ᠣᠷᠳᠣᠰ ᠤᠨ ᠴᠢᠮᠡᠭᠲᠦ ᠲᠡᠷᠭᠡ ᠱᠠᠩᠬᠠᠢ ᠶᠢᠨ ᠵᠤᠭᠠᠴᠠᠯ ᠤᠨ ᠨᠠᠶᠢᠷ ᠲᠤ ᠣᠷᠣᠯᠴᠠᠬᠤ ᠪᠣᠯᠣᠨ᠎ᠠ
ᠨᠡᠶᠢᠲᠡᠯᠡᠭᠰᠡᠨ ᠴᠠᠭ᠄
2024/9/18
     ᠣᠶᠢᠷ᠎ᠠ ᠶᠢᠨ ᠡᠳᠦᠷ ᠂ ᠱᠠᠩᠬᠠᠢ ᠶᠢᠨ ᠵᠤᠭᠠᠴᠠᠯ ᠤᠨ ᠨᠠᠶᠢᠷ ᠤᠨ ᠴᠢᠮᠡᠭᠲᠦ ᠲᠡᠷᠭᠡ ᠪᠠᠷ ᠲᠣᠭᠤᠷᠢᠨ ᠦᠵᠡᠭᠦᠯᠬᠦ ᠠᠵᠢᠯᠯᠠᠭ᠎ᠠ ᠶᠢᠨ ᠨᠡᠶᠢᠲᠡᠯᠡᠬᠦ ᠬᠤᠷᠠᠯ ᠱᠠᠩᠬᠠᠢ ᠶᠢᠨ ᠲᠡᠦᠬᠡ ᠶᠢᠨ ᠮᠦᠽᠧᠢ ᠳᠤ ᠶᠠᠪᠤᠭᠳᠠᠵᠤ ᠂ ᠱᠠᠩᠬᠠᠢ ᠶᠢᠨ ᠵᠤᠭᠠᠴᠠᠯ ᠤᠨ ᠨᠠᠶᠢᠷ ᠤᠨ ᠴᠢᠮᠡᠭᠲᠦ ᠲᠡᠷᠭᠡ ᠪᠠᠷ ᠲᠣᠭᠤᠷᠢᠨ ᠦᠵᠡᠭᠦᠯᠬᠦ ᠪᠥᠬᠦ ᠪᠠᠶᠢᠳᠠᠯ ᠢ ᠲᠠᠨᠢᠯᠴᠠᠭᠤᠯᠪᠠ ᠃ ᠣᠷᠳᠣᠰ ᠬᠤᠲᠠ ᠠᠩᠬ᠎ᠠ ᠤᠳᠠᠭ᠎ᠠ ᠦᠵᠡᠰᠬᠦᠯᠡᠩ ᠳᠤ ᠣᠷᠣᠯᠴᠠᠬᠤ ᠬᠤᠲᠠ ᠪᠣᠯᠣᠭᠰᠠᠨ ᠤ ᠬᠤᠪᠢ ᠳᠤ ᠂ ᠱᠠᠩᠬᠠᠢ ᠂ ᠨᠠᠨᠵᠢᠩ ᠂ ᠰᠦᠵᠧᠦ ᠵᠡᠷᠭᠡ ᠬᠤᠲᠠ ᠶᠢᠨ 24 ᠭᠤᠣᠯ ᠰᠡᠳᠦᠪᠲᠦ ᠴᠢᠮᠡᠭᠲᠦ ᠲᠡᠷᠭᠡ ᠲᠠᠢ ᠬᠠᠮᠲᠤ ᠦᠵᠡᠭᠦᠯᠭᠡ ᠳᠤ ᠣᠷᠣᠯᠴᠠᠵᠤ ᠂ ᠱᠠᠩᠬᠠᠢ ᠶᠢᠨ ᠥᠷᠭᠡᠨ ᠤᠯᠠᠨ ᠬᠤᠲᠠ ᠶᠢᠨ ᠠᠷᠠᠳ ᠪᠣᠯᠣᠨ ᠤᠯᠤᠰ ᠤᠨ ᠲᠤᠳᠤᠭᠠᠳᠤ ᠭᠠᠳᠠᠭᠠᠳᠤ ᠶᠢᠨ ᠵᠤᠭᠠᠴᠠᠭᠰᠠᠳ ᠲᠤ ︽ ᠳᠤᠯᠠᠭᠠᠨ ᠬᠤᠲᠠ ︾ ᠣᠷᠳᠣᠰ ᠤᠨ ᠥᠪᠡᠷᠮᠢᠴᠡ ᠷᠢᠳᠢ ᠰᠢᠳᠢ ᠶᠢ ᠣᠶᠢᠯᠠᠭᠠᠭᠤᠯᠬᠤ ᠪᠣᠯᠣᠨ᠎ᠠ ᠃
    今日2(1).jpg    
今日2(2).jpg   
 
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ