ ᠪᠠᠶᠢᠭᠠᠯᠢ ᠶᠢᠨ ᠣᠶᠢᠯᠠᠭᠠᠯᠲᠠ ᠲᠠᠢ ᠪᠣᠯᠭᠠᠵᠠᠶ ᠃   
ᠢᠷᠡᠯᠲᠡ᠄ ︽ᠪᠤᠷᠤᠳᠤᠬᠤᠢ ᠶᠢᠨ ᠨᠡᠶᠢᠳᠡᠯᠡᠯ︾ ᠳᠠᠪᠴᠠᠩ