| | 9 ᠰᠠᠷ᠎ᠠ ᠶᠢᠨ 13 ᠤ ᠡᠳᠦᠷ ᠂ ᠮᠢᠩᠭᠠᠨ ᠭᠠᠵᠠᠷ ᠢ ᠰᠤᠨᠳᠠᠯᠠᠭᠰᠠᠨ ᠰᠣᠶᠣᠯ ᠤᠨ ᠵᠤᠭᠠᠴᠠᠯ ᠤᠨ ᠦᠪᠡᠳᠡᠭᠰᠢ ᠴᠤᠭᠯᠠᠭᠠᠨ ᠭᠤᠸᠠᠩᠵᠧᠦ ᠳᠤ ᠭᠤᠶᠢᠳᠠ ᠰᠠᠶᠢᠬᠠᠨ | ᠶᠠᠪᠤᠭᠳᠠᠵᠤ ᠂ ᠵᠡᠭᠦᠨᠭᠠᠷ ᠬᠤᠰᠢᠭᠤ ᠲᠠᠯ᠎ᠠ ᠨᠤᠲᠤᠭ ᠤᠨ ᠣᠮᠤᠭ ᠪᠠᠭ᠋ᠠᠳᠤᠯᠳᠤ ᠰᠡᠳᠬᠢᠯᠭᠡ ᠪᠣᠯᠣᠨ ᠬᠠᠳᠤᠨ ᠭᠤᠣᠯ ᠤᠨ ᠢᠳᠡᠷᠡᠭᠦᠨ ᠵᠢᠪᠬᠤᠭ᠎ᠠ ᠶᠢ ᠢᠯᠡᠷᠡᠬᠦᠯᠤᠨ | ᠢᠮᠠᠭᠠᠳᠤ ᠬᠤᠳᠠ ᠳᠤ ᠬᠦᠷᠴᠦ ᠂ ᠭᠤᠸᠠᠩᠵᠧᠦ ᠪᠠᠷ ᠭᠤᠣᠯ ᠰᠠᠭᠤᠷᠢᠨ ᠢᠶᠠᠨ ᠪᠣᠯᠭᠠᠵᠤ ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠤ | ᠤᠯᠠᠨ ᠡᠰᠢᠲᠦ ᠬᠠᠮᠵᠢᠯᠴᠠᠭᠠᠨ ᠤ ᠡᠳᠡᠭᠡᠳ ᠢ ᠬᠠᠮᠤᠷᠴᠤ ᠂ ᠬᠤᠶᠠᠷ ᠬᠤᠳᠠ ᠶᠢᠨ ᠬᠠᠮᠲᠤᠷᠠᠭᠰᠠᠨ ᠰᠣᠶᠣᠯ ᠵᠤᠭᠠᠴᠠᠯ ᠤᠨ ᠤᠬᠠᠭᠤᠯᠭ᠎ᠠ ᠲᠠᠨᠢᠯᠴᠠᠭᠤᠯᠭ᠎ᠠ ᠶᠢᠨ | ᠠᠵᠢᠯᠯᠠᠭ᠎ᠠ ᠥᠷᠨᠢᠭᠦᠯᠵᠡᠢ᠃ | | | | ᠵᠡᠭᠦᠨᠭᠠᠷ ᠬᠤᠰᠢᠭᠤ ᠪᠣᠯ ᠪᠥᠬᠦ ᠤᠯᠤᠰ ᠤᠨ ᠵᠠᠭᠤᠨ ᠬᠦᠴᠦᠷᠬᠡᠭ ᠰᠢᠶᠠᠨ ᠪᠤᠯᠤᠨ᠎ᠠ ᠂ 2023 ᠣᠨ ᠳᠤ GDP ᠨᠢ 1400 ᠳ᠋ᠦᠩᠰᠢᠭᠤᠷ ᠲᠥᠭᠦᠷᠢᠭ ᠲᠤ | ᠬᠦᠷᠴᠦ ᠂ ᠣᠷᠳᠣᠰ ᠬᠤᠲᠠ ᠶᠢᠨ ᠠᠵᠤ ᠠᠬᠤᠢ ᠶᠢᠨ ᠬᠦᠴᠦᠷᠬᠡᠭ ᠬᠤᠰᠢᠭᠤ ᠪᠣᠯᠵᠤ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ | ᠡᠷᠭᠢᠯᠡᠬᠦ ᠣᠷᠴᠢᠨ ᠠᠬᠤᠢ ᠶᠢᠨ ᠦᠨᠡᠯᠡᠨ ᠵᠢᠱᠢᠯᠲᠡ ᠳᠤ ᠳᠡᠷᠢᠬᠦᠨ ᠳᠤ ᠵᠢᠭᠰᠠᠭᠠᠭᠳᠠᠵᠠᠢ ᠃ ᠵᠡᠭᠦᠨᠭᠠᠷ ᠨᠢ ᠪᠠᠰᠠ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠪᠠᠷᠠᠭᠤᠨ ᠡᠮᠦᠨᠡᠲᠦ ᠬᠡᠰᠡᠭ ᠤᠨ ᠡᠨᠧᠷᠭᠢ ᠶᠢᠨ ᠰᠠᠭᠤᠷᠢᠨ ᠭᠠᠵᠠᠷ ᠪᠠᠶᠢᠵᠤ ᠂ ᠠᠽᠢᠶ᠎ᠠ ᠲᠢᠪ ᠤᠨ ᠬᠠᠮᠤᠭ ᠤᠨ ᠲᠣᠮᠣ ᠵᠠᠳᠠᠭᠠᠢ ᠨᠡᠭᠦᠷᠡᠰᠦᠨ ᠠᠭᠤᠷᠬᠠᠢ | ︱ ᠤᠯᠤᠰ ᠤᠨ ᠡᠨᠧᠷᠬᠢ ᠶᠢᠨ ᠵᠡᠬᠦᠠᠭᠠᠷ ᠤᠨ ᠡᠨᠧᠷᠬᠢ ᠶᠢᠨ ᠬᠠᠳᠠᠢ ᠭᠤᠤᠯ ᠵᠠᠳᠠᠭᠠᠢ ᠨᠡᠭᠦᠷᠡᠰᠦᠨ ᠠᠭᠤᠷᠬᠠᠢ ᠲᠠᠢ ᠪᠠᠶᠢᠳᠠᠭ ᠃ ᠲᠡᠷᠡ ᠨᠢ ᠬᠠᠲᠤᠨ ᠭᠤᠣᠯ ᠤᠨ | ᠦᠷᠦᠴᠡᠨ ᠳᠤ ᠪᠠᠶᠢᠷᠢᠰᠢᠵᠤ ᠂ ᠳᠤᠮᠳᠠᠳᠤ ᠶᠢᠨ ᠲᠠᠷᠢᠶᠠᠯᠠᠬᠤ ᠰᠤᠶᠤᠯ ᠤᠨ ᠪᠣᠯᠪᠠᠰᠤᠨ ᠤ ᠥᠩ ᠰᠢᠮᠡᠯᠢᠭ ᠬᠥᠷᠥᠰᠥ ᠪᠤᠯᠬᠤ ᠮᠦᠷᠳᠡᠭᠡᠨ ᠂ ᠳᠤᠮᠳᠠᠳᠤ ᠤᠯᠤᠰ ᠤᠨ | ᠡᠷᠲᠡ ᠦᠶ᠎ᠡ ᠶᠢᠨ ᠮᠠᠯ ᠠᠵᠤ ᠠᠬᠤᠢ ᠶᠢᠨ ᠪᠣᠯᠪᠠᠰᠤᠨ ᠤ ᠥᠯᠥᠭᠡᠢ ᠪᠠᠶᠢᠵᠤ ᠂ ᠳᠤᠮᠳᠠᠳᠤ ᠤᠯᠤᠰ ᠤᠨ ᠠᠷᠠᠳ ᠤᠨ ᠤᠷᠠᠯᠢᠭ ᠤᠨ ︵ ᠮᠠᠩᠬᠠᠨ ᠠᠶᠠᠯᠭᠤ ︶ ᠶᠢᠨ | ᠨᠤᠲᠤᠭ ᠪᠤᠯᠤᠨ᠎ᠠ ᠃ | | | | ᠲᠤᠰ ᠤᠳᠠᠭᠠᠨ ᠤ ᠰᠣᠶᠣᠯ ᠵᠤᠭᠠᠴᠠᠯ ᠤᠨ ᠤᠬᠠᠭᠤᠯᠭ᠎ᠠ ᠲᠠᠨᠢᠯᠴᠠᠭᠤᠯᠭ᠎ᠠ ᠶᠢᠨ ᠬᠤᠷᠠᠯ ᠨᠢ ︽ ᠡᠨᠧᠷᠭᠢ ᠶᠢᠨ ᠰᠤᠷᠪᠤᠯᠵᠢ ᠪᠠᠷ ᠳᠤᠯᠠᠭᠠᠨ ᠬᠤᠲᠠ ᠪᠠᠨ | ᠮᠠᠨᠳᠤᠭᠤᠯᠵᠤ ᠂ ᠰᠢᠨ᠎ᠡ ᠢᠷᠡᠭᠡᠳᠤᠢ ᠳᠡᠶᠢᠰᠢ ᠤᠷᠤᠭᠰᠢᠯᠠᠬᠰᠠᠨ ᠵᠡᠭᠦᠨᠭᠠᠷ ︾ ᠭᠡᠬᠦ ᠪᠠᠷ ᠭᠤᠣᠯ ᠰᠡᠳᠦᠪ ᠪᠣᠯᠭᠠᠵᠤ ᠂ ᠵᠡᠭᠦᠨᠭᠠᠷ ᠬᠤᠰᠢᠭᠤᠨ ᠤ ᠰᠦᠷᠯᠢᠭ ᠰᠠᠶᠢᠬᠠᠨ | ᠪᠠᠶᠢᠭᠠᠯᠢ ᠶᠢᠨ ᠥᠩᠭᠡ ᠦᠵᠡᠮᠵᠢ ᠂ ᠭᠦᠨ ᠵᠤᠵᠠᠭᠠᠨ ᠲᠡᠦᠬᠡ ᠰᠣᠶᠣᠯ ᠤᠨ ᠠᠭᠤᠯᠬᠤᠨ ᠪᠠ ᠥᠪᠡᠷᠮᠢᠴᠡ ᠣᠨᠴᠠᠯᠢᠭ ᠲᠠᠢ ᠠᠷᠠᠳ ᠤᠨ ᠵᠠᠩ ᠦᠢᠯᠡ ᠪᠠᠷ | ᠭᠤᠸᠠᠩᠵᠧᠦ ᠶᠢᠨ ᠠᠷᠠᠳ ᠲᠦᠮᠡᠨ ᠳᠤ ᠳᠠᠨᠢᠬᠳᠠᠨ᠂ ︽ 1+4 ︾ ᠶᠢᠨ ᠬᠡᠯᠪᠡᠷᠢ ᠪᠠᠷ ᠨᠢᠭᠡ ᠤᠳᠠᠭᠠᠨ ᠤ ᠤᠬᠠᠭᠤᠯᠭ᠎ᠠ ᠲᠠᠨᠢᠯᠴᠠᠭᠤᠯᠭ᠎ᠠ ᠶᠢᠨ ᠠᠵᠢᠯᠯᠠᠭ᠎ᠠ ᠵᠢᠴᠢ | ᠳᠥᠷᠪᠡᠨ ᠤᠳᠠᠭᠠᠨ ᠤ ᠬᠢᠯᠪᠠᠭᠠᠨ ᠤᠷᠠᠯᠢᠭ ᠤᠨ ᠠᠵᠢᠯᠯᠠᠭ᠎ᠠ ᠶᠢ ᠪᠤᠶ ᠪᠣᠯᠭᠠᠵᠤ ᠂ ᠨᠢᠭᠡᠨ ᠳᠠᠯᠠᠪᠠᠢ ᠮᠠᠷᠳᠠᠬᠳᠠᠰᠢ ᠦᠭᠡᠢ ᠰᠤᠶᠤᠯ ᠵᠤᠭᠠᠴᠠᠯ ᠤᠨ ᠠᠶᠠᠯᠠᠯ ᠢ | ᠬᠠᠮᠳᠤᠪᠠᠷ ᠡᠬᠢᠯᠡᠬᠦᠯᠤᠨ ᠂ ᠰᠣᠶᠣᠯ ᠵᠤᠭᠠᠴᠠᠯ ᠤᠨ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠪᠦᠬᠦ ᠣᠷᠣᠨ | ᠪᠦᠰᠡ ᠶᠢᠨ ᠵᠤᠭᠠᠴᠠᠯ ᠢ ᠪᠦᠬᠦ ᠬᠦᠴᠦᠨ ᠢᠶᠠᠷ ᠠᠬᠢᠭᠤᠯᠵᠤ ᠂ ᠨᠢᠭᠡ ᠪᠦᠯᠦᠭ ᠣᠷᠣᠨ ᠪᠦᠰᠡ ᠶᠢᠨ ᠣᠨᠴᠠᠯᠢᠭ ᠲᠠᠢ ᠰᠣᠶᠣᠯ ᠤᠨ ᠲᠦᠷᠦᠯ ᠲᠡᠮᠳᠡᠭᠳᠤ ᠪᠣᠯᠣᠨ | ᠵᠤᠭᠠᠴᠠᠯ ᠤᠨ ᠦᠵᠡᠮᠵᠢ ᠶᠢᠨ ᠣᠷᠣᠨ ᠢ ᠴᠣᠭᠴᠠᠯᠠᠵᠤ ᠂ ︽ᠰᠣᠶᠣᠯ ᠤᠨ ᠬᠦᠴᠦᠷᠬᠡᠭ ᠬᠤᠰᠢᠭᠤ︾ ᠶᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ | ᠲᠥᠪᠯᠡᠷᠡᠭᠦᠯᠵᠦ ᠂ ︽ᠬᠠᠳᠤᠨ ᠭᠤᠣᠯ ᠤᠨ ᠳᠤᠮᠤ ᠬᠠᠪᠴᠢᠯ ᠂ ᠬᠠᠳᠤᠨ ᠭᠤᠣᠯ ᠤᠨ ᠳᠤᠮᠤ ᠡᠯᠡᠰᠦᠨ ᠴᠦᠯ ᠂ ᠭᠠᠶᠢᠬᠠᠮᠰᠢᠭᠲᠤ ᠨᠠᠷᠠᠰᠤᠨ ᠸᠠᠩ︾ ᠤᠨ ᠵᠤᠭᠠᠴᠠᠯ ᠤᠨ | ᠲᠦᠷᠦᠯ ᠲᠡᠮᠳᠡᠭᠳᠤ ᠶᠢ ᠪᠤᠢ ᠪᠤᠯᠭᠠᠬᠤ ᠪᠠᠷ ᠵᠤᠷᠢᠯᠳᠠ ᠪᠠᠨ ᠪᠤᠯᠭᠠᠵᠠᠢ᠃ | | | | ᠤᠬᠠᠭᠤᠯᠭ᠎ᠠ ᠲᠠᠨᠢᠯᠴᠠᠭᠤᠯᠭ᠎ᠠ ᠶᠢᠨ ᠠᠵᠢᠯᠯᠠᠭ᠎ᠠ ᠳᠤ ᠂ ᠵᠡᠭᠦᠨᠭᠠᠷ ᠬᠤᠰᠢᠭᠤᠨ ᠤ ᠬᠤᠶᠠᠷ ᠡᠳᠦᠷ ᠤᠨ ᠵᠤᠭᠠᠴᠠᠯ ᠂ ᠭᠤᠷᠪᠠᠨ ᠡᠳᠦᠷ ᠤᠨ ᠵᠤᠭᠠᠴᠠᠯ ᠤᠨ ᠱᠤᠭᠤᠮ ᠢ | ᠨᠡᠶᠢᠲᠡᠯᠡᠭᠰᠡᠨ ᠪᠥᠭᠡᠳ ᠭᠤᠸᠠᠩᠵᠧᠦ ᠬᠤᠲᠠ ᠶᠢᠨ ᠲᠢᠶᠠᠨ ᠾᠧ ᠲᠣᠭᠤᠷᠢᠭ ᠤᠨ ᠰᠣᠶᠣᠯ ᠷᠠᠳᠢᠣ᠋ ᠲᠧᠯᠸᠢᠰ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠯᠤᠭ᠎ᠠ | ᠬᠤᠶᠠᠷ ᠬᠤᠲᠠ ᠶᠢᠨ ᠰᠣᠶᠣᠯ ᠵᠤᠭᠠᠴᠠᠯ ᠤᠨ ᠦᠢᠯᠡᠰ ᠢ ᠬᠠᠮᠲᠤᠪᠠᠷ ᠪᠠᠶᠢᠭᠤᠯᠬᠤ ᠬᠠᠮᠲᠤᠷᠠᠯᠴᠠᠭᠠᠨ ᠤ ᠵᠥᠪᠳᠡᠯᠴᠡᠭᠡᠷ ᠲᠣᠭᠲᠠᠵᠤ ᠂ ᠤᠬᠠᠭᠤᠯᠭ᠎ᠠ ᠲᠠᠨᠢᠯᠴᠠᠭᠤᠯᠭ᠎ᠠ | ᠶᠢᠨ ᠠᠵᠢᠯᠯᠠᠭ᠎ᠠ ᠳᠤ 26 ᠰᠣᠶᠣᠯ ᠵᠤᠭᠠᠴᠠᠯ ᠤᠨ ᠠᠵᠤ ᠠᠬᠤᠶᠢᠯᠠᠯ ᠢ ᠤᠷᠢᠵᠤ ᠬᠤᠷᠠᠯ ᠳᠤ ᠣᠷᠣᠯᠴᠠᠭᠤᠯᠵᠤ ᠂ ᠡᠭᠦᠨ ᠳᠤ ᠲᠠᠪᠤᠨ ᠵᠤᠭᠠᠴᠠᠯ ᠤᠨ ᠭᠠᠵᠠᠷ | ᠨᠢ︽ᠵᠡᠭᠦᠨᠭᠠᠷ ᠬᠤᠰᠢᠭᠤᠨ ᠤ ᠰᠣᠶᠣᠯ ᠵᠤᠭᠠᠴᠠᠯ ︵ᠭᠤᠸᠠᠩᠵᠧᠦ︶ ᠤᠨ ᠡᠵᠡᠩᠨᠡᠨ ᠪᠣᠷᠣᠯᠠᠭᠤᠯᠬᠤ ᠴᠡᠭ︾ ᠪᠤᠯᠤᠬᠰᠠᠨ ᠪᠠᠶᠢᠨ᠎ᠠ᠃ | | | | ᠲᠣᠰ ᠤᠳᠠᠭᠠᠨ ᠤ ᠤᠬᠠᠭᠤᠯᠭ᠎ᠠ ᠲᠠᠨᠢᠯᠴᠠᠭᠤᠯᠭ᠎ᠠ ᠶᠢᠨ ᠠᠵᠢᠯᠯᠠᠭ᠎ᠠ ᠨᠢ ᠤᠷᠠᠨ ᠰᠠᠶᠢᠬᠠᠨ ᠤ ᠲᠣᠭᠯᠠᠯᠲᠠ ᠂ ᠬᠤᠲᠠ ᠶᠢᠨ ᠤᠬᠠᠭᠤᠯᠭᠠᠲ᠋ᠠᠨᠢᠯᠴᠠᠭᠤᠯᠭᠠ ᠂ ᠤᠷᠠᠨ | ᠰᠠᠶᠢᠬᠠᠨ ᠤ ᠮᠠᠶ᠋ᠢᠭ ᠤᠨ ᠵᠤᠭᠠᠴᠠᠯ ᠤᠨ ᠤᠬᠠᠭᠤᠯᠭ᠎ᠠ ᠲᠠᠨᠢᠯᠴᠠᠭᠤᠯᠭ᠎ᠠ ᠂ ᠰᠣᠳᠣᠨ ᠵᠤᠭᠠᠴᠠᠯ ᠤᠨ ᠵᠠᠮ ᠱᠤᠭᠤᠮ ᠢ ᠨᠡᠶᠢᠲᠡᠯᠡᠬᠦ ᠂ ᠲᠤᠬᠠᠢ ᠶᠢᠨ ᠲᠠᠯᠠᠪᠤᠷ ᠲᠤ | ᠬᠠᠷᠢᠯᠴᠠᠨ ᠬᠥᠳᠡᠯᠦᠯᠴᠡᠬᠦ ᠂ ᠣᠨᠴᠠᠯᠢᠭᠲᠤ ᠳᠡᠯᠭᠡᠨ ᠦᠵᠡᠭᠦᠯᠭᠡ ᠵᠢᠴᠢ ᠲᠤᠬᠠᠢ ᠶᠢᠨ ᠲᠠᠯᠠᠪᠤᠷ ᠲᠤ ᠬᠦᠷᠴᠤ ᠬᠠᠷᠢᠯᠴᠠᠨ ᠬᠥᠳᠡᠯᠦᠯᠴᠡᠬᠦ ᠵᠡᠷᠭᠡ ᠪᠠᠷ ᠳᠠᠮᠵᠢᠭᠤᠯᠤᠨ ᠂ | ᠬᠤᠷᠠᠯ ᠳᠤ ᠣᠷᠣᠯᠴᠠᠭᠰᠠᠨ ᠬᠦᠨᠳᠦᠲᠦ ᠵᠣᠴᠢᠳ ᠵᠢᠴᠢ ᠭᠤᠸᠠᠩᠵᠧᠦ ᠶᠢᠨ ᠬᠤᠲᠠ ᠶᠢᠨ ᠠᠷᠠᠳ ᠲᠤ ᠵᠡᠭᠦᠨᠭᠠᠷ ᠬᠤᠰᠢᠭᠤᠨ ᠤ ᠥᠪᠡᠷᠮᠢᠴᠡ ᠰᠣᠶᠣᠯ ᠵᠤᠭᠠᠴᠠᠯ ᠤᠨ | ᠡᠬᠢ ᠪᠠᠶᠠᠯᠢᠭ ᠪᠠ ᠵᠤᠭᠠᠴᠠᠯ ᠤᠨ ᠪᠦᠲᠦᠭᠡᠭᠳᠡᠬᠦᠨ ᠢ ᠪᠥᠬᠦ ᠲᠠᠯ᠎ᠠ ᠪᠠᠷ ᠂ ᠣᠯᠠᠨ ᠬᠠᠷᠠᠭᠠᠰᠤ ᠠᠴᠠ ᠳᠡᠯᠭᠡᠨ ᠦᠵᠡᠭᠦᠯᠵᠡᠢ ᠃ ᠡᠭᠦᠨ ᠤ ᠬᠠᠮᠲᠤ ᠂ ᠤᠬᠠᠭᠤᠯᠭ᠎ᠠ | ᠲᠠᠨᠢᠯᠴᠠᠭᠤᠯᠭ᠎ᠠ ᠶᠢᠨ ᠠᠵᠢᠯᠯᠠᠭ᠎ᠠ ᠳᠤ ᠪᠠᠰᠠ ᠲᠤᠬᠠᠢ ᠶᠢᠨ ᠲᠠᠯᠠᠪᠤᠷ ᠲᠤ ᠰᠤᠭᠤᠯᠤᠭ᠎ᠠ ᠳᠠᠳᠠᠬᠤ ᠬᠡᠯᠪᠡᠷᠢ ᠪᠠᠷ 22 ᠵᠤᠭᠠᠴᠠᠭᠴᠢ ᠳᠤ ᠠᠵᠠ ᠶᠢᠨ ᠬᠡᠮᠡᠷᠯᠢᠭ | ᠮᠥᠷᠭᠦ ᠶᠢᠨ ᠲᠣᠮᠣ ᠱᠠᠩᠨᠠᠯ ᠬᠦᠷᠭᠡᠵᠦ ᠂ ᠬᠤᠲᠠ ᠶᠢᠨ ᠠᠷᠠᠳ ᠂ ᠵᠤᠭᠠᠴᠠᠭᠴᠢ ᠳᠤ ᠪᠦᠳᠤᠭᠡᠯᠴᠢ ᠰᠣᠶᠣᠯ ᠤᠨ ᠪᠡᠯᠡᠭ ᠬᠦᠷᠭᠡᠭᠰᠡᠨ ᠪᠥᠭᠡᠳ ᠣᠯᠠᠨ ᠢ ᠤᠷᠢᠵᠤ | ᠵᠡᠭᠦᠨᠭᠠᠷ ᠬᠤᠰᠢᠭᠤᠨ ᠤ ᠠᠮᠲᠠᠲᠤ ᠢᠳᠡᠭᠡᠨ ᠢ ᠠᠮᠲᠠᠯᠠᠭᠤᠯᠵᠤ ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠪᠡᠶᠡᠴᠢᠯᠡᠨ ᠤᠶᠢᠯᠠᠭᠠᠭᠤᠯᠵᠤ ᠂ ᠥᠷᠭᠡᠨ | ᠣᠯᠠᠨ ᠬᠤᠲᠠ ᠶᠢᠨ ᠠᠷᠠᠳ ᠪᠠ ᠵᠤᠭᠠᠴᠠᠭᠴᠢ ᠳᠤ ᠵᠡᠭᠦᠨᠭᠠᠷ ᠬᠤᠰᠢᠭᠤᠨ ᠤ ᠭᠠᠶᠢᠬᠠᠮᠰᠢᠭ ᠢ ᠪᠥᠬᠦ ᠲᠠᠯ᠎ᠠ ᠪᠠᠷ ᠡᠳ᠋ᠯᠡᠭᠦᠯᠦᠭᠰᠡᠨ ᠪᠠᠶᠢᠨ᠎ᠠ ᠃ ᠲᠣᠰ ᠤᠳᠠᠭᠠᠨ ᠤ | ᠤᠬᠠᠭᠤᠯᠭ᠎ᠠ ᠲᠠᠨᠢᠯᠴᠠᠭᠤᠯᠭ᠎ᠠ ᠶᠢᠨ ᠠᠵᠢᠯᠯᠠᠭ᠎ᠠ ᠨᠢ ᠵᠡᠭᠦᠨᠭᠠᠷ ᠪᠣᠯᠣᠨ ᠭᠤᠸᠠᠩᠵᠧᠦ ᠬᠤᠶᠠᠷ ᠭᠠᠵᠠᠷ ᠲᠤ ᠰᠣᠶᠣᠯ ᠤᠨ ᠰᠣᠯᠢᠯᠴᠠᠭ᠎ᠠ ᠪᠠ ᠬᠠᠮᠲᠤᠷᠠᠯᠴᠠᠭᠠᠨ ᠤ | ᠬᠥᠭᠦᠷᠭᠡ ᠲᠠᠯᠪᠢᠵᠤ ᠥᠭᠭᠦᠭᠰᠡᠨ ᠪᠠᠶᠢᠨ᠎ᠠ ᠃ ᠵᠡᠭᠦᠨᠭᠠᠷ ᠬᠤᠰᠢᠭᠤ ᠡᠯᠪᠡᠭ ᠪᠠᠶᠠᠯᠢᠭ ᠵᠤᠭᠠᠴᠠᠯ ᠤᠨ ᠡᠬᠢ ᠪᠠᠶᠠᠯᠢᠭ ᠪᠣᠯᠣᠨ ᠬᠠᠯᠠᠭᠤᠮᠰᠤᠭ ᠵᠣᠴᠢᠨᠰᠠᠭ ᠠᠷᠠᠳ ᠤᠨ | ᠵᠠᠩ ᠤᠶᠢᠯᠡ ᠪᠠᠷ ᠢᠶᠠᠨ ᠨᠡᠩ ᠤᠯᠠᠨ ᠨᠠᠶᠢᠵᠢ ᠨᠠᠷ ᠢ ᠤᠷᠢᠵᠤ ᠡᠨᠡᠬᠦ ᠭᠠᠶᠢᠬᠠᠮᠰᠢᠭᠲᠤ ᠨᠤᠲᠤᠭ ᠳᠡᠪᠢᠰᠬᠡᠷ ᠳᠡᠭᠡᠷᠡᠬᠢ ᠦᠵᠡᠰᠬᠦᠯᠡᠩᠲᠦ ᠰᠠᠶᠢᠬᠠᠨ ᠪᠠ ᠳᠠᠳᠠᠬᠤ | ᠬᠦᠴᠤᠨ ᠢ ᠪᠡᠶᠡᠴᠢᠯᠡᠨ ᠡᠳ᠋ᠯᠡᠭᠦᠯᠬᠦ ᠪᠤᠯᠤᠨ᠎ᠠ᠃ | |